ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠬᠦᠬᠡᠬᠤᠲᠠ ᠬᠠᠲᠤᠨ ᠭᠤᠤᠯ᠎ᠤᠨ ᠶᠡᠭᠡ ᠬᠠᠪᠴᠢᠯ᠎ᠤᠨ ᠰᠣᠶᠣᠯ ᠪᠠ ᠵᠢᠭᠤᠯᠴᠢᠯᠠᠯ᠎ᠢ ᠠᠭᠤᠰᠤᠯᠴᠠᠭᠤᠯᠤᠭᠰᠠᠨ ᠨᠠᠷᠠᠲᠤ ᠲᠡᠮᠳᠡᠭ᠎ᠤᠨ ᠵᠠᠮ ᠱᠤᠭᠤᠮ᠎ᠢ ᠬᠦᠴᠦᠯᠡᠨ ᠪᠠᠶ᠋ᠢᠭᠤᠯᠵᠤ ᠪᠣᠢ
ᠨᠡᠶ᠋ᠢᠲᠡᠯᠡᠭᠰᠡᠨ ᠴᠠᠭ᠄ 2020-06-23

     6 ᠳ᠋ᠤᠭ᠋ᠠᠷ ᠰᠠᠷ᠎ᠠ ᠵᠢᠨ 17᠎ᠠᠴᠠ 18᠎ᠤ ᠡᠳᠦᠷ ᠪᠣᠯᠲᠠᠯ᠎ᠠ᠂ ᠬᠥᠬᠡᠬᠤᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠬᠠᠮᠢᠶ᠎ᠠ ᠪᠥᠬᠦᠶ ᠵᠠᠭᠤᠴᠢᠯᠠᠭᠤᠷ ᠵᠢᠴᠢ ᠵᠢᠭᠤᠯᠴᠢᠯᠠᠯ᠎ᠤᠨ ᠦᠢ᠍ᠯᠡᠴᠢᠯᠡᠭᠡᠨ᠎ᠤ ᠭᠠᠵᠠᠷ᠎ᠤᠳ᠎ᠢ ᠵᠣᠬᠢᠶᠠᠨ ᠪᠠᠶ᠋ᠢᠭᠤᠯᠵᠤ ᠬᠠᠲᠤᠨ ᠭᠤᠤᠯ᠎ᠤᠨ ᠶᠡᠭᠡ ᠬᠠᠪᠴᠢᠯ᠎ᠤᠨ ᠰᠣᠶᠣᠯ ᠪᠠ ᠵᠢᠭᠤᠯᠴᠢᠯᠠᠯ᠎ᠢ ᠠᠭᠤᠰᠤᠯᠴᠠᠭᠤᠯᠤᠭᠰᠠᠨ ᠨᠠᠷᠠᠲᠤ ᠲᠡᠮᠳᠡᠭ᠎ᠤᠨ ᠵᠠᠮ ᠱᠤᠭᠤᠮ᠎ᠢ ᠲᠤᠷᠰᠢᠨ ᠪᠠᠶ᠋ᠢᠴᠠᠭ᠋ᠠᠬᠤ ᠠᠵᠢᠯᠯᠠᠭ᠎ᠠ ᠵᠢ ᠥᠷᠨᠢᠭᠦᠯᠪᠡ᠃ ᠲᠤᠰ ᠤᠳᠠᠭ᠋ᠠᠨ᠎ᠤ ᠠᠵᠢᠯᠯᠠᠭ᠎ᠠ ᠵᠢᠨ ᠵᠣᠷᠢᠯᠭ᠎ᠠ᠎ᠨᠢ ᠲᠤᠬᠠᠶ ᠵᠢᠨ ᠭᠠᠵᠠᠷ᠎ᠲᠤ᠎ᠨᠢ ᠪᠡᠶᠡᠴᠢᠯᠡᠨ ᠣᠶ᠋ᠢᠯᠠᠭ᠋ᠠᠵᠤ ᠰᠣᠷᠪᠣᠯᠵᠢᠯᠠᠬᠤ᠎ᠪᠠᠷ ᠳᠠᠮᠵᠢᠨ᠂ ᠣᠷᠣᠨ᠎ᠤ ᠲᠥᠪ ᠣᠷᠣᠨ᠎ᠤ ᠬᠠᠳᠤᠨ ᠭᠤᠣᠯ᠎ᠤᠨ ᠰᠣᠶᠣᠯ ᠬᠢᠭᠡᠳ ᠲᠠᠯ᠎ᠠ ᠨᠤᠲᠤᠭ᠎ᠤᠨ ᠰᠣᠶᠣᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠰᠣᠶᠣᠯ ᠵᠢᠭᠤᠯᠴᠢᠯᠠᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠶᠠᠪᠤᠳᠠᠯ ᠪᠣᠯᠣᠨ᠎ᠠ᠃ ᠲᠤᠰ ᠱᠤᠭᠤᠮ᠎ᠳᠤ ᠭᠤᠣᠯᠳᠠᠭᠤ ᠮᠢᠩ ᠤᠯᠤᠰ᠎ᠤᠨ ᠤᠷᠲᠤ ᠴᠠᠭ᠋ᠠᠨ ᠬᠡᠷᠡᠮ᠎ᠤᠨ ᠰᠢᠶᠣᠤ ᠶᠤᠸᠠᠨ ᠮᠤᠤ ᠵᠢᠨ ᠬᠡᠰᠡᠭ — ᠯᠣᠤ ᠨᠢᠤ ᠫᠦᠸᠧ ᠵᠢᠨ ᠬᠤᠪᠢᠰᠬᠠᠯ᠎ᠤᠨ ᠰᠣᠶᠣᠯ ᠵᠢᠭᠤᠯᠴᠢᠯᠠᠯ᠎ᠤᠨ ᠣᠷᠣᠨ — ᠴᠢᠩ ᠯᠦᠩ ᠳ᠋ᠦᠩ᠎ᠤᠨ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠵᠢᠭ᠋ᠠᠨ ᠰᠤᠷᠭ᠋ᠠᠬᠤ ᠴᠡᠭ — ᠯᠣᠤ ᠨᠢᠤ ᠸᠠᠨ ᠬᠠᠲᠤᠨ ᠭᠤᠤᠯ᠎ᠤᠨ ᠶᠡᠭᠡ ᠬᠠᠪᠴᠢᠯ᠎ᠤᠨ ᠦᠵᠡᠮᠵᠢ ᠵᠢᠨ ᠣᠷᠣᠨ᠎ᠢ ᠪᠠᠭᠲᠠᠭ᠋ᠠᠵᠤ᠂ ᠬᠠᠲᠤᠨ ᠭᠤᠤᠯ᠎ᠤᠨ ᠰᠣᠶᠣᠯ᠂ ᠬᠤᠪᠢᠰᠬᠠᠯᠲᠤ ᠰᠣᠶᠣᠯ ᠪᠣᠯᠤᠨ ᠠᠮᠢ ᠠᠬᠤᠶ ᠵᠢᠨ ᠰᠣᠶᠣᠯ᠎ᠢ ᠲᠥᠪᠯᠡᠷᠡᠭᠦᠯᠦᠨ ᠬᠠᠷᠠᠭᠤᠯᠬᠤ ᠪᠣᠯᠣᠨ᠎ᠠ᠃ ᠤᠯᠤᠰ᠎ᠤᠨ 4A ᠲᠡᠰ᠎ᠤᠨ ᠦᠵᠡᠮᠵᠢ ᠵᠢᠨ ᠣᠷᠣᠨ ᠪᠣᠯᠬᠤ ᠯᠣᠤ ᠨᠢᠤ ᠸᠠᠨ᠎ᠤ ᠬᠠᠳᠤᠨ ᠭᠤᠤᠯ᠎ᠤᠨ ᠶᠡᠭᠡ ᠬᠠᠪᠴᠢᠯ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠨᠢ ᠡᠨᠡ ᠬᠦ᠌ ᠵᠢᠭᠤᠯᠴᠢᠯᠠᠯ᠎ᠤᠨ ᠱᠤᠭᠤᠮ ᠳᠡᠭᠡᠷ᠎ᠡ ᠭᠡᠷᠡᠯᠲᠦ ᠰᠣᠪᠣᠳ ᠪᠣᠯᠣᠨ ᠭᠢᠯᠠᠯᠵᠠᠨ᠎ᠠ᠃ 30 ᠭᠠᠷᠤᠶ ᠺᠢᠯᠣᠮᠧᠳ᠋ᠷ ᠦᠷᠭᠦᠯᠵᠢᠯᠡᠭᠰᠡᠨ ᠶᠡᠭᠡ ᠬᠠᠪᠴᠢᠯ᠎ᠤᠨ ᠬᠡᠰᠡᠭ᠎ᠤᠨ ᠬᠤᠶᠠᠷ ᠡᠷᠭᠢ᠎ᠳᠤ ᠰᠣᠨᠢᠨ ᠣᠷᠭᠢᠯ ᠰᠡᠬᠦ᠋ᠢ᠍ᠨ ᠰᠦᠨᠳᠡᠷᠯᠡᠵᠦ᠂ ᠡᠷᠲᠡᠨ᠎ᠤ ᠰᠣᠶᠣᠯ᠎ᠤᠨ ᠤᠯᠠ ᠮᠥᠷ ᠳᠤᠷᠠᠶ᠋ᠢᠵᠤ᠂ ᠪᠠᠶ᠋ᠢᠭ᠋ᠠᠯᠢ ᠪᠣᠯᠣᠨ ᠬᠥᠮᠦᠨ ᠰᠣᠶᠣᠯ᠎ᠤᠨ ᠦᠵᠡᠮᠵᠢ᠎ᠨᠢ ᠡᠲᠡᠭᠡᠳ ᠭᠤᠶᠣᠬᠠᠨ᠂ ᠲᠡᠤᠬᠡ ᠰᠣᠶᠣᠯ᠎ᠤᠨ ᠢᠵᠠᠭᠤᠷ ᠭᠦᠨ ᠬᠠᠳᠠᠭ᠋ᠠᠯᠠᠭᠳᠠᠵᠤ ᠪᠠᠶ᠋ᠢᠳᠠᠭ ᠵᠶ᠋ᠠᠷ ᠵᠶ᠋ᠠᠨ ᠵᠢᠭᠤᠯᠴᠢᠯᠠᠭᠴᠢᠳ᠎ᠤᠨ ᠰᠡᠳᠬᠢᠯ ᠰᠠᠨᠠᠭ᠎ᠠ᠎ᠪᠠᠨ ᠲᠠᠶ᠋ᠢᠪᠤᠰᠢᠷᠠᠭᠤᠯᠬᠤ ᠰᠠᠶ᠋ᠢᠬᠠᠨ ᠦᠵᠡᠮᠵᠢᠲᠦ ᠣᠷᠣᠨ ᠪᠣᠯᠤᠨ᠎ᠠ᠃ ᠣᠶ᠋ᠢᠷ᠎ᠠ ᠵᠢᠨ ᠵᠢᠯ᠎ᠤᠨ ᠲᠤᠷᠰᠢ᠂ ᠲᠤᠬᠠᠶ ᠵᠢᠨ ᠭᠠᠵᠠᠷ᠎ᠤᠨ ᠣᠯᠠᠨ ᠲᠦᠮᠡᠨ ᠡᠯᠪᠡᠭ ᠪᠠᠶᠠᠯᠢᠭ ᠰᠣᠶᠣᠯ ᠵᠢᠭᠤᠯᠴᠢᠯᠠᠯ᠎ᠤᠨ ᠡᠬᠢ ᠪᠠᠶᠠᠯᠢᠭ ᠵᠶ᠋ᠠᠨ ᠠᠰᠢᠭᠯᠠᠨ᠂ ᠲᠠᠷᠢᠶᠠᠴᠢᠨ ᠠᠶ᠋ᠢᠯ᠎ᠤᠨ ᠵᠢᠭᠤᠯᠴᠢᠯᠠᠯ᠎ᠢ ᠶᠡᠬᠡᠪᠡᠷ ᠬᠥᠭᠵᠢᠭᠦᠯᠵᠦ᠂ ᠰᠣᠶᠣᠯ ᠵᠢᠭᠤᠯᠴᠢᠯᠠᠯ᠎ᠤᠨ ᠰᠢᠷᠢᠰ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠵᠦ᠂ ᠬᠥᠬᠡ ᠠᠭᠤᠯᠠ ᠬᠥᠬᠡᠮᠳᠦᠭ ᠤᠰᠤ ᠵᠢ ᠠᠯᠲᠠ ᠮᠥᠩᠭᠦᠨ ᠠᠭᠤᠯᠠ ᠤᠰᠤ ᠪᠣᠯᠭ᠋ᠠᠨ ᠬᠤᠪᠢᠷᠠᠭᠤᠯᠪᠡ᠃ 《ᠪᠢᠳᠡ ᠵᠢᠯ ᠪᠦᠷᠢ ᠳᠤᠮᠳᠠᠴᠢ᠎ᠪᠠᠷ ᠲᠦᠮᠡ ᠭᠠᠷᠤᠶ ᠵᠢᠭᠤᠯᠴᠢᠯᠠᠭᠴᠢᠳ᠎ᠢ ᠭᠥᠯᠢᠶᠡᠨ ᠠᠪᠴᠤ᠂ 30 ᠲᠦᠮᠡᠨ ᠲᠥᠭᠦᠷᠢᠭ ᠣᠷᠴᠢᠮ ᠣᠷᠣᠯᠭ᠎ᠠ ᠣᠯᠵᠤ ᠪᠠᠶ᠋ᠢᠨ᠎ᠠ》 ᠬᠡᠮᠡᠨ ᠯᠣᠤ ᠨᠢᠤ ᠸᠠᠨ ᠲᠣᠰᠬᠤᠨ᠎ᠤ ᠸᠧᠨ ᠴᠢᠩ ᠲᠠᠷᠢᠶᠠᠴᠢᠨ ᠠᠶ᠋ᠢᠯ᠎ᠤᠨ ᠬᠦᠷᠢᠶᠡᠯᠡᠩ᠎ᠤᠨ ᠬᠠᠷᠢᠭᠤᠴᠠᠯᠭ᠋ᠠᠲᠠᠨ ᠯᠢ ᠸᠧᠨ ᠴᠢᠩ ᠲᠠᠨᠢᠯᠴᠠᠭᠤᠯᠪᠠ᠃

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠣ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠡᠭᠡᠵᠢᠩ ᠲᠢᠶᠠᠨᠵᠢᠨ᠎ᠠᠴᠠ ᠬᠠᠮᠤᠭ᠎ᠤᠨ ᠤᠶ᠋ᠢᠷ᠎ᠠ 《ᠶᠡᠭᠡ ᠡᠯᠡᠰᠤᠨ ᠬᠤᠲᠣᠭᠤᠷ》᠎ᠤᠨ ᠡᠷᠬᠢᠯᠲᠡ ᠬᠤᠪᠢᠷᠠᠯᠲᠠ
ᠤᠯᠠᠭ᠋ᠠᠨᠬᠣᠲᠠ ᠵᠢᠨ ᠣᠶ ᠰᠢᠭᠤᠶ ᠪᠠ ᠨᠤᠳᠤᠭ ᠪᠡᠯᠴᠢᠭᠡᠷ᠎ᠤᠨ ᠲᠣᠪᠴᠢᠶ᠎ᠠ ᠣᠶ᠋ᠢᠲᠤ ᠭᠠᠵᠠᠷ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠣᠶ᠋ᠢᠲᠤ ᠭᠠᠵᠠᠷ᠎ᠤᠨ ᠬᠤᠷᠤᠭᠳᠠᠯ᠎ᠢ ᠰᠡᠷᠭᠡᠢ᠌ᠯᠡᠵᠦ ᠪᠤᠢ
ᠨᠤᠲᠤᠭ ᠪᠡᠯᠴᠢᠭᠡᠷ᠎ᠤᠨ ᠴᠠᠷᠴᠠᠬᠠᠢ ᠵᠢ ᠤᠰᠠᠳᠬᠠᠪᠠ
ᠬᠠᠨ ᠠᠭᠤᠯᠠ ᠵᠢᠨ ᠤᠡᠭᠭᠤᠨ ᠲᠥᠷᠬᠦ ᠰᠡᠷᠬᠦᠵᠥ 2100 ᠭᠠᠷᠤᠢ ᠬᠦᠮᠦᠨ ᠠᠷᠠᠳ ᠪᠠᠶᠠᠵᠢᠯ᠎ᠤᠨ ᠵᠠᠮ ᠵᠶ᠋ᠠᠨ ᠡᠯᠬᠦᠯ᠎ᠠ
ᠪᠤᠭᠤᠲᠤ ᠬᠣᠲᠠ ᠨᠤᠳᠤᠭ ᠪᠡᠯᠴᠢᠭᠡᠷ᠎ᠤᠨ ᠴᠠᠷᠴᠠᠬᠠᠶ ᠵᠢ ᠰᠡᠷᠭᠡᠶ᠋ᠢᠯᠡᠨ ᠡᠵᠡᠮᠳᠡᠬᠦ ᠠᠵᠢᠯ᠎ᠢ ᠡᠮᠬᠢ ᠵᠢᠷᠤᠮ᠎ᠲᠠᠢ᠎ᠪᠠᠷ ᠶᠠᠪᠤᠭᠳᠠᠭᠤᠯᠵᠤ ᠪᠣᠶ
 
             蒙ICP备05000248号