ᠤᠢ᠍ᠢ᠍ᠷ᠎ᠠ᠎ᠳᠤ᠂ ᠪᠦᠬᠦ ᠤᠯᠤᠰ᠎ᠤᠨ ᠠᠩᠬᠠᠳᠠᠭᠴᠢ ᠲᠦᠷᠦ ᠵᠢᠨ ᠪᠤᠳᠤᠯᠭ᠎ᠠ ᠵᠢᠨ ᠴᠢᠨᠠᠷᠲᠠᠢ ᠨᠤᠲᠤᠭ ᠪᠡᠯᠴᠢᠭᠡᠷ᠎ᠤᠨ ᠳᠠᠭ᠋ᠠᠳᠬᠠᠯ᠎ᠤᠨ ᠭᠡᠷ᠎ᠡ ᠲᠣᠭᠲᠠᠬᠤ ᠶᠣᠰᠣᠯᠠᠯ ᠪᠠᠶᠠᠨᠨᠠᠭᠤᠷ ᠬᠤᠳᠠ ᠵᠢᠨ ᠤᠷᠠᠳ᠎ᠤᠨ ᠬᠤᠶ᠋ᠢᠲᠤ ᠬᠤᠰᠢᠭᠤᠨ᠎ᠳᠤ ᠶᠠᠪᠤᠭᠳᠠᠵᠤ᠂ ᠲᠤᠰ ᠬᠤᠰᠢᠭᠤᠨ᠎ᠤ ᠬᠥᠭᠡᠴᠢ ᠰᠤᠮᠤ ᠵᠢᠨ ᠪᠠᠯᠠᠠᠭᠤᠯᠠ ᠭᠠᠴᠠᠭ᠋ᠠᠨ᠎ᠤ 77 ᠡᠷᠦᠬᠡ ᠵᠢᠨ 115.7 ᠲᠦᠮᠡᠨ ᠮᠦ᠍ ᠨᠤᠲᠤᠭ ᠪᠡᠯᠴᠢᠭᠡᠷ ᠳᠠᠭ᠋ᠠᠳᠬᠠᠯ᠎ᠤᠨ ᠬᠠᠮᠠᠭ᠋ᠠᠯᠠᠯᠳᠠ᠎ᠲᠠᠢ ᠪᠤᠯᠪᠠ᠃ ᠤᠷᠠᠳ᠎ᠤᠨ ᠬᠤᠶ᠋ᠢᠲᠤ ᠬᠤᠰᠢᠭᠤᠨ᠎ᠤ ᠡᠨᠡ ᠬᠦ᠌ ᠲᠥᠷᠥ ᠵᠢᠨ ᠪᠣᠳᠣᠯᠭ᠎ᠠ ᠵᠢᠨ ᠴᠢᠨᠠᠷᠲᠠᠶ ᠨᠤᠲᠤᠭ ᠪᠡᠯᠴᠢᠭᠡᠷ᠎ᠤᠨ ᠳᠠᠭ᠋ᠠᠳᠬᠠᠯ᠎ᠤᠨ ᠲᠤᠷᠰᠢᠯᠲᠠ ᠵᠢᠨ ᠴᠡᠭ᠎ᠤᠨ ᠲᠥᠷᠥᠯ ᠵᠦᠢ᠍ᠯ᠎ᠨᠢ ᠪᠥᠬᠦ ᠤᠯᠤᠰ᠎ᠤᠨ ᠠᠩᠬᠠᠳᠠᠭᠴᠢ ᠵᠢᠱ᠌ᠢᠶ᠎ᠡ ᠪᠤᠯᠵᠤ ᠪᠣᠬᠢᠷᠲᠤᠯ ᠥᠬᠡᠶ ᠴᠢᠨᠠᠷ ᠰᠠᠶ᠋ᠢᠳᠠᠢ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠦᠢ᠍ᠯᠡᠳᠦᠯᠭᠡᠵᠢᠭᠦᠯᠦᠭᠰᠡᠨ ᠴᠣ᠌ ᠰᠢᠨ᠎ᠡ ᠲᠤᠷᠰᠢᠴᠠ ᠪᠤᠯᠤᠭᠰᠠᠨ ᠪᠠᠶ᠋ᠢᠨ᠎ᠠ᠃
ᠦᠪᠦᠷ ᠮᠤᠩᠭᠤᠯ᠎ᠢ 《ᠠᠷᠪᠠᠨ ᠵᠢᠯ᠎ᠤᠨ ᠬᠢᠨᠢ ᠶᠢᠰᠤᠨ ᠵᠢᠯ᠎ᠨᠢ ᠭᠠᠩ᠎ᠲᠠᠢ》 ᠬᠡᠳᠡᠭ᠃ ᠭᠠᠩ ᠬᠠᠭᠰᠠᠷᠠᠭ᠋ᠠᠨ᠂ ᠬᠤᠷᠤᠬᠠᠢ ᠰᠢᠪᠡᠵᠢ ᠬᠤᠯᠤᠭ᠋ᠠᠨ᠎ᠠ ᠵᠢᠨ ᠬᠦᠨᠦᠭᠡᠯ᠎ᠨᠢ ᠨᠤᠳᠤᠭ ᠪᠡᠯᠴᠢᠭᠡᠷ᠎ᠤᠨ ᠡᠪᠡᠰᠤᠨ᠎ᠤ ᠤᠷᠭᠤᠴᠠ ᠵᠢ ᠨᠦᠯᠦᠭᠡᠯᠡᠭᠰᠡᠨ ᠵᠶ᠋ᠠᠷ ᠪᠠᠷᠠᠬᠤ ᠦᠭᠡᠢ ᠮᠠᠯᠴᠢᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠢ ᠴᠦ᠍ ᠬᠦᠨᠳᠤ ᠨᠤᠴᠢᠳᠠᠢ ᠨᠦᠯᠦᠭᠡᠯᠡᠭᠰᠡᠬᠡᠷ ᠢᠷᠡᠵᠠᠢ᠃ ᠡᠬᠦᠨ᠎ᠳᠤ ᠤᠷᠠᠳ᠎ᠤᠨ ᠬᠤᠶ᠋ᠢᠲᠤ ᠬᠤᠰᠢᠭᠤ ᠢᠳᠡᠪᠬᠢᠳᠠᠢ ᠰᠦᠪᠡᠭᠴᠢᠯᠡᠯᠳᠡ ᠬᠢᠵᠤ᠂ ᠳᠠᠭ᠋ᠠᠳᠬᠠᠯ᠎ᠤᠨ ᠵᠠᠷᠤᠳᠠᠯ᠎ᠢ ᠣᠷᠣᠨ ᠨᠤᠲᠤᠭ᠎ᠤᠨ ᠡᠳ᠋᠎ᠤᠨ ᠵᠠᠰᠠᠭ᠎ᠠᠴᠠ ᠨᠥᠬᠦᠪᠥᠷᠢᠯᠡᠬᠦ ᠲᠥᠷᠥ ᠵᠢᠨ ᠪᠣᠳᠣᠯᠭ᠎ᠠ ᠵᠢᠨ ᠴᠢᠨᠠᠷᠲᠠᠶ ᠨᠤᠲᠤᠭ ᠪᠡᠯᠴᠢᠭᠡᠷ᠎ᠤᠨ ᠳᠠᠭ᠋ᠠᠳᠬᠠᠯ᠎ᠤᠨ ᠲᠤᠷᠰᠢᠯᠲᠠ ᠵᠢ ᠡᠬᠢᠯᠡᠬᠦᠯᠦᠭᠰᠡᠨ ᠪᠠᠶ᠋ᠢᠨ᠎ᠠ᠃ ᠡᠨᠡ ᠬᠦ᠌ ᠳᠠᠭ᠋ᠠᠳᠬᠠᠯ᠎ᠳᠤ ᠤᠷᠤᠬᠰᠠᠨ ᠮᠠᠯᠴᠢᠳ ᠬᠡᠷᠪᠡ ᠭᠠᠩ ᠬᠠᠭᠰᠠᠷᠠᠭ᠋ᠠᠨ᠂ ᠬᠤᠷᠣᠬᠠᠶ ᠰᠢᠪᠠᠵᠢ ᠬᠤᠯᠤᠭ᠋ᠠᠨ᠎ᠠ ᠵᠢᠨ ᠬᠥᠨᠥᠭᠡᠯ᠂ ᠡᠯᠡᠰᠦᠨ ᠰᠢᠭᠤᠷᠭ᠎ᠠ ᠪᠠ ᠲᠦᠢ᠍ᠮᠠᠷ᠎ᠤᠨ ᠭᠠᠮᠰᠢᠭ ᠵᠡᠷᠭᠡ ᠲᠦᠷᠪᠠᠨ ᠵᠦᠢ᠍ᠯ᠎ᠤᠨ ᠭᠠᠮᠰᠢᠭ ᠬᠥᠨᠥᠭᠡᠯ᠎ᠳᠤ ᠤᠴᠠᠷᠠᠪᠠᠯ ᠬᠠᠮᠤᠭ᠎ᠤᠨ ᠥᠨᠳᠥᠷ᠎ᠲᠡᠭᠡᠨ 2000 ᠭᠠᠷᠤᠶ ᠲᠦᠮᠡᠨ ᠲᠥᠭᠦᠷᠢᠭ᠎ᠤᠨ ᠳᠠᠭ᠋ᠠᠳᠬᠠᠯ᠎ᠤᠨ ᠪᠠᠲᠤᠯᠠᠭ᠎ᠠ ᠬᠦᠷᠲᠡᠬᠦ ᠪᠣᠯᠤᠨ᠎ᠠ᠃
《ᠪᠠᠯᠠᠠᠭᠤᠯᠠ ᠭᠠᠴᠠᠭ᠋ᠠᠨ᠎ᠤ 70 ᠭᠠᠷᠤᠢ ᠮᠠᠯᠵᠢᠬᠤ ᠡᠷᠦᠭᠡ ᠵᠢᠨ ᠳᠠᠭ᠋ᠠᠭ᠋ᠠᠴᠢᠯᠠᠬᠰᠠᠨ 99 ᠲᠦᠮᠡᠨ ᠮᠦ᠍ ᠨᠤᠳᠤᠭ ᠪᠡᠯᠴᠢᠭᠡᠷ ᠪᠤᠯᠤᠨ ᠭᠠᠴᠠᠭ᠋ᠠᠨ᠎ᠤ 16.7 ᠲᠦᠮᠡᠨ ᠮᠦ᠍ ᠬᠠᠮᠳᠤ ᠵᠢᠨ ᠬᠠᠳᠤᠯᠠᠩᠢ ᠳᠠᠭ᠋ᠠᠳᠬᠠᠯ᠎ᠳᠤ ᠤᠷᠤᠭᠤᠯᠵᠠᠢ᠂ ᠮᠦ᠍ ᠪᠦᠷᠢ᠎ᠳᠤ ᠲᠤᠰᠢᠶᠠᠬᠤ 1 ᠲᠦᠭᠦᠷᠢᠭ᠎ᠤᠨ ᠳᠠᠭ᠋ᠠᠳᠬᠠᠯ᠎ᠤᠨ ᠮᠦᠩᠭᠦ᠎ᠠᠴᠠ ᠮᠠᠯᠵᠢᠬᠤ ᠡᠷᠦᠭᠡ 0.1 ᠲᠦᠭᠦᠷᠢᠭ᠎ᠢ ᠬᠠᠷᠢᠭᠤᠴᠠᠵᠤ᠂ ᠬᠤᠰᠢᠭᠤᠨ᠎ᠤ ᠡᠳ᠋᠎ᠤᠨ ᠵᠠᠰᠠᠭ᠎ᠠᠴᠠ 0.9 ᠲᠦᠭᠦᠷᠢᠭ᠎ᠢ᠎ᠨᠢ ᠤᠷᠤᠯᠠᠨ ᠳᠤᠰᠢᠶᠠᠪᠠ᠂ ᠮᠠᠯᠴᠢᠳ᠎ᠤᠨ ᠨᠤᠳᠤᠭ ᠪᠡᠯᠴᠢᠭᠡᠷ ᠭᠠᠮᠰᠢᠭᠳᠠᠪᠠᠯ ᠮᠦ᠍ ᠪᠦᠷᠢ᠎ᠳᠤ ᠬᠠᠮᠤᠭ᠎ᠤᠨ ᠠᠷᠪᠢᠨ᠎ᠳᠠᠭᠠᠨ 20 ᠲᠦᠭᠦᠷᠢᠭ᠎ᠤᠨ ᠳᠠᠭ᠋ᠠᠳᠬᠠᠯ᠎ᠤᠨ ᠲᠦᠯᠦᠪᠦᠷᠢ ᠤᠯᠭᠤᠬᠤ ᠪᠤᠯᠤᠨ᠎ᠠ᠃ ᠨᠢᠭᠡ ᠵᠢᠯ᠎ᠤᠨ ᠳᠤᠷᠰᠢᠯᠳᠠ ᠵᠢᠨ ᠴᠡᠭ᠎ᠤᠨ ᠠᠵᠢᠯ᠎ᠤᠨ ᠪᠠᠶ᠋ᠢᠳᠠᠯ᠎ᠢ ᠦᠨᠳᠦᠰᠤᠯᠡᠨ ᠢᠷᠡᠭᠦ ᠵᠢᠯ᠎ᠳᠤ ᠪᠦᠬᠦ ᠬᠤᠰᠢᠭᠤᠨ᠎ᠤ 3634 ᠲᠦᠮᠡᠨ ᠮᠦ᠍ ᠨᠤᠳᠤᠭ ᠪᠡᠯᠴᠢᠭᠡᠷ᠎ᠠᠴᠠ 600 ᠲᠦᠮᠡ ᠰᠢᠬᠠᠮ ᠮᠦ᠍ ᠵᠢ᠎ᠨᠢ ᠳᠠᠭ᠋ᠠᠳᠬᠠᠯ᠎ᠳᠤ ᠤᠷᠤᠭᠤᠯᠬᠤ᠎ᠪᠠᠷ ᠲᠦᠯᠦᠪᠯᠡᠵᠤ ᠪᠤᠢ》 ᠭᠡᠵᠤ ᠤᠷᠠᠳ᠎ᠤᠨ ᠬᠤᠶ᠋ᠢᠳᠤ ᠬᠤᠰᠢᠭᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠳᠤᠪᠴᠢᠶᠠᠨ᠎ᠤ ᠳᠡᠳ᠋ ᠳᠠᠷᠤᠭ᠎ᠠ ᠶᠠᠩ ᠱ᠌ᠢ ᠫᠢᠩ ᠰᠤᠷᠪᠤᠯᠵᠢᠯᠠᠭᠴᠢ᠎ᠳᠤ ᠳᠠᠨᠢᠯᠴᠠᠭᠤᠯᠤᠨ᠎ᠠ᠃
ᠮᠠᠨ᠎ᠤ ᠤᠷᠤᠨ᠎ᠤ ᠠᠰᠢᠬᠯᠠᠵᠤ ᠪᠤᠯᠬᠤ ᠨᠤᠳᠤᠭ ᠪᠡᠯᠴᠢᠬᠡᠷ᠎ᠤᠨ ᠬᠤᠷ᠎ᠠ ᠲᠤᠨᠳᠠᠰᠤᠨ᠎ᠤ ᠬᠡᠮᠵᠢᠶ᠎ᠡ᠎ᠪᠠᠷ ᠪᠠᠭ᠎ᠠ᠂ ᠠᠮᠢ ᠠᠬᠤᠢ ᠵᠢᠨ ᠰᠢᠰᠲ᠋ᠧᠮ ᠬᠡᠪᠡᠷᠡᠭ ᠪᠤᠯᠬᠤᠷ ᠡᠪᠳᠡᠭᠳᠡᠭᠰᠡᠬᠡᠷ ᠰᠡᠷᠭᠦᠬᠦ᠎ᠳᠤ ᠬᠦᠴᠢᠷ ᠮᠦᠷᠳᠡᠭᠡᠨ ᠰᠡᠷᠭᠦᠬᠦ ᠦᠶᠡᠯᠡᠯ᠎ᠤᠨ ᠬᠤᠭᠤᠴᠠᠭ᠎ᠠ᠎ᠨᠢ ᠴᠦ᠍ ᠤᠷᠲᠤ ᠪᠠᠶ᠋ᠢᠳᠠᠭ᠃ 2018 ᠣᠨ᠎ᠳᠤ ᠳᠤᠮᠳᠠᠳᠤ ᠤᠯᠤᠰ᠎ᠤᠨ ᠠᠷᠠᠳ᠎ᠤᠨ ᠳᠠᠭ᠋ᠠᠳᠬᠠᠯ᠎ᠤᠨ ᠡᠳ᠋ ᠬᠦᠷᠦᠩᠭᠡ ᠵᠢᠨ ᠳᠠᠭ᠋ᠠᠳᠬᠠᠯ᠎ᠤᠨ ᠶᠡᠷᠦᠩᠬᠡᠢ ᠺᠤᠮᠫᠠᠨᠢ ᠵᠢᠨ ᠥᠪᠥᠷ ᠮᠣᠩᠭᠤᠯ᠎ᠳᠠᠬᠢ ᠬᠤᠪᠢᠶᠠᠷᠢ ᠺᠣᠮᠫᠠᠨᠢ᠎ᠨᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠪᠥᠬᠦ ᠣᠷᠣᠨ᠎ᠤ ᠬᠡᠪᠴᠢᠶᠡᠨ᠎ᠳᠤ ᠨᠤᠲᠤᠭ ᠪᠡᠯᠴᠢᠭᠡᠷ᠎ᠤᠨ ᠳᠠᠭ᠋ᠠᠳᠬᠠᠯ ᠥᠷᠨᠢᠭᠦᠯᠬᠦ ᠲᠤᠰᠬᠠᠶ ᠰᠡᠳᠦᠪᠲᠦ ᠰᠠᠨᠠᠭᠤᠯᠭ᠎ᠠ ᠳᠤᠷᠠᠳᠴᠠᠢ᠃ ᠳᠠᠷᠠᠭ᠎ᠠ᠎ᠨᠢ ᠳᠤᠰ ᠺᠣᠮᠫᠠᠨᠢ ᠪᠣᠯᠤᠨ ᠦᠪᠡᠷᠳᠡᠭᠡᠨ ᠵᠠᠰᠠᠬᠤ ᠤᠷᠤᠨ᠎ᠤ ᠴᠠᠭ ᠠᠭᠤᠷ᠎ᠤᠨ ᠲᠣᠪᠴᠢᠶ᠎ᠠ ᠨᠤᠲᠤᠭ ᠪᠡᠯᠴᠢᠭᠡᠷ᠎ᠤᠨ ᠳᠠᠭ᠋ᠠᠳᠬᠠᠯ᠎ᠤᠨ ᠰᠤᠳᠤᠯᠭ᠋ᠠᠨ᠎ᠢ ᠬᠤᠶᠠᠷ ᠲᠠᠯ᠎ᠠ ᠵᠢᠨ 《ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ》᠎ᠲᠤ ᠣᠷᠣᠭᠤᠯᠪᠠ᠃ ᠡᠨᠡ ᠵᠢᠯ᠎ᠤᠨ 8 ᠰᠠᠷ᠎ᠠ᠎ᠳᠤ᠂ ᠲᠤᠰ ᠬᠤᠪᠢᠶᠠᠷᠢ ᠺᠣᠮᠫᠠᠨᠢ ᠵᠢᠨ᠎ᠬᠢᠨ ᠤᠯᠤᠰ ᠪᠠ ᠦᠪᠡᠷᠳᠡᠭᠡᠨ ᠵᠠᠰᠠᠬᠤ ᠤᠷᠤᠨ᠎ᠤ ᠬᠠᠮᠢᠶ᠎ᠠ ᠪᠦᠬᠦᠢ ᠬᠠᠷᠢᠭᠤᠴᠠᠯᠭ᠋ᠠᠲᠠᠨ ᠪᠣᠯᠤᠨ ᠲᠤᠰᠬᠠᠶ ᠮᠡᠷᠭᠡᠵᠢᠯᠲᠡᠨ ᠡᠷᠳᠡᠮᠲᠡᠳ᠎ᠢ ᠤᠷᠢᠵᠤ᠂ ᠥᠪᠥᠷ ᠮᠣᠩᠭᠤᠯ᠎ᠤᠨ ᠨᠤᠲᠤᠭ ᠪᠡᠯᠴᠢᠭᠡᠷ᠎ᠤᠨ ᠶᠡᠷᠦᠩᠬᠡᠶ᠋ᠢᠯᠡᠭᠰᠡᠨ ᠳᠠᠭ᠋ᠠᠳᠬᠠᠯ᠎ᠤᠨ ᠲᠤᠷᠰᠢᠯᠲᠠ ᠵᠢᠨ ᠴᠡᠭ᠎ᠤᠨ ᠠᠵᠢᠯ᠎ᠤᠨ ᠲᠥᠰᠦᠯ᠎ᠳᠤ ᠬᠢᠨᠠᠨ ᠲᠣᠭᠲᠠᠭ᠋ᠠᠯᠲᠠ ᠬᠢᠵᠤ᠂ ᠤᠷᠠᠳ᠎ᠤᠨ ᠬᠤᠶ᠋ᠢᠲᠤ ᠬᠤᠰᠢᠭᠤᠨ᠎ᠳᠤ ᠲᠥᠷᠥ ᠵᠢᠨ ᠪᠣᠳᠣᠯᠭ᠎ᠠ ᠵᠢᠨ ᠴᠢᠨᠠᠷᠲᠠᠶ ᠨᠤᠲᠤᠭ ᠪᠡᠯᠴᠢᠭᠡᠷ᠎ᠤᠨ ᠳᠠᠭ᠋ᠠᠳᠬᠠᠯ᠎ᠤᠨ ᠲᠤᠷᠰᠢᠯᠲᠠ ᠵᠢ ᠬᠡᠷᠡᠭᠵᠢᠭᠦᠯᠬᠦ᠎ᠪᠠᠷ ᠲᠣᠭᠲᠠᠵᠤ᠂ ᠪᠤᠳᠠᠳᠠᠢ᠎ᠳᠤ ᠨᠠᠶ᠋ᠢᠳᠠᠪᠤᠷᠢᠵᠢᠭᠤᠯᠤᠭᠰᠠᠨ ᠪᠠᠶ᠋ᠢᠨ᠎ᠠ᠃