ᠮᠢᠩᠭ᠋ᠠᠨ ᠭᠠᠵᠠᠷ ᠬᠠᠯᠴᠠᠭ᠋ᠠᠶ᠋ᠢᠷᠠᠨ ᠰᠢᠷ᠎ᠠ ᠲᠣᠭᠤᠰᠤ ᠮᠠᠨᠠᠷᠠᠵᠦ᠂ ᠬᠡᠳᠦᠬᠡᠨ ᠪᠦᠭᠳᠦᠭᠡᠷ ᠬᠠᠶ᠋ᠢᠯᠠᠰᠤ᠂ ᠬᠡᠳᠤᠬᠡᠨ ᠪᠣᠳᠠ ᠡᠪᠡᠰᠦ᠎ᠨᠢ ᠨᠡᠯᠦᠭᠡᠷ ᠶᠡᠭᠡ ᠡᠯᠡᠰᠦᠨ ᠳᠠᠯᠠᠢ᠎ᠳᠤ ᠮᠠᠨᠠᠭᠤᠯ ᠮᠡᠲᠦ ᠭᠤᠩᠰᠤᠶ᠋ᠢᠨᠠᠮ᠃ 20 ᠵᠢᠯ᠎ᠤᠨ ᠡᠮᠦᠨ᠎ᠡ᠂ ᠶᠡᠭᠡ ᠭᠤᠪᠢ ᠵᠢᠨ ᠰᠠᠯᠬᠢ ᠲᠤᠭᠤᠰᠤ ᠲᠡᠭᠷᠢ ᠲᠤᠯᠤᠮ᠎ᠠ ᠳᠡᠭᠳᠡᠵᠦ᠂ ᠡᠭᠦᠨ᠎ᠠᠴᠠ ᠡᠭᠦᠰᠦᠭᠰᠡᠨ ᠡᠯᠡᠰᠦᠨ ᠰᠢᠭᠤᠷᠭᠠᠨ᠎ᠢ ᠤᠮᠠᠷᠠᠲᠤ ᠣᠷᠣᠨ᠂ ᠪᠡᠭᠡᠵᠢᠩ ᠲᠢᠶᠠᠨᠵᠢ᠎ᠨᠢ ᠪᠠᠶ᠋ᠢᠨ ᠳᠠᠬᠢᠨ ᠳᠠᠭ᠋ᠠᠷᠢᠵᠦ ᠪᠠᠶ᠋ᠢᠯ᠎ᠠ᠃ ᠡᠨᠡ ᠪᠣᠯ ᠳᠠᠷᠤᠢ ᠬᠤᠯᠠᠨ ᠰᠢᠷᠭ᠎ᠠ ᠳᠠᠭ᠎ᠠ ᠵᠢᠨ ᠮᠠᠩᠬᠠᠨ ᠭᠠᠵᠠᠷ ᠪᠣᠯᠣᠨ᠎ᠠ᠃ ᠪᠡᠭᠡᠵᠢᠩ᠎ᠠᠴᠠ ᠵᠥᠪᠬᠡᠨ 180 ᠺᠢᠯᠤᠮᠸᠲᠷ ᠵᠠᠶ᠋ᠢᠲᠠᠶ ᠪᠣᠯᠬᠤᠷ ᠪᠡᠭᠡᠵᠢᠩ᠂ ᠲᠢᠶᠠᠨᠵᠢᠨ᠎ᠠᠴᠠ ᠬᠠᠮᠤᠭ᠎ᠤᠨ ᠣᠶ᠋ᠢᠷ᠎ᠠ 《ᠶᠡᠭᠡ ᠡᠯᠡᠰᠤᠨ ᠬᠤᠲᠣᠭᠤᠷ》 ᠭᠡᠵᠦ ᠨᠡᠷᠡᠯᠡᠭᠳᠡᠵᠡᠶ᠃
ᠠᠮᠢ ᠠᠬᠤᠶ ᠮᠠᠭᠤᠳᠠᠵᠤ ᠪᠠᠶ᠋ᠢᠭ᠎ᠠ ᠪᠠᠶ᠋ᠢᠳᠠᠯ᠎ᠢ ᠬᠤᠪᠢᠷᠠᠭᠤᠯᠬᠤ ᠵᠢᠨ ᠲᠥᠯᠥᠭᠡ᠂ 20 ᠵᠢᠯ᠎ᠤᠨ ᠲᠤᠷᠰᠢ᠂ ᠤᠯᠤᠰ᠎ᠤᠨ ᠠᠮᠢ ᠠᠬᠤᠶ ᠵᠢᠨ ᠬᠠᠮᠠᠭ᠋ᠠᠯᠠᠯᠲᠠ ᠪᠦᠳᠦᠭᠡᠨ ᠪᠠᠶ᠋ᠢᠭᠤᠯᠤᠯᠲᠠ ᠵᠢᠨ ᠠᠯᠢ ᠤᠯᠠᠨ ᠭᠤᠤᠯᠳᠠᠯᠭ᠎ᠠ᠎ᠲᠠᠢ ᠢᠨᠵᠧᠨᠧᠷᠢᠩ᠎ᠢ ᠬᠡᠷᠡᠭᠵᠢᠭᠦᠯᠪᠡ᠃ ᠣᠷᠣᠨ ᠨᠤᠲᠤᠭ᠎ᠤᠨ᠎ᠬᠢᠨ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠵᠤ᠂ ᠪᠢᠳᠡᠭᠦᠮᠵᠢᠯᠡᠨ ᠪᠡᠯᠴᠢᠭᠡᠷᠯᠡᠭᠦᠯᠬᠦ ᠵᠢ ᠵᠤᠭᠰᠤᠭ᠋ᠠᠬᠤ᠂ ᠮᠠᠯ ᠪᠡᠯᠴᠢᠭᠡᠷ᠎ᠤᠨ ᠲᠡᠩᠴᠡᠭᠦᠷᠢ ᠵᠢ ᠪᠠᠲᠤᠯᠠᠬᠤ᠂ ᠰᠡᠯᠭᠦᠨ ᠮᠠᠯᠵᠢᠵᠦ ᠪᠡᠯᠴᠢᠭᠡᠷ ᠠᠮᠠᠷᠠᠭ᠋ᠠᠬᠤ ᠵᠡᠷᠭᠡ ᠠᠷᠭ᠎ᠠ ᠬᠡᠮᠵᠢᠶ᠎ᠡ ᠵᠢ ᠠᠪᠴᠤ᠂ ᠡᠨᠡ ᠬᠦ᠌ ᠠᠷᠳᠠᠭ ᠲᠤᠭᠰᠢᠨ 《ᠬᠤᠯᠠᠨ》᠎ᠢ ᠠᠯᠬᠤᠮ ᠠᠯᠬᠤᠮ ᠵᠶ᠋ᠠᠷ 《ᠨᠣᠮᠣᠬᠠᠳᠬᠠᠵᠤ》᠂ ᠮᠠᠩᠬᠠᠨ ᠭᠠᠵᠠᠷ᠎ᠤᠨ ᠨᠤᠲᠤᠭ ᠪᠡᠯᠴᠢᠭᠡᠷ᠎ᠤᠨ ᠳᠤᠮᠳᠠᠴᠢ ᠤᠷᠭᠤᠮᠠᠯ᠎ᠤᠨ ᠪᠦᠷᠬᠦᠴᠡ ᠵᠢ 41%᠎ᠳᠤ ᠬᠦᠷᠭᠡᠨ᠂ 《ᠡᠯᠡᠰᠦᠨ ᠴᠦᠯ᠎ᠠᠴᠠ ᠨᠣᠭᠤᠭ᠋ᠠᠨ ᠦᠩᠭᠡ ᠡᠷᠢᠳᠡᠭ》 ᠪᠠᠶ᠋ᠢᠭᠰᠠᠨ᠎ᠠᠴᠠ᠎ᠪᠠᠨ 《ᠨᠣᠭᠤᠭ᠋ᠠᠨ ᠦᠩᠭᠡ ᠰᠠᠭ᠋ᠠᠲᠠᠵᠦ ᠡᠯᠡᠰᠦ ᠮᠠᠩᠬ᠎ᠠ ᠤᠬᠤᠷᠢᠭᠰᠠᠨ》 ᠴᠢᠬᠤᠯᠠ ᠶᠡᠭᠡ ᠰᠥᠷᠭᠡᠦ ᠡᠷᠭᠢᠯᠲᠡ ᠵᠢ ᠪᠡᠶᠡᠯᠡᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠡᠨᠡᠬᠦ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠨᠡᠩ ᠪᠠᠲᠤ ᠪᠠᠬᠢ ᠪᠤᠯᠭ᠋ᠠᠨ ᠴᠣᠭᠴᠠᠯᠠᠪᠠ᠃



ᠪᠢᠲᠡᠭᠦᠮᠵᠢᠯᠡᠨ ᠪᠡᠯᠴᠢᠭᠡᠷᠯᠡᠭᠦᠯᠬᠦ ᠵᠢ ᠵᠤᠭᠰᠤᠭ᠋ᠠᠵᠤ ᠠᠶᠠᠨᠳᠠᠭ᠋ᠠᠨ ᠰᠡᠷᠭᠦᠭᠡᠬᠦ ᠭᠤᠣᠯ ᠠᠶ᠋ᠢᠵᠢᠮᠢ ᠴᠢᠪᠬᠠᠳᠠᠪᠠ
ᠵᠤᠨ᠎ᠤ ᠡᠬᠢᠨ᠎ᠳᠤ᠂ ᠰᠤᠷᠪᠤᠯᠵᠢᠯᠠᠭᠴᠢ ᠬᠤᠯᠠᠨ ᠰᠢᠷᠭ᠎ᠠ ᠳᠠᠭ᠎ᠠ ᠵᠢᠨ ᠡᠯᠡᠰᠦᠨ᠎ᠤ ᠭᠦᠨᠳᠤ ᠣᠷᠣᠵᠤ ᠤᠴᠢᠬᠤᠶᠠ᠂ ᠨᠣᠮᠢᠨ ᠨᠣᠭᠤᠭ᠋ᠠᠨ ᠲᠠᠪᠠᠯᠭ᠋ᠠᠯᠠᠵᠦ᠂ ᠡᠯᠡᠰᠤ ᠮᠠᠩᠬ᠎ᠠ᠎ᠨᠢ ᠰᠢᠷ᠎ᠠ ᠪᠤᠷᠭ᠋ᠠᠰᠤ ᠵᠡᠷᠭᠡ ᠮᠣᠳᠣ ᠡᠪᠡᠰᠤ᠎ᠪᠠᠷ ᠴᠢᠮᠡᠭᠯᠡᠭᠳᠡᠵᠦ᠂ ᠨᠠᠭᠤᠷ ᠴᠦᠬᠦᠷᠦᠮ ᠲᠤᠨᠤᠯᠵᠠᠨ᠂ ᠶᠠᠭ ᠯᠠ ᠲᠣᠰᠣᠨ ᠵᠢᠷᠤᠭ ᠰᠢᠭ ᠬᠠᠷᠠᠭᠳᠠᠨ᠎ᠠ᠃ 《ᠥᠩᠭᠡᠷᠡᠭᠰᠡᠨ᠎ᠳᠤ ᠣᠯᠠᠩᠬᠢ ᠬᠠᠰᠢᠶ᠎ᠠ ᠰᠠᠷᠠᠪᠴᠢ ᠴᠥᠮ ᠡᠯᠡᠰᠦ ᠰᠢᠷᠣᠶ᠎ᠳᠤ ᠪᠤᠯᠠᠭᠳᠠᠵᠤ᠂ ᠡᠪᠡᠰᠦ ᠪᠡᠯᠴᠢᠭᠡᠷ ᠮᠠᠭᠤᠲᠠᠨ᠂ ᠮᠠᠯ ᠮᠠᠯᠵᠢᠬᠤ ᠵᠢᠨ ᠴᠦ᠍ ᠠᠷᠭ᠎ᠠ ᠦᠭᠡᠢ ᠪᠣᠯᠵᠠᠶ᠃》 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠢ ᠵᠢᠨ ᠭᠤᠤᠯ ᠠᠶ᠋ᠢᠮᠠᠭ᠎ᠤᠨ ᠰᠢᠯᠤᠭᠤᠨ ᠬᠥᠬᠡ ᠬᠤᠰᠢᠭᠤᠨ᠎ᠤ ᠨᠠᠷᠠᠲᠤ ᠰᠤᠮᠤᠨ᠎ᠤ ᠭᠤᠭᠤᠰᠤᠲᠠᠶ ᠭᠠᠴᠠᠭ᠋ᠠᠨ᠎ᠤ ᠮᠠᠯᠴᠢᠨ ᠬᠠᠰᠪᠠᠭ᠋ᠠᠲᠤᠷ ᠬᠡᠯᠡᠬᠦ᠎ᠳᠡᠭᠡᠨ 《ᠤᠳᠤ ᠪᠡᠯᠴᠢᠭᠡᠷ ᠡᠪᠡᠰᠦ ᠰᠠᠶ᠋ᠢᠵᠢᠷᠠᠵᠤ᠂ ᠨᠠᠭᠤᠷ ᠪᠦᠷᠢᠲᠦ ᠠᠷᠪᠢᠳᠠᠨ᠂ ᠡᠯᠡᠰᠦᠨ ᠰᠢᠭᠤᠷᠭ᠎ᠠ ᠳᠡᠭᠳᠡᠬᠦ᠎ᠨᠢ ᠴᠤ᠌ ᠪᠠᠭ᠎ᠠ ᠪᠣᠯᠵᠠᠢ》 ᠭᠡᠯᠡ᠃
ᠬᠤᠯᠠᠨ ᠰᠢᠷᠭ᠎ᠠ ᠳᠠᠭ᠎ᠠ ᠵᠢᠨ ᠡᠯᠡᠰᠤᠨ ᠨᠤᠲᠤᠭ ᠪᠣᠯ ᠮᠠᠨ᠎ᠤ ᠤᠯᠤᠰ᠎ᠤᠨ ᠲᠠᠪᠤᠨ ᠶᠡᠭᠡ ᠡᠯᠡᠰᠤᠨ ᠴᠦᠯ᠎ᠤᠨ ᠨᠢᠭᠡ ᠪᠣᠯᠤᠨ᠎ᠠ᠃ ᠭᠤᠤᠯᠳᠠᠭᠤ ᠥᠪᠥᠷ ᠮᠣᠩᠭᠤᠯ᠎ᠤᠨ ᠰᠢᠯᠢ ᠵᠢᠨ ᠭᠤᠤᠯ ᠠᠶ᠋ᠢᠮᠠᠭ᠎ᠤᠨ 9 ᠬᠤᠰᠢᠭᠤ ᠰᠢᠶᠠᠨ ᠬᠤᠲᠠ ᠪᠣᠯᠤᠨ ᠤᠯᠠᠭ᠋ᠠᠨᠬᠠᠳᠠ ᠬᠤᠲᠠ ᠵᠢᠨ ᠬᠡᠰᠢᠭᠲᠡᠨ ᠬᠤᠰᠢᠭᠤ᠎ᠪᠠᠷ ᠪᠠᠶ᠋ᠢᠷᠢᠯᠠᠵᠦ ᠪᠠᠶ᠋ᠢᠲᠠᠭ᠂ ᠶᠡᠷᠦᠩᠬᠡᠶ ᠲᠠᠯᠠᠪᠠᠶ᠎ᠨᠢ 5766 ᠲᠦᠮᠡᠨ ᠮᠥ᠍ ᠪᠣᠯᠤᠨ᠎ᠠ᠃
2000 ᠣᠨ᠎ᠠᠴᠠ ᠡᠮᠦᠨ᠎ᠡ᠂ ᠤᠷᠲᠤ ᠬᠤᠭᠤᠴᠠᠭ᠋ᠠᠨ᠎ᠤ ᠲᠤᠷᠰᠢ ᠠᠭᠤᠷ ᠠᠮᠢᠰᠬᠤᠯ᠎ᠤᠨ ᠬᠤᠪᠢᠷᠠᠯᠲᠠ ᠪᠣᠯᠤᠨ ᠬᠦᠮᠦᠨ᠎ᠤ ᠬᠦᠴᠦᠨ ᠵᠦᠢ᠍ᠯ᠎ᠤᠨ ᠨᠦᠯᠦᠭᠡ᠎ᠪᠠᠷ ᠬᠤᠯᠠᠨ ᠰᠢᠷᠭ᠎ᠠ ᠳᠠᠭ᠎ᠠ ᠵᠢᠨ ᠡᠯᠡᠰᠤᠨ ᠨᠤᠲᠤᠭ᠎ᠤᠨ ᠠᠮᠢ ᠠᠬᠤᠶ ᠲᠦᠷᠭᠡᠨ ᠮᠠᠭᠤᠳᠠᠵᠦ᠂ ᠡ᠊ᠨᠳᠡ᠎ᠠᠴᠠ ᠡᠭᠦᠰᠦᠭᠰᠡᠨ ᠡᠯᠡᠰᠦᠨ ᠰᠢᠭᠤᠷᠭ᠎ᠠ ᠵᠡᠷᠭᠡ ᠪᠠᠶ᠋ᠢᠭ᠋ᠠᠯᠢ ᠵᠢᠨ ᠭᠠᠮᠰᠢᠭ᠎ᠨᠢ ᠤᠮᠠᠷᠠᠲᠤ ᠣᠷᠣᠨ᠎ᠢ ᠰᠦᠷᠳᠡᠭᠦᠯᠦᠭᠰᠡᠭᠡᠷ ᠪᠠᠶ᠋ᠢᠯ᠎ᠠ᠃ ᠢᠯᠠᠩᠭᠤᠶ᠎ᠠ 2000 ᠣᠨ᠎ᠤ ᠬᠠᠪᠤᠷ᠂ ᠡᠯᠡᠰᠦᠨ ᠰᠢᠭᠤᠷᠭᠠᠨ᠎ᠢ 10 ᠭᠠᠷᠤᠶ ᠤᠳᠠᠭ᠎ᠠ ᠪᠡᠭᠡᠵᠢᠩ ᠲᠢᠶᠠᠨᠵᠢᠨ ᠵᠡᠷᠭᠡ ᠭᠠᠵᠠᠷ᠎ᠢ ᠳᠠᠭ᠋ᠠᠷᠢᠨ ᠲᠡᠪᠵᠢᠶᠡᠷᠡᠬᠦᠯᠵᠦ ᠪᠢᠯᠡ᠃
ᠡᠳᠦᠷ ᠢᠷᠡᠬᠦᠶ᠎ᠡ ᠬᠦᠨᠳᠦᠷᠡᠭᠰᠡᠨ ᠠᠮᠢ ᠠᠬᠤᠶ ᠮᠠᠭᠤᠳᠠᠯ᠎ᠤᠨ ᠡᠮᠦᠨ᠎ᠡ᠂ 2000 ᠣᠨ᠎ᠳᠤ᠂ ᠤᠯᠤᠰ᠎ᠠᠴᠠ ᠬᠤᠯᠠᠨ ᠰᠢᠷᠭ᠎ᠠ ᠳᠠᠭ᠎ᠠ ᠵᠢᠨ ᠡᠯᠡᠰᠦᠨ᠎ᠳᠤ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠤ ᠡᠬᠢ ᠵᠢ ᠵᠠᠰᠠᠬᠤ᠂ ᠮᠠᠯᠵᠢᠬᠤ ᠵᠢ ᠵᠣᠭᠰᠣᠭ᠋ᠠᠵᠤ ᠡᠪᠡᠰᠦ ᠪᠡᠯᠴᠢᠭᠡᠷ᠎ᠢ ᠰᠡᠷᠭᠦᠭᠡᠬᠦ᠂ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠶ ᠡᠪᠡᠰᠦ ᠪᠡᠯᠴᠢᠭᠡᠷ᠎ᠢ ᠰᠡᠷᠭᠦᠭᠡᠬᠦ ᠵᠡᠷᠭᠡ ᠠᠯᠢ ᠤᠯᠠᠨ ᠠᠮᠢ ᠠᠬᠤᠶ ᠵᠢᠨ ᠬᠠᠮᠠᠭ᠋ᠠᠯᠠᠯᠲᠠ ᠪᠦᠲᠦᠭᠡᠨ ᠪᠠᠶ᠋ᠢᠭᠤᠯᠤᠯᠲᠠ ᠵᠢᠨ ᠭᠤᠤᠯᠳᠠᠯᠭ᠎ᠠ᠎ᠲᠠᠢ ᠢᠨᠵᠧᠨᠧᠷᠢᠩ᠎ᠢ ᠡᠩ ᠲᠡᠷᠢᠭᠦᠨ᠎ᠳᠤ ᠡᠬᠢᠯᠡᠭᠦᠯᠪᠡ᠃ ᠢᠩᠭᠢᠭᠡᠳ ᠬᠤᠯᠠᠨ ᠰᠢᠷᠭ᠎ᠠ ᠳᠠᠭ᠎ᠠ ᠵᠢᠨ ᠡᠯᠡᠰᠤᠨ ᠨᠤᠲᠤᠭ᠎ᠨᠢ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠤ ᠡᠬᠢ ᠵᠢ ᠵᠠᠰᠠᠬᠤ ᠢᠨᠵᠧᠨᠧᠷᠢᠩ᠎ᠤᠨ ᠭᠤᠯᠤᠮᠲᠠ ᠪᠣᠯᠤᠭᠰᠠᠨ ᠪᠠᠶ᠋ᠢᠨ᠎ᠠ᠃ ᠥᠪᠥᠷ ᠮᠣᠩᠭᠤᠯ ᠡᠳᠡᠭᠡᠷ ᠭᠤᠤᠯᠳᠠᠯᠭ᠎ᠠ᠎ᠲᠠᠢ ᠢᠨᠵᠧᠨᠧᠷᠢᠩ᠎ᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠪᠠᠶ᠋ᠢᠭ᠋ᠠᠯᠢ ᠵᠢ ᠬᠦᠨᠳᠦᠳᠬᠡᠬᠦ᠂ ᠵᠢᠮ᠎ᠡ ᠶᠣᠰᠣ ᠵᠢ ᠲᠠᠭ᠋ᠠᠬᠤ᠎ᠪᠠᠷ 《ᠡᠷᠳᠡᠨᠢ》 ᠪᠣᠯᠭ᠋ᠠᠵᠤ᠂ ᠰᠢᠨᠵᠢᠯᠡᠬᠦ ᠤᠬᠠᠭ᠋ᠠᠨᠴᠢ ᠠᠷᠭ᠎ᠠ᠎ᠪᠠᠷ ᠠᠮᠢ ᠠᠬᠤᠢ ᠵᠢ ᠬᠠᠮᠠᠭ᠋ᠠᠯᠠᠵᠦ᠂ ᠵᠠᠰᠠᠨ ᠰᠡᠷᠭᠦᠭᠡᠪᠡ᠃ 《ᠪᠢᠳᠡ ᠪᠢᠲᠡᠭᠦᠮᠵᠢᠯᠡᠨ ᠬᠠᠮᠠᠭ᠋ᠠᠯᠠᠵᠤ ᠪᠡᠯᠴᠢᠭᠡᠷᠯᠡᠭᠦᠯᠬᠦ ᠵᠢ ᠵᠤᠭᠰᠤᠭ᠋ᠠᠬᠤ᠎ᠪᠠᠷ ᠳᠠᠮᠵᠢᠭᠤᠯᠤᠨ᠂ ᠮᠠᠯᠴᠢᠳ ᠪᠠ ᠮᠠᠯ ᠵᠶ᠋ᠠᠨ ᠰᠢᠯᠵᠢᠭᠦᠯᠦᠨ ᠭᠠᠷᠭ᠋ᠠᠵᠤ᠂ ᠡᠴᠦᠰ᠎ᠲᠡᠭᠡᠨ ᠠᠮᠢ ᠠᠬᠤᠶ ᠵᠢ ᠠᠶᠠᠨᠳᠠᠭ᠋ᠠᠨ ᠰᠡᠷᠭᠦᠭᠡᠬᠦ ᠵᠢ ᠪᠡᠶᠡᠯᠡᠭᠦᠯᠪᠡ》 ᠭᠡᠵᠦ ᠰᠢᠯᠢ ᠵᠢᠨ ᠭᠤᠤᠯ ᠠᠶ᠋ᠢᠮᠠᠭ᠎ᠤᠨ ᠳᠡᠳ᠋ ᠳᠠᠷᠤᠭ᠎ᠠ ᠾᠧᠦ ᡁᠢ ᠮᠢᠨ ᠬᠡᠯᠡᠯ᠎ᠡ᠃ ᠪᠡᠯᠴᠢᠭᠡᠷᠯᠡᠭᠦᠯᠬᠦ ᠵᠢ ᠵᠤᠭᠰᠤᠭ᠋ᠠᠬᠤ ᠪᠣᠯ ᠨᠤᠲᠤᠭ ᠪᠡᠯᠴᠢᠭᠡᠷ ᠳᠡᠭᠡᠷ᠎ᠡ ᠪᠡᠯᠴᠢᠭᠡᠷᠯᠡᠭᠦᠯᠦᠨ ᠮᠠᠯᠵᠢᠬᠤ ᠵᠢ ᠬᠤᠷᠢᠭᠯᠠᠬᠤ ᠨᠢᠭᠡ ᠵᠥᠢ᠍ᠯ᠎ᠤᠨ ᠠᠷᠭ᠎ᠠ ᠬᠡᠮᠵᠢᠶ᠎ᠡ ᠪᠣᠯᠤᠨ᠎ᠠ᠃ ᠭᠡᠷ᠎ᠤᠨ ᠲᠡᠵᠢᠭᠡᠪᠦᠷᠢ ᠬᠤᠷᠢᠭ᠋ᠠᠨᠳᠤ ᠣᠷᠣᠬᠤ᠎ᠠᠴᠠ ᠰᠡᠷᠭᠡᠶ᠋ᠢᠯᠡᠬᠦ ᠵᠢᠨ ᠲᠥᠯᠥᠭᠡ᠂ ᠪᠡᠯᠴᠢᠭᠡᠷᠯᠡᠭᠦᠯᠬᠦ ᠵᠢ ᠵᠤᠭᠰᠤᠭ᠋ᠠᠭᠰᠠᠨ ᠨᠤᠲᠤᠭ ᠪᠡᠯᠴᠢᠭᠡᠷ ᠵᠢ ᠶᠡᠷᠦ᠎ᠳᠡᠭᠡᠨ ᠬᠦᠷᠢᠶᠡᠯᠡᠵᠦ ᠲᠤᠤᠷᠯᠠᠬᠤ ᠵᠢ ᠱᠠᠭ᠋ᠠᠷᠳᠠᠳᠠᠭ᠃
ᠪᠡᠯᠴᠢᠭᠡᠷᠯᠡᠭᠦᠯᠬᠦ ᠵᠢ ᠵᠤᠭᠰᠤᠭ᠋ᠠᠬᠤ ᠵᠢ ᠬᠡᠷᠡᠭᠵᠢᠭᠦᠯᠦᠭᠰᠡᠨ 20 ᠵᠢᠯ᠎ᠤᠨ ᠲᠤᠷᠰᠢ᠂ ᠥᠩᠭᠡᠷᠡᠭᠰᠡᠨ᠎ᠤ ᠰᠠᠯᠬᠢ ᠰᠢᠭᠤᠷᠭ᠎ᠠ ᠳᠡᠭᠳᠡᠵᠦ ᠪᠠᠶ᠋ᠢᠭᠰᠠᠨ ᠬᠤᠯᠠᠨ ᠰᠢᠷᠭ᠎ᠠ ᠲᠠᠭ᠎ᠠ ᠵᠢᠨ ᠡᠯᠡᠰᠤᠨ ᠨᠤᠲᠤᠭ᠎ᠨᠢ ᠬᠡᠰᠡᠭ ᠬᠡᠰᠡᠭ ᠵᠶ᠋ᠠᠷ ᠨᠣᠭᠤᠭ᠋ᠠᠨ ᠬᠦᠷᠮ᠎ᠡ ᠨᠥᠮᠥᠷᠴᠡᠢ᠃ ᠰᠤᠷᠪᠤᠯᠵᠢᠯᠠᠭᠴᠢ ᠮᠠᠰᠢᠨ ᠲᠡᠷᠭᠡᠨ᠎ᠳᠤ ᠰᠠᠭᠤᠵᠤ᠂ ᠡᠯᠡᠰᠤᠨ ᠨᠤᠲᠤᠭ᠎ᠤᠨ ᠪᠠᠷᠠᠭᠤᠨ ᠵᠠᠬ᠎ᠠ ᠵᠢᠨ ᠰᠥᠨᠢᠳ ᠵᠡᠭᠦᠨ ᠬᠤᠰᠢᠭᠤ᠎ᠠᠴᠠ ᠮᠤᠷᠳᠠᠨ ᠵᠡᠭᠦᠨᠰᠢ ᠠᠶᠠᠯᠠᠵᠤ᠂ ᠠᠪᠠᠭ᠎ᠠ ᠬᠤᠰᠢᠭᠤ᠂ ᠰᠢᠯᠢ ᠵᠢᠨ ᠬᠤᠲᠠ᠂ ᠰᠢᠯᠤᠭᠤᠨ ᠬᠥᠬᠡ ᠬᠤᠰᠢᠭᠤ᠂ ᠳᠤᠯᠤᠨ ᠨᠠᠭᠤᠷ ᠰᠢᠶᠠᠨ᠂ ᠬᠡᠰᠢᠭᠲᠡᠨ ᠬᠤᠰᠢᠭᠤ ᠵᠡᠷᠭᠡ ᠣᠯᠠᠨ ᠬᠤᠰᠢᠭᠤ ᠰᠢᠶᠠᠨ ᠬᠤᠲᠠ᠎ᠪᠠᠷ ᠥᠩᠭᠡᠷᠡᠬᠦ᠎ᠳᠡᠭᠡᠨ᠂ ᠶᠡᠬᠡᠩᠬᠢ ᠡᠯᠡᠰᠦᠷᠬᠡᠭ ᠭᠠᠵᠠᠷ᠎ᠢ ᠪᠦᠷ ᠪᠢᠲᠡᠭᠦᠮᠵᠢᠯᠡᠵᠦ᠂ ᠲᠣᠣᠷ ᠳᠣᠲᠣᠷᠠᠬᠢ ᠣᠢ ᠰᠢᠭᠤᠢ ᠡᠪᠡᠰᠦ ᠤᠷᠭᠤᠮᠠᠯ᠎ᠤᠨ ᠤᠷᠭᠤᠴᠠ᠎ᠨᠢ ᠬᠥᠮᠦᠨ᠎ᠢ ᠪᠠᠶᠠᠷᠯᠠᠭᠤᠯᠤᠮᠠᠷ ᠪᠠᠶ᠋ᠢᠬᠤ ᠵᠢ ᠣᠯᠵᠤ ᠬᠠᠷᠠᠯ᠎ᠠ᠃
ᠬᠤᠯᠠᠨ ᠰᠢᠷᠭ᠎ᠠ ᠳᠠᠭ᠎ᠠ ᠵᠢᠨ ᠤᠷᠢᠳᠦ ᠵᠠᠬ᠎ᠠ ᠵᠢᠨ ᠰᠢᠯᠤᠭᠤᠨ ᠬᠥᠬᠡ ᠬᠤᠰᠢᠭᠤ ᠪᠢᠲᠡᠭᠦᠮᠵᠢᠯᠡᠨ ᠪᠡᠯᠴᠢᠭᠡᠷᠯᠡᠭᠦᠯᠬᠦ ᠵᠢ ᠵᠤᠭᠰᠤᠭ᠋ᠠᠬᠤ ᠵᠡᠷᠭᠡ ᠠᠮᠢ ᠠᠬᠤᠢ ᠵᠢᠨ ᠵᠠᠰᠠᠯᠲᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠦᠭᠰᠡᠨ᠎ᠠᠴᠠ ᠨᠠᠰᠢ᠂ ᠲᠠᠴᠢᠷ ᠲᠠᠯ᠎ᠠ ᠨᠣᠭᠤᠭ᠋ᠠᠷᠠᠵᠤ᠂ ᠬᠡᠭᠡᠷ᠎ᠡ ᠵᠢᠨ ᠴᠡᠴᠡᠭ ᠳᠡᠯᠭᠡᠷᠡᠨ᠂ ᠨᠡᠭᠦᠳᠡᠯ ᠡᠯᠡᠰᠦ ᠵᠢᠯ ᠳᠠᠷᠠᠭ᠋ᠠᠯᠠᠨ ᠪᠠᠭ᠋ᠠᠰᠪᠠ᠃ 20 ᠵᠢᠯ᠎ᠤᠨ ᠲᠤᠷᠰᠢ᠂ ᠰᠢᠯᠤᠭᠤᠨ ᠬᠥᠬᠡ ᠬᠤᠰᠢᠭᠤ᠎ᠨᠢ ᠪᠢᠲᠡᠭᠦᠮᠵᠢᠯᠡᠨ ᠪᠡᠯᠴᠢᠭᠡᠷᠯᠡᠭᠦᠯᠬᠦ ᠵᠢ ᠵᠤᠭᠰᠤᠭ᠋ᠠᠬᠤ ᠵᠡᠷᠭᠡ᠎ᠪᠠᠷ 500 ᠰᠢᠬᠠᠮ ᠲᠦᠮᠡᠨ ᠮᠦ᠍ ᠮᠠᠩᠬᠠᠨ ᠭᠠᠵᠠᠷ᠎ᠢ ᠶᠡᠷᠦᠩᠬᠡᠶ᠋ᠢᠯᠡᠨ ᠵᠠᠰᠠᠪᠠ᠂ ᠡᠨᠡ᠎ᠨᠢ ᠪᠦᠬᠦ ᠬᠤᠰᠢᠭᠤᠨ᠎ᠤ ᠡᠯᠡᠰᠦᠷᠬᠡᠭᠵᠢᠭᠰᠡᠨ ᠪᠡᠯᠴᠢᠭᠡᠷ᠎ᠤᠨ ᠲᠠᠯᠠᠪᠠᠢ ᠵᠢᠨ ᠠᠷᠪᠠᠨ᠎ᠤ ᠳᠥᠷᠪᠡᠨ ᠬᠤᠪᠢ ᠵᠢ ᠡᠵᠡᠯᠡᠳᠡᠭ ᠠᠵᠠᠢ᠃
ᠰᠥᠨᠢᠳ ᠪᠠᠷᠠᠭᠤᠨ ᠬᠤᠰᠢᠭᠤᠨ᠎ᠤ ᠡᠷᠢᠶᠡᠨᠨᠠᠭᠤᠷ ᠰᠤᠮᠤᠨ᠎ᠤ ᠲᠦᠮᠡᠨ ᠭᠠᠴᠠᠭ᠎ᠠ᠎ᠳᠤ ᠠᠮᠢᠳᠤᠷᠠᠵᠤ ᠪᠠᠶ᠋ᠢᠭ᠎ᠠ ᠮᠠᠯᠴᠢᠨ ᠵᠠᠮᠰᠤ ᠬᠡᠯᠡᠬᠦ᠎ᠳᠤ᠎ᠪᠠᠨ᠂ ᠥᠩᠭᠡᠷᠡᠭᠰᠡᠨ᠎ᠳᠤ ᠪᠡᠯᠴᠢᠭᠡᠷ ᠶᠡᠭᠡ ᠡᠯᠡᠰᠦᠷᠬᠡᠭᠵᠢᠵᠦ᠂ ᠮᠠᠯ ᠵᠢᠭ᠋ᠠᠬᠠᠨ ᠴᠤ᠌ ᠬᠡᠮᠢᠯᠡᠬᠦ ᠶᠠᠭᠤᠮ᠎ᠠ ᠦᠭᠡᠢ ᠪᠣᠯᠬᠤᠷ ᠵᠢᠯ ᠪᠦᠷᠢ ᠶᠡᠭᠡ ᠬᠡᠮᠵᠢᠶᠡᠨ᠎ᠤ ᠡᠪᠡᠰᠦ ᠪᠣᠷᠳᠤᠭ᠎ᠠ ᠬᠤᠳᠠᠯᠳᠤᠨ ᠠᠪᠴᠤ ᠲᠡᠵᠢᠭᠡᠳᠡᠭ ᠪᠠᠶ᠋ᠢᠯ᠎ᠠ᠃ 2010 ᠣᠨ᠎ᠳᠤ ᠲᠡᠷᠡ ᠥᠪᠡᠷ᠎ᠤᠨ 300 ᠭᠠᠷᠤᠶ ᠬᠤᠨᠢ᠎ᠪᠠᠨ ᠪᠦᠬᠦᠨ᠎ᠢ ᠵᠠᠷᠤᠵᠤ᠂ 4000 ᠭᠠᠷᠤᠶ ᠮᠦ᠍ ᠪᠡᠯᠴᠢᠭᠡᠷ᠎ᠢ ᠪᠢᠲᠡᠭᠦᠮᠵᠢᠯᠡᠨ ᠬᠠᠮᠠᠭ᠋ᠠᠯᠠᠪᠠ᠃ 10 ᠵᠢᠯ ᠥᠩᠭᠡᠷᠡᠯ᠎ᠡ᠂ ᠵᠠᠮᠰᠤ ᠵᠢᠨ᠎ᠬᠢᠨ᠎ᠤ ᠪᠡᠯᠴᠢᠭᠡᠷ ᠳᠡᠭᠡᠷ᠎ᠡ ᠡᠪᠡᠰᠦ ᠤᠷᠭᠤᠮᠠᠯ ᠢᠭᠴᠤ ᠰᠠᠬᠤᠯᠢᠭ ᠤᠷᠭᠤᠵᠤ᠂ ᠡᠯᠡᠰᠦᠷᠬᠡᠭᠵᠢᠬᠦ ᠪᠠᠶ᠋ᠢᠳᠠᠯ ᠨᠠᠮᠵᠢᠪᠠ᠃ 《ᠨᠤᠲᠤᠭ ᠪᠡᠯᠴᠢᠭᠡᠷ ᠴᠤ᠌ ᠠᠮᠠᠷᠠᠬᠤ ᠴᠢᠬᠤᠯᠠᠲᠠᠢ᠂ ᠬᠦᠨᠳᠦ ᠨᠣᠴᠢᠲᠠᠢ ᠮᠠᠭᠤᠳᠠᠭᠰᠠᠨ ᠭᠠᠵᠠᠷ ᠣᠷᠣᠨ᠎ᠤ ᠠᠮᠢ ᠠᠬᠤᠢ ᠵᠢ ᠰᠡᠷᠭᠦᠭᠡᠬᠦ᠎ᠳᠤ ᠦᠨᠡᠬᠡᠷ 〈ᠪᠢᠲᠡᠭᠦᠮᠵᠢᠯᠡᠮᠡᠭᠴᠡ ᠦᠷ᠎ᠡ ᠳ᠋ᠦᠩ᠎ᠨᠢ ᠮᠡᠲᠡᠭᠲᠡᠨ᠎ᠡ〉》 ᠭᠡᠵᠦ ᠲᠡᠷᠡ ᠬᠡᠯᠡᠨ᠎ᠡ᠃
![]()
![]()
![]()
ᠮᠠᠯ ᠪᠡᠯᠴᠢᠭᠡᠷ᠎ᠤᠨ ᠲᠡᠩᠴᠡᠭᠦᠷᠢ ᠵᠢ ᠡᠷᠦᠬᠡ᠎ᠳᠤ ᠨᠤᠭᠳᠠᠭᠤᠯᠤᠨ ᠰᠡᠯᠭᠦᠨ ᠮᠠᠯᠵᠢᠬᠤ ᠵᠢ ᠲᠤᠬᠢᠲᠠᠢ ᠶᠠᠪᠤᠭᠤᠯᠪᠠ
ᠡᠳᠦᠭᠡ᠂ ᠬᠤᠯᠠᠨ ᠰᠢᠷᠭ᠎ᠠ ᠳᠠᠭ᠎ᠠ ᠵᠢᠨ ᠡᠯᠡᠰᠤᠨ ᠨᠤᠲᠤᠭ᠎ᠲᠤ ᠨᠣᠮᠢᠨ ᠨᠣᠭᠤᠭ᠋ᠠᠨ ᠡᠪᠡᠰᠦ ᠪᠡᠯᠴᠢᠭᠡᠷ ᠨᠡᠯᠦ᠋ᠢ᠍ᠭᠰᠡᠨ ᠪᠣᠯᠪᠠᠴᠤ ᠦᠬᠡᠷ ᠬᠤᠨᠢ ᠰᠤᠪᠤᠳ ᠰᠢᠭ᠋ ᠰᠠᠴᠤᠭᠳᠠᠭᠰᠠᠨ ᠦᠵᠡᠮᠵᠢ ᠵᠢ ᠪᠠᠷᠤᠭ ᠣᠯᠵᠤ ᠬᠠᠷᠠᠬᠤ ᠦᠭᠡᠢ ᠪᠣᠯᠵᠠᠢ᠃ 《ᠠᠮᠢ ᠠᠬᠤᠶ ᠵᠢ ᠰᠡᠷᠭᠦᠭᠡᠬᠦ᠎ᠨᠢ ᠬᠢᠯᠪᠠᠷ ᠪᠤᠰᠤ ᠶᠠᠪᠤᠳᠠᠯ ᠰᠢᠦ᠂ ᠮᠠᠯᠴᠢᠳ ᠦᠬᠡᠷ ᠬᠤᠨᠢ ᠮᠠᠯᠵᠢᠬᠤ᠎ᠨᠢ ᠬᠡᠳᠦᠶ ᠠᠷᠪᠢᠨ ᠪᠣᠯ ᠲᠡᠳᠦᠶ ᠰᠠᠶ᠋ᠢᠨ ᠭᠡᠰᠡᠨ ᠶᠠᠪᠤᠳᠠᠯ ᠪᠢᠰᠢ ᠶᠤᠮ》 ᠭᠡᠵᠦ ᠰᠢᠯᠢ ᠵᠢᠨ ᠬᠤᠲᠠ ᠵᠢᠨ ᠪᠤᠯᠠᠭ᠋ᠠᠨ ᠰᠤᠮᠤ ᠵᠢᠨ ᠪᠠᠶᠠᠨᠨᠠᠭᠤᠷ ᠭᠠᠴᠠᠭ᠋ᠠᠨ᠎ᠤ ᠮᠠᠯᠴᠢᠨ ᠵᠦ᠍ ᠪᠦᠦ ᠵᠥᠩ ᠶᠠᠷᠢᠨ᠎ᠠ᠃
ᠰᠤᠷᠪᠤᠯᠵᠢᠯᠠᠭᠴᠢ ᠬᠤᠯᠠᠨ ᠰᠢᠷᠭ᠎ᠠ ᠳᠠᠭ᠎ᠠ ᠵᠢᠨ ᠡᠯᠡᠰᠤᠨ ᠨᠤᠲᠤᠭ᠎ᠲᠤ ᠰᠤᠷᠪᠤᠯᠵᠢᠯᠠᠭ᠎ᠠ ᠬᠢᠬᠦ᠎ᠳᠤ᠂ ᠲᠤᠬᠠᠢ ᠵᠢᠨ ᠭᠠᠵᠠᠷ᠎ᠤᠨ ᠺᠠᠳ᠋ᠷ ᠤᠯᠠᠨ ᠲᠦᠮᠡᠨ᠎ᠤ ᠳᠤᠷᠠᠳᠤᠭᠰᠠᠨ ᠠᠮᠢ ᠠᠬᠤᠢ ᠵᠢᠨ ᠵᠠᠰᠠᠯᠲᠠ ᠵᠢᠨ ᠪᠠᠰᠠ ᠨᠢᠭᠡ ᠲᠤᠷᠰᠢᠯᠭ᠎ᠠ ᠪᠣᠯ ᠮᠠᠯ ᠪᠡᠯᠴᠢᠭᠡᠷ᠎ᠤᠨ ᠲᠡᠩᠴᠡᠭᠦᠷᠢ ᠵᠢ ᠪᠠᠲᠤᠯᠠᠬᠤ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠵᠤ᠂ ᠪᠡᠯᠴᠢᠭᠡᠷ ᠠᠮᠠᠷᠠᠭ᠋ᠠᠬᠤ᠂ ᠰᠡᠯᠭᠦᠨ ᠮᠠᠯᠵᠢᠬᠤ ᠲᠦᠷᠢᠮ᠎ᠢ ᠡᠭᠦᠳᠦᠨ ᠪᠠᠶ᠋ᠢᠭᠤᠯᠤᠭᠰᠠᠨ ᠶᠠᠪᠤᠳᠠᠯ ᠪᠣᠯᠤᠨ᠎ᠠ᠃
ᠰᠢᠯᠢ ᠵᠢᠨ ᠭᠤᠣᠯ ᠠᠶ᠋ᠢᠮᠠᠭ᠎ᠤᠨ ᠮᠠᠯ ᠲᠠᠷᠢᠶᠠᠯᠠᠩ᠎ᠤᠨ ᠲᠣᠪᠴᠢᠶ᠎ᠠ ᠵᠢᠨ ᠳᠡᠳ᠋ ᠳᠠᠷᠤᠭ᠎ᠠ ᠯᠢᠦ ᠳ᠋ᠧ ᠪᠦᠦ ᠬᠡᠯᠡᠬᠦ᠎ᠳᠡᠭᠡᠨ᠂ ᠮᠠᠯ ᠪᠡᠯᠴᠢᠭᠡᠷ᠎ᠤᠨ ᠲᠡᠩᠴᠡᠭᠦᠷᠢ ᠵᠢ ᠪᠠᠲᠤᠯᠠᠬᠤ ᠭᠡᠳᠡᠭ᠎ᠨᠢ ᠮᠠᠯᠴᠢᠳ᠎ᠤᠨ ᠨᠤᠲᠤᠭ ᠪᠡᠯᠴᠢᠭᠡᠷ᠎ᠤᠨ ᠲᠠᠯᠠᠪᠠᠢ᠎ᠳᠤ ᠲᠣᠭ᠋ᠠᠴᠠᠭ᠎ᠠ ᠬᠢᠬᠦ᠎ᠪᠠᠷ ᠳᠠᠮᠵᠢᠨ᠂ ᠨᠤᠲᠤᠭ ᠪᠡᠯᠴᠢᠭᠡᠷ᠎ᠤᠨ ᠳᠠᠭ᠋ᠠᠭ᠋ᠠᠴᠠ ᠵᠢ ᠪᠣᠳᠣᠵᠤ ᠭᠠᠷᠭ᠋ᠠᠨ᠎ᠠ᠃ ᠡᠪᠡᠰᠦ ᠪᠡᠯᠴᠢᠭᠡᠷ ᠵᠶ᠋ᠠᠷ ᠮᠠᠯ᠎ᠤᠨ ᠲᠤᠭ᠎ᠠ ᠵᠢ ᠲᠣᠭᠲᠠᠭ᠋ᠠᠵᠤ᠂ ᠮᠠᠯ᠎ᠤᠨ ᠲᠤᠭ᠎ᠠ ᠵᠢ ᠵᠦᠢ ᠵᠣᠬᠢᠰᠲᠠᠶ ᠪᠠᠶ᠋ᠢᠯᠭ᠋ᠠᠨ᠂ ᠨᠤᠲᠤᠭ ᠪᠡᠯᠴᠢᠭᠡᠷ᠎ᠤᠨ ᠠᠮᠢ ᠠᠬᠤᠶ ᠵᠢᠨ ᠰᠠᠶ᠋ᠢᠨ ᠣᠷᠴᠢᠯ᠎ᠢ ᠪᠡᠶᠡᠯᠡᠭᠦᠯᠦᠨ᠎ᠡ᠃ ᠵᠦ᠍ ᠪᠦᠦ ᠵᠦᠩ᠎ᠤᠨ᠎ᠬᠢᠨ 2000 ᠮᠦ᠍ ᠨᠤᠲᠤᠭ ᠪᠡᠯᠴᠢᠭᠡᠷ᠎ᠲᠠᠢ᠂ ᠪᠦᠷ ᠬᠤᠯᠠᠨ ᠰᠢᠷᠭ᠎ᠠ ᠳᠠᠭ᠎ᠠ ᠵᠢᠨ ᠡᠯᠡᠰᠤᠨ᠎ᠳᠤ ᠪᠠᠶ᠋ᠢᠨ᠎ᠠ᠃ 2010 ᠣᠨ᠎ᠳᠤ ᠪᠡᠯᠴᠢᠭᠡᠷ᠎ᠢ᠎ᠨᠢ ᠮᠠᠯ ᠪᠡᠯᠴᠢᠭᠡᠷ᠎ᠤᠨ ᠲᠡᠩᠴᠡᠭᠦᠷᠢ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠬᠡᠪᠴᠢᠶᠡᠨ᠎ᠳᠤ ᠣᠷᠣᠭᠤᠯᠵᠠᠶ᠃ ᠲᠣᠭ᠋ᠠᠴᠠᠭ᠎ᠠ ᠬᠢᠬᠦ᠎ᠪᠠᠷ ᠳᠠᠮᠵᠢᠭ᠋ᠠᠳ᠂ ᠲᠤᠬᠠᠶ ᠵᠢᠨ ᠦᠶ᠎ᠡ᠎ᠳᠤ ᠲᠡᠳᠡᠨ᠎ᠤ᠎ᠬᠢᠨ ᠲᠤᠮᠲᠠᠴᠢ᠎ᠪᠠᠷ 35 ᠮᠥ᠍ ᠪᠡᠯᠴᠢᠭᠡᠷ᠎ᠲᠤ ᠨᠢᠭᠡ ᠬᠤᠨᠢ ᠮᠠᠯᠵᠢᠵᠦ ᠪᠣᠯᠬᠤ ᠪᠠᠶ᠋ᠢᠵᠦ᠂ 2000 ᠮᠥ᠍ ᠪᠡᠯᠴᠢᠭᠡᠷ᠎ᠲᠤ 57 ᠬᠤᠨᠢ ᠮᠠᠯᠵᠢᠬᠤ ᠪᠠᠶ᠋ᠢᠪᠠ᠃ ᠮᠠᠯᠴᠢᠳ᠎ᠤᠨ ᠣᠷᠣᠯᠭ᠎ᠠ ᠵᠢ ᠠᠯᠢ ᠴᠢᠳᠠᠬᠤ᠎ᠪᠠᠷ ᠨᠥᠯᠥᠭᠡᠯᠡᠬᠦ ᠦᠭᠡᠢ ᠵᠢᠨ ᠲᠥᠯᠥᠭᠡ᠂ ᠤᠯᠤᠰ᠎ᠠᠴᠠ ᠮᠦ᠍ ᠪᠦᠷᠢ᠎ᠳᠤ 3.45 ᠲᠥᠭᠦᠷᠢᠭ᠎ᠤᠨ ᠨᠥᠬᠦᠪᠥᠷᠢ ᠥᠭᠴᠡᠢ᠃
ᠲᠡᠷᠡ ᠰᠤᠷᠪᠤᠯᠵᠢᠯᠠᠭᠴᠢ᠎ᠳᠤ ᠨᠢᠭᠡ ᠳᠠᠩᠰᠠ ᠪᠣᠳᠣᠵᠤ ᠥᠭᠪᠡ᠄ ᠬᠤᠨᠢ ᠪᠦᠷᠢ ᠵᠢᠨ ᠦᠨ᠎ᠡ ᠵᠢ 700 ᠲᠥᠭᠦᠷᠢᠭ ᠵᠶ᠋ᠠᠷ ᠪᠣᠳᠣᠪᠠᠯ᠂ 57 ᠬᠤᠨᠢᠨ᠎ᠤ ᠪᠣᠷᠣ ᠣᠷᠣᠯᠭ᠎ᠠ᠎ᠨᠢ 4 ᠲᠦᠮᠡᠨ ᠲᠥᠭᠦᠷᠢᠭ ᠰᠢᠬᠠᠮ ᠪᠣᠯᠵᠤ᠂ ᠡᠭᠦᠨ᠎ᠤ ᠳᠡᠭᠡᠷ᠎ᠡ ᠮᠠᠯ ᠪᠡᠯᠴᠢᠭᠡᠷ᠎ᠤᠨ ᠲᠡᠩᠴᠡᠭᠦᠷᠢ ᠵᠢᠨ ᠨᠥᠬᠦᠪᠥᠷᠢ 7000 ᠰᠢᠬᠠᠮ ᠲᠥᠭᠦᠷᠢᠭ᠎ᠢ ᠨᠡᠮᠡᠪᠡᠯ᠂ ᠵᠢᠯ ᠪᠦᠷᠢ ᠵᠢᠨ ᠣᠷᠣᠯᠭ᠎ᠠ 47000 ᠲᠥᠭᠦᠷᠢᠭ ᠰᠢᠬᠠᠮ ᠪᠣᠯᠤᠨ᠎ᠠ᠃ 《ᠲᠥᠷᠥ ᠵᠢᠨ ᠪᠣᠳᠣᠯᠭ᠎ᠠ ᠶᠣᠰᠣᠭ᠋ᠠᠷ ᠬᠤᠨᠢ ᠲᠡᠵᠢᠭᠡᠪᠡᠯ᠂ ᠤᠯᠤᠰ᠎ᠠᠴᠠ ᠨᠥᠬᠦᠪᠥᠷᠢ ᠥᠭᠭᠦᠨ᠎ᠡ᠂ ᠬᠠᠳᠤᠯᠠᠩ ᠪᠡᠯᠴᠢᠭᠡᠷ᠎ᠢ ᠰᠠᠶ᠋ᠢᠲᠤᠷ ᠰᠡᠷᠭᠦᠭᠡᠪᠡᠯ ᠡᠪᠡᠰᠦ ᠪᠣᠷᠳᠣᠭ᠋ᠠᠨ᠎ᠤ ᠥᠪᠡᠷ᠎ᠤᠨ ᠥᠷᠲᠡᠭ᠎ᠢ ᠪᠠᠭᠤᠷᠠᠭᠤᠯᠵᠤ ᠴᠢᠳᠠᠨ᠎ᠠ᠃ ᠪᠠᠰᠠ ᠠᠮᠢᠳᠤᠷᠠᠯ᠎ᠤᠨ ᠣᠷᠴᠢᠨ ᠲᠣᠭᠤᠷᠢᠨ᠎ᠢ ᠰᠠᠶ᠋ᠢᠵᠢᠷᠠᠭᠤᠯᠵᠤ ᠳᠡᠶ᠋ᠢᠯᠬᠦ ᠤᠴᠢᠷ᠎ᠠᠴᠠ ᠮᠠᠨ᠎ᠤ ᠮᠠᠯᠴᠢᠳ ᠪᠦᠷ ᠳᠠᠮᠵᠢᠨ᠎ᠠ᠃》
ᠣᠳᠣᠬᠠᠨ᠎ᠳᠤ᠂ ᠬᠤᠯᠠᠨ ᠰᠢᠷᠭ᠎ᠠ ᠳᠠᠭ᠎ᠠ ᠵᠢᠨ ᠡᠯᠡᠰᠤᠨ ᠨᠤᠲᠤᠭ᠎ᠲᠤ ᠮᠠᠯ ᠪᠡᠯᠴᠢᠭᠡᠷ᠎ᠤᠨ ᠲᠡᠩᠴᠡᠭᠦᠷᠢ ᠵᠢ ᠪᠠᠲᠤᠯᠠᠵᠦ ᠪᠠᠶ᠋ᠢᠭ᠎ᠠ ᠨᠤᠲᠤᠭ ᠪᠡᠯᠴᠢᠭᠡᠷ᠎ᠤᠨ ᠲᠠᠯᠠᠪᠠᠢ 3508 ᠲᠦᠮᠡᠨ ᠮᠦ᠍᠎ᠳᠤ ᠬᠦᠷᠴᠡᠢ᠃ ᠡᠨᠡ ᠬᠦ᠌ ᠰᠠᠭᠤᠷᠢᠨ ᠳᠡᠭᠡᠷ᠎ᠡ᠂ ᠲᠤᠬᠠᠢ ᠵᠢᠨ ᠭᠠᠵᠠᠷ᠎ᠤᠨ᠎ᠬᠢᠨ ᠪᠠᠰᠠ ᠪᠡᠯᠴᠢᠭᠡᠷ ᠠᠮᠠᠷᠠᠭ᠋ᠠᠬᠤ᠂ ᠰᠡᠯᠭᠦᠨ ᠮᠠᠯᠵᠢᠬᠤ ᠳᠦᠷᠢᠮ᠎ᠢ ᠤᠯᠠᠮ ᠴᠢᠨᠠᠭᠰᠢᠲᠠ ᠡᠭᠦᠳᠦᠨ ᠪᠠᠶ᠋ᠢᠭᠤᠯᠪᠠ᠃
ᠰᠢᠯᠢ ᠵᠢᠨ ᠭᠤᠤᠯ ᠠᠶ᠋ᠢᠮᠠᠭ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠤᠲᠤᠭ ᠪᠡᠯᠴᠢᠭᠡᠷ᠎ᠤᠨ ᠪᠦᠲᠦᠭᠡᠨ ᠪᠠᠶ᠋ᠢᠭᠤᠯᠤᠯᠲᠠ ᠪᠠ ᠵᠠᠰᠠᠨ ᠰᠡᠷᠭᠦᠭᠡᠬᠦ ᠰᠠᠯᠠᠭ᠋ᠠᠨ᠎ᠤ ᠬᠠᠷᠢᠭᠤᠴᠠᠯᠭ᠋ᠠᠲᠠᠨ ᠪᠤᠶᠠᠨ᠎ᠤ ᠬᠡᠯᠡᠭᠰᠡᠨ ᠵᠶ᠋ᠠᠷ᠂ ᠪᠡᠯᠴᠢᠭᠡᠷ ᠠᠮᠠᠷᠠᠭ᠋ᠠᠬᠤ ᠪᠣᠯ ᠨᠢᠭᠡ ᠵᠢᠯ᠎ᠤᠨ ᠳᠣᠲᠣᠷᠠᠬᠢ ᠨᠢᠭᠡᠨ ᠬᠡᠰᠡᠭ ᠬᠤᠭᠤᠴᠠᠭ᠋ᠠᠨ᠎ᠳᠤ ᠪᠡᠯᠴᠢᠭᠡᠷ᠎ᠢ ᠠᠮᠠᠷᠠᠭ᠋ᠠᠬᠤ ᠠᠷᠭ᠎ᠠ ᠬᠡᠮᠵᠢᠶ᠎ᠡ ᠮᠥᠨ᠂ ᠰᠡᠯᠭᠦᠨ ᠮᠠᠯᠵᠢᠬᠤ ᠪᠣᠯ ᠤᠯᠠᠷᠢᠯ᠎ᠤᠨ ᠨᠤᠲᠤᠭ ᠪᠡᠯᠴᠢᠭᠡᠷ ᠪᠤᠶᠤ ᠪᠡᠯᠴᠢᠭᠡᠷᠯᠡᠭᠦᠯᠬᠦ ᠲᠣᠭᠤᠷᠢᠭ ᠬᠤᠪᠢᠶᠠᠨ᠂ ᠰᠡᠯᠭᠦᠵᠦ ᠡᠭᠡᠯᠵᠢᠯᠡᠨ ᠮᠠᠯᠵᠢᠬᠤ ᠨᠢᠭᠡ ᠵᠦᠢ᠍ᠯ᠎ᠤᠨ ᠠᠷᠭ᠎ᠠ ᠪᠠᠷᠢᠯ ᠮᠦᠨ᠃ ᠵᠢᠯ ᠪᠦᠷᠢ ᠵᠢᠨ 4 ᠰᠠᠷ᠎ᠠ᠎ᠠᠴᠠ 5 ᠰᠠᠷ᠎ᠠ ᠵᠢᠨ ᠬᠤᠭᠤᠷᠤᠨᠳᠤ᠂ ᠬᠤᠯᠠᠨ ᠰᠢᠷᠭ᠎ᠠ ᠳᠠᠭ᠎ᠠ ᠵᠢᠨ ᠡᠯᠡᠰᠤᠨ ᠨᠤᠲᠤᠭ᠎ᠤᠨ ᠮᠠᠯ ᠪᠡᠯᠴᠢᠭᠡᠷ᠎ᠤᠨ ᠲᠡᠩᠴᠡᠭᠦᠷᠢ ᠵᠢ ᠪᠠᠲᠤᠯᠠᠬᠤ ᠣᠷᠣᠨ᠎ᠳᠤ ᠴᠦᠮ ᠬᠠᠪᠤᠷ ᠤᠯᠠᠷᠢᠯ᠎ᠤᠨ ᠪᠡᠯᠴᠢᠭᠡᠷ ᠠᠮᠠᠷᠠᠭᠤᠯᠬᠤ ᠵᠢ ᠬᠡᠷᠡᠭᠵᠢᠭᠦᠯᠦᠨ᠎ᠡ᠃ ᠬᠠᠪᠤᠷ᠎ᠤᠨ ᠤᠯᠠᠷᠢᠯ᠎ᠤᠨ ᠪᠡᠯᠴᠢᠭᠡᠷ ᠠᠮᠠᠷᠠᠭᠤᠯᠬᠤ ᠪᠣᠳᠠᠲᠤ ᠦᠷ᠎ᠡ ᠪᠦᠲᠦᠮᠵᠢ ᠵᠢ ᠦᠨᠡᠨᠬᠦ ᠪᠠᠲᠤᠯᠠᠬᠤ ᠵᠢᠨ ᠲᠤᠰᠠᠳᠠ᠂ ᠲᠤᠬᠠᠶ ᠵᠢᠨ ᠭᠠᠵᠠᠷ᠎ᠤᠨ ᠵᠠᠰᠠᠭ᠎ᠤᠨ ᠣᠷᠳᠣᠨ᠎ᠠᠴᠠ ᠠᠮᠠᠷᠠᠭᠤᠯᠵᠦ ᠪᠠᠶ᠋ᠢᠭ᠎ᠠ ᠪᠡᠯᠴᠢᠭᠡᠷ᠎ᠤᠨ ᠮᠦ᠍ ᠪᠦᠷᠢ᠎ᠳᠤ 0.75 ᠲᠥᠭᠦᠷᠢᠭ᠎ᠤᠨ ᠨᠥᠬᠦᠪᠥᠷᠢ ᠣᠯᠭᠤᠳᠠᠭ᠃
ᠮᠠᠰᠢᠪᠠᠲᠤ ᠪᠣᠯ ᠠᠪᠠᠭ᠎ᠠ ᠬᠤᠰᠢᠭᠤᠨ᠎ᠤ ᠪᠡᠯᠭᠦᠳᠡᠢ ᠪᠠᠯᠭ᠋ᠠᠰᠤᠨ᠎ᠤ ᠰᠠᠶ᠋ᠢᠬᠠᠨ ᠲᠦᠮᠡᠨ ᠭᠠᠴᠠᠭ᠋ᠠᠨ᠎ᠤ ᠮᠠᠯᠴᠢᠨ ᠶᠤᠮ᠃ ᠲᠡᠳᠡᠨᠡᠶ᠋ᠢᠬᠢᠨ 2 ᠲᠦᠮᠡᠨ ᠮᠦ᠍ ᠪᠡᠯᠴᠢᠭᠡᠷ᠎ᠲᠠᠢ᠂ 70 ᠭᠠᠷᠤᠢ ᠦᠬᠡᠷ᠂ 300 ᠭᠠᠷᠤᠢ ᠬᠤᠨᠢ ᠮᠠᠯᠵᠢᠵᠦ ᠪᠤᠢ᠃ ᠨᠢᠳᠤᠨᠤᠨ ᠡᠪᠦᠯ ᠣᠷᠣᠬᠤ᠎ᠠᠴᠠ ᠡᠮᠦᠨ᠎ᠡ᠂ ᠲᠡᠷᠡ 140 ᠲᠣᠨ ᠡᠪᠡᠰᠦ ᠪᠣᠷᠳᠤᠭ᠎ᠠ ᠬᠤᠳᠠᠯᠳᠤᠨ ᠠᠪᠴᠠᠶ᠃ ᠬᠤᠷᠠᠭ᠎ᠠ ᠲᠤᠰᠬᠤ᠎ᠠᠴᠠ ᠨᠢᠭᠡ ᠰᠠᠷ᠎ᠠ ᠵᠢᠨ ᠡᠮᠦᠨ᠎ᠡ ᠦᠬᠡᠷ ᠬᠤᠨᠢ᠎ᠪᠠᠨ ᠲᠥᠪᠯᠡᠷᠡᠭᠦᠯᠦᠨ ᠬᠠᠰᠢᠶᠠᠯᠠᠨ ᠲᠡᠵᠢᠭᠡᠵᠦ᠂ ᠬᠠᠪᠤᠷ᠎ᠤᠨ ᠤᠯᠠᠷᠢᠯ᠎ᠳᠤ ᠪᠡᠯᠴᠢᠭᠡᠷ ᠵᠶ᠋ᠠᠨ ᠠᠮᠠᠷᠠᠭᠤᠯᠪᠠ᠃ ᠡᠨᠡ ᠬᠦ᠌ ᠰᠠᠭᠤᠷᠢᠨ ᠳᠡᠭᠡᠷ᠎ᠡ᠂ ᠮᠠᠰᠢᠪᠠᠲᠤ ᠪᠠᠰᠠ ᠪᠡᠯᠴᠢᠭᠡᠷ ᠰᠡᠯᠭᠦᠨ ᠮᠠᠯᠵᠢᠳᠠᠭ ᠪᠠᠶ᠋ᠢᠯ᠎ᠠ᠃ ᠲᠡᠷᠡ ᠪᠡᠯᠴᠢᠭᠡᠷ ᠵᠶ᠋ᠠᠨ 4 ᠬᠡᠰᠡᠭ ᠬᠤᠪᠢᠶᠠᠵᠤ᠂ ᠵᠤᠨ᠎ᠤ ᠤᠯᠠᠷᠢᠯ᠎ᠳᠤ 2 ᠬᠡᠰᠡᠭ ᠪᠡᠯᠴᠢᠭᠡᠷ ᠳᠡᠭᠡᠷ᠎ᠡ᠎ᠪᠠᠨ ᠮᠠᠯᠵᠢᠵᠤ᠂ ᠨᠠᠮᠤᠷ ᠡᠪᠦᠯ᠎ᠤᠨ ᠤᠯᠠᠷᠢᠯ᠎ᠳᠤ ᠨᠦᠭᠦᠭᠡ 2 ᠬᠡᠰᠡᠭ ᠪᠡᠯᠴᠢᠭᠡᠷᠲᠡᠭᠡᠨ ᠰᠡᠯᠭᠦᠨ ᠮᠠᠯᠵᠢᠨ᠎ᠠ᠃ 《ᠢᠩᠭᠢᠪᠡᠯ ᠦᠬᠡᠷ ᠬᠤᠨᠢ ᠴᠠᠳᠬᠤᠯᠠᠩ᠂ ᠪᠡᠯᠴᠢᠭᠡᠷ ᠴᠦ᠍ ᠠᠮᠤᠷᠵᠢᠨ ᠲᠡᠩᠬᠡᠷᠡᠵᠦ ᠴᠢᠳᠠᠨ᠎ᠠ》 ᠭᠡᠵᠦ ᠲᠡᠷᠡ ᠬᠡᠯᠡᠨ᠎ᠡ᠃
![]()
![]()
![]()
《ᠦᠢ᠍ᠯᠡᠳᠪᠦᠷᠢᠯᠡᠯ ᠠᠮᠢᠳᠤᠷᠠᠯ ᠠᠮᠢ ᠠᠬᠤᠢ》 ᠵᠢ ᠬᠠᠮᠲᠤᠳᠤᠨᠢ ᠬᠠᠷᠠᠭ᠋ᠠᠯᠵᠠᠵᠤ ᠡᠯᠡᠰᠦ ᠵᠢ ᠵᠠᠰᠠᠵᠤ ᠶᠠᠳᠠᠭᠤ᠎ᠠᠴᠠ ᠠᠩᠭᠢᠵᠢᠷᠠᠨ ᠪᠠᠶᠠᠵᠢᠯ᠎ᠤᠨ ᠵᠠᠮ᠎ᠢ ᠬᠥᠭᠡᠭᠡᠯ᠎ᠡ
ᠵᠢᠭ᠋ᠠᠷᠲᠤ ᠨᠠᠷᠠᠰᠤ᠂ ᠭᠦᠢ᠍ᠯᠡᠰᠦᠨ ᠮᠣᠳᠣ᠂ ᠤᠯᠢᠶᠠᠰᠤᠨ ᠮᠣᠳᠣ ᠠᠯᠠᠬᠯᠠᠨ ᠤᠷᠭᠤᠭᠰᠠᠨ ᠣᠶ ᠵᠢᠨ ᠳᠣᠲᠣᠷ᠎ᠠ᠂ ᠥᠩᠭᠡᠷᠡᠭᠡᠭᠰᠡᠨ᠎ᠤ 《ᠡᠯᠡᠰᠤᠨ ᠬᠤᠳᠤᠭᠤᠷ》᠎ᠤᠨ ᠪᠠᠷ᠎ᠠ ᠰᠤᠷᠠᠭ ᠬᠠᠷᠠᠭᠳᠠᠬᠤ᠎ᠪᠠᠨ ᠪᠣᠯᠢᠵᠤ᠂ ᠰᠦᠨᠳᠡᠷᠯᠡᠨ ᠪᠣᠰᠤᠭᠰᠠᠨ ᠣᠢ ᠮᠣᠳᠣ᠎ᠨᠢ ᠯᠤᠲᠤ ᠶᠡᠭᠡ 《ᠥᠩᠭᠡ ᠲᠣᠬᠢᠷᠠᠭᠤᠯᠬᠤ ᠲᠠᠪᠠᠭ》 ᠵᠢ ᠪᠦᠷᠢᠯᠳᠦᠭᠦᠯᠵᠦ᠂ ᠬᠤᠯᠠᠨ ᠰᠢᠷᠭ᠎ᠠ ᠳᠠᠭ᠎ᠠ ᠵᠢᠨ ᠡᠯᠡᠰᠦᠨ᠎ᠤ ᠡᠮᠦᠨ᠎ᠡ ᠵᠠᠬ᠎ᠠ ᠵᠢᠨ ᠳᠤᠯᠤᠨ ᠨᠠᠭᠤᠷ ᠰᠢᠶᠠᠨ᠎ᠢ ᠮᠠᠰᠢ ᠭᠤᠶᠣ ᠴᠢᠮᠡᠭᠯᠡᠵᠡᠶ᠃
ᠳᠤᠯᠤᠨ ᠨᠠᠭᠤᠷ ᠰᠢᠶᠠᠨ᠎ᠤ ᠲᠠᠷᠢᠶᠠᠴᠢᠨ ᠵᠢᠶᠠ ᠵᠢᠶᠠᠨ ᠹᠧᠩ 2000 ᠣᠨ᠎ᠠᠴᠠ ᠡᠬᠢᠯᠡᠨ 5000 ᠮᠦ᠍ ᠠᠭᠯᠠᠭ ᠠᠭᠤᠯᠠ ᠵᠢ ᠳᠠᠭ᠋ᠠᠭ᠋ᠠᠴᠢᠯᠠᠨ ᠵᠢᠭ᠋ᠠᠷᠲᠤ ᠨᠠᠷᠠᠰᠤ ᠲᠠᠷᠢᠵᠤ᠂ ᠣᠳᠣ ᠪᠣᠯᠬᠤ᠎ᠳᠤ ᠨᠢᠭᠡᠨᠲᠡ 100 ᠲᠦᠮᠡᠨ ᠰᠢᠷᠬᠡᠭ ᠮᠤᠳᠤ ᠲᠠᠷᠢᠵᠠᠢ᠃ 《ᠥᠩᠭᠡᠷᠡᠭᠡᠭᠰᠡᠨ᠎ᠳᠤ ᠪᠢ ᠥᠪᠡᠷ᠎ᠤᠨ ᠠᠭᠤᠯᠠᠨ ᠳᠡᠭᠡᠷ᠎ᠡ᠎ᠪᠠᠨ ᠬᠤᠨᠢ ᠬᠠᠷᠢᠭᠤᠯᠵᠦ ᠪᠠᠶ᠋ᠢᠯ᠎ᠠ᠃ 2000 ᠣᠨ᠎ᠠᠴᠠ ᠡᠮᠦᠨ᠎ᠡ ᠠᠮᠢ ᠠᠬᠤᠶ ᠬᠦᠨᠳᠦ ᠨᠣᠴᠢᠲᠠᠶ ᠡᠪᠳᠡᠭᠳᠡᠨ᠂ ᠡᠳᠦᠷ ᠪᠤᠯᠭ᠋ᠠᠨ ᠡᠯᠡᠰᠦᠨ ᠰᠢᠭᠤᠷᠭ᠎ᠠ ᠳᠡᠭᠳᠡᠳᠡᠭ᠃》 ᠲᠡᠷᠡ ᠬᠡᠯᠡᠬᠦ᠎ᠳᠡᠭᠡᠨ᠄ 《ᠳᠠᠬᠢᠵᠤ 〈ᠬᠠᠭᠤᠴᠢᠨ ᠪᠡᠯᠡ᠎ᠪᠠᠨ ᠢᠳᠡᠵᠦ ᠪᠣᠯᠬᠤ ᠦᠭᠡᠢ〉 ᠪᠤᠯᠪᠠ᠂ ᠰᠡᠭᠦᠯᠡᠷ᠎ᠨᠢ ᠬᠤᠨᠢ᠎ᠪᠠᠨ ᠬᠤᠳᠠᠯᠳᠤᠭ᠋ᠠᠳ ᠮᠣᠳᠣ ᠲᠠᠷᠢᠵᠦ ᠤᠷᠤᠯᠳᠤᠪᠠ᠃ ᠣᠳᠣ ᠠᠮᠢ ᠠᠬᠤᠢ ᠵᠢᠨ ᠣᠶ᠋ᠢᠵᠢᠭᠤᠯᠤᠯᠲᠠ ᠵᠢᠨ ᠲᠤᠰᠬᠠᠢ ᠡᠷᠦᠬᠡ ᠪᠣᠯᠵᠤ᠂ ᠵᠢᠯ ᠪᠦᠷᠢ ᠴᠢᠬᠢ ᠮᠤᠳᠤ ᠬᠤᠳᠠᠯᠳᠤᠭᠰᠠᠨ ᠣᠷᠣᠯᠭ᠎ᠠ ᠬᠡᠳᠦᠨ ᠵᠠᠭᠤᠨ ᠲᠦᠮᠡᠨ ᠲᠥᠭᠦᠷᠢᠭ᠎ᠲᠤ ᠬᠦᠷᠴᠦ ᠪᠠᠶ᠋ᠢᠨ᠎ᠠ》 ᠭᠡᠵᠡᠢ᠃
ᠬᠤᠯᠠᠨ ᠰᠢᠷᠭ᠎ᠠ ᠳᠠᠭ᠎ᠠ ᠵᠢᠨ ᠡᠯᠡᠰᠤᠨ ᠨᠤᠲᠤᠭ᠎ᠨᠢ 11 ᠬᠤᠰᠢᠭᠤ ᠰᠢᠶᠠᠨ ᠬᠤᠲᠠ᠎ᠳᠤ ᠪᠠᠶ᠋ᠢᠷᠢᠯᠠᠵᠦ᠂ 20 ᠭᠠᠷᠤᠶ ᠲᠦᠮᠡᠨ ᠬᠥᠮᠦᠨ ᠠᠮᠢᠳᠤᠷᠠᠵᠤ ᠪᠠᠶ᠋ᠢᠨ᠎ᠠ᠃ ᠲᠡᠳᠡᠨ᠎ᠤ ᠣᠯᠠᠩᠬᠢ᠎ᠨᠢ ᠮᠠᠯ ᠠᠵᠤ ᠠᠬᠤᠢ ᠵᠢᠨ ᠦᠢ᠍ᠯᠡᠳᠪᠦᠷᠢᠯᠡᠯ ᠡᠷᠬᠢᠯᠡᠵᠦ᠂ 240 ᠲᠦᠮᠡ ᠰᠢᠬᠠᠮ ᠮᠠᠯ ᠠᠷᠠᠴᠢᠯᠠᠨ ᠮᠠᠯᠵᠢᠵᠦ ᠪᠠᠶ᠋ᠢᠭ᠎ᠠ ᠦᠢ᠍ᠯᠡᠳᠪᠦᠷᠢᠯᠡᠯ᠂ ᠠᠮᠢᠳᠤᠷᠠᠯ᠂ ᠠᠮᠢ ᠠᠬᠤᠢ ᠵᠢᠨ ᠰᠣᠯᠪᠢᠴᠠᠯ ᠣᠷᠣᠨ ᠪᠣᠯᠤᠨ᠎ᠠ᠃
ᠡᠯᠡᠰᠤᠨ ᠭᠠᠵᠠᠷ᠎ᠤᠨ ᠠᠮᠢ ᠠᠬᠤᠢ ᠵᠢ ᠵᠠᠰᠠᠬᠤ ᠶᠠᠪᠤᠴᠠ᠎ᠳᠤ᠂ ᠦᠢ᠍ᠯᠡᠳᠪᠦᠷᠢᠯᠡᠯ᠂ ᠠᠮᠢᠳᠤᠷᠠᠯ ᠬᠢᠭᠡᠳ ᠠᠮᠢ ᠠᠬᠤᠢ ᠵᠢ ᠬᠠᠮᠠᠭ᠋ᠠᠯᠠᠬᠤ ᠵᠢᠨ ᠬᠤᠭᠤᠷᠣᠨᠳᠤᠬᠢ ᠵᠥᠷᠢᠴᠡᠯ᠎ᠢ ᠬᠡᠷᠬᠢᠨ ᠰᠢᠢ᠍ᠳᠪᠦᠷᠢᠯᠡᠬᠦ᠎ᠨᠢ ᠬᠠᠮᠤᠭ᠎ᠤᠨ ᠬᠦᠴᠢᠷ ᠠᠰᠠᠭᠤᠳᠠᠯ ᠪᠠᠶ᠋ᠢᠯ᠎ᠠ᠃ ᠡᠨᠡᠬᠦ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠵᠢᠨ ᠲᠥᠯᠥᠭᠡ ᠲᠤᠬᠠᠶ ᠵᠢᠨ ᠭᠠᠵᠠᠷ᠎ᠤᠨ ᠠᠮᠢ ᠠᠬᠤᠶ ᠵᠢᠨ ᠪᠦᠲᠦᠭᠡᠨ ᠪᠠᠶ᠋ᠢᠭᠤᠯᠤᠯᠲᠠ ᠵᠢᠨ ᠠᠵᠤ ᠦᠢ᠍ᠯᠡᠰᠴᠢᠯᠡᠯᠲᠡ᠂ ᠠᠵᠤ ᠦᠢ᠍ᠯᠡᠰ᠎ᠤᠨ ᠬᠥᠭᠵᠢᠯᠲᠡ ᠵᠢᠨ ᠠᠮᠢ ᠠᠬᠤᠶ᠋ᠢᠴᠢᠯᠠᠯᠲᠠᠪᠠᠷ ᠳᠠᠮᠵᠢᠨ᠂ ᠠᠮᠢ ᠠᠬᠤᠶ ᠬᠢᠭᠡᠳ ᠠᠵᠤ ᠦᠢ᠍ᠯᠡᠰ᠂ ᠡᠯᠡᠰᠦ ᠵᠢ ᠵᠠᠰᠠᠬᠤ ᠬᠢᠭᠡᠳ ᠶᠠᠳᠠᠭᠤ ᠵᠢ ᠵᠠᠰᠠᠬᠤ ᠵᠢ ᠭᠦᠨᠵᠡᠭᠡᠶ ᠠᠭᠤᠰᠤᠯᠴᠠᠭᠤᠯᠵᠤ᠂ ᠡᠯᠡᠰᠦᠷᠬᠡᠭ ᠣᠷᠣᠨ᠎ᠤ ᠠᠵᠤ ᠦᠢ᠍ᠯᠡᠰ᠎ᠤᠨ ᠪᠦᠲᠦᠴᠡ ᠵᠢ ᠲᠦᠷᠭᠡᠨ ᠰᠢᠯᠢᠳᠡᠭᠵᠢᠭᠦᠯᠵᠦ᠂ ᠦᠢ᠍ᠯᠡᠳᠪᠦᠷᠢᠯᠡᠯ ᠡᠵᠡᠩᠨᠡᠯᠲᠡ ᠵᠢᠨ ᠠᠷᠭ᠎ᠠ ᠮᠠᠶᠢᠭ ᠵᠶ᠋ᠠᠨ ᠢᠳᠡᠪᠬᠢᠲᠡᠶ᠎ᠪᠠᠷ ᠬᠤᠪᠢᠷᠠᠭᠤᠯᠵᠤ᠂ ᠦᠢ᠍ᠯᠡᠳᠪᠦᠷᠢᠯᠡᠯ᠂ ᠠᠮᠢᠳᠤᠷᠠᠯ ᠪᠣᠯᠤᠨ ᠠᠮᠢ ᠠᠬᠤᠢ ᠵᠢᠨ ᠬᠠᠯᠬᠠᠪᠴᠢ ᠵᠢᠨ ᠪᠦᠲᠦᠭᠡᠨ ᠪᠠᠶ᠋ᠢᠭᠤᠯᠤᠯᠲᠠ ᠵᠢᠨ ᠣᠯᠠᠨ ᠲᠠᠯ᠎ᠠ᠎ᠪᠠᠷ ᠠᠰᠢᠭ ᠬᠦᠷᠲᠡᠬᠦ ᠦᠷ᠎ᠡ ᠪᠦᠲᠦᠮᠵᠢ ᠣᠯᠵᠠᠢ᠃
ᠰᠢᠯᠢ ᠵᠢᠨ ᠭᠤᠣᠯ ᠠᠶ᠋ᠢᠮᠠᠭ᠎ᠤᠨ ᠰᠢᠯᠤᠭᠤᠨ ᠬᠥᠬᠡ ᠬᠤᠰᠢᠭᠤᠨ᠎ᠤ ᠰᠠᠩ᠎ᠤᠨ ᠳᠠᠯᠠᠢ ᠪᠠᠯᠭ᠋ᠠᠰᠤᠨ᠎ᠤ ᠮᠠᠯᠴᠢᠨ ᠠᠪᠤᠷᠢᠮᠡᠳᠤᠨᠬᠢᠨ ᠬᠤᠯᠠᠨ ᠰᠢᠷᠭ᠎ᠠ ᠳᠠᠭ᠎ᠠ ᠵᠢᠨ ᠡᠯᠡᠰᠦᠨ᠎ᠤ ᠥᠷᠦᠴᠡᠨ᠎ᠳᠤ ᠠᠮᠢᠳᠤᠷᠠᠵᠤ ᠪᠠᠶ᠋ᠢᠨ᠎ᠠ᠃ ᠦᠩᠭᠡᠷᠡᠭᠰᠡᠨ ᠵᠢᠯ᠎ᠤᠳ᠎ᠲᠤ ᠬᠡᠲᠦ ᠮᠠᠯᠵᠢᠭᠰᠠᠨ᠎ᠠᠴᠠ ᠪᠣᠯᠵᠤ᠂ ᠲᠡᠳᠡᠨ᠎ᠤ ᠭᠡᠷ᠎ᠤᠨ 960 ᠮᠦ᠍ ᠬᠠᠳᠤᠯᠠᠩ ᠪᠡᠯᠴᠢᠭᠡᠷ᠎ᠨᠢ ᠬᠦᠨᠳᠦ ᠨᠣᠴᠢᠲᠠᠶ ᠡᠯᠡᠰᠦᠷᠬᠡᠭᠵᠢᠪᠡ᠃ ᠪᠡᠯᠴᠢᠭᠡᠷ ᠨᠤᠲᠤᠭ᠎ᠨᠢ ᠡᠯᠡᠰᠦᠨ᠎ᠳᠤ ᠢᠳᠡᠭ ᠢᠳᠡᠭ ᠵᠶ᠋ᠠᠷ ᠵᠠᠯᠭᠢᠭᠳᠠᠵᠤ ᠪᠠᠶ᠋ᠢᠬᠤ ᠵᠢ ᠬᠠᠷᠠᠭ᠋ᠠᠳ 1996 ᠣᠨ᠎ᠳᠤ᠂ ᠲᠡᠷᠡ 400 ᠭᠠᠷᠤᠶ ᠬᠤᠨᠢ᠎ᠪᠠᠨ ᠪᠦᠬᠦᠨ᠎ᠢ ᠵᠠᠷ᠎ᠤᠨ᠂ ᠠᠷᠪᠠᠨ ᠬᠡᠳᠦᠨ ᠦᠬᠡᠷ ᠰᠣᠯᠢᠵᠤ ᠠᠪᠤᠭ᠋ᠠᠳ ᠬᠠᠰᠢᠶᠠᠯᠠᠨ ᠲᠡᠵᠢᠭᠡᠬᠦ ᠪᠠ ᠪᠣᠷᠳᠣᠵᠤ ᠲᠠᠷᠭᠤᠯᠠᠭᠤᠯᠬᠤ ᠵᠢ ᠬᠡᠷᠡᠭᠵᠢᠭᠦᠯᠵᠦ᠂ ᠦᠬᠡᠷ ᠲᠡᠵᠢᠭᠡᠬᠦ ᠵᠢᠨ ᠳᠠᠭ᠋ᠠᠤ ᠡᠪᠡᠰᠦ ᠲᠠᠷᠢᠵᠤ ᠡᠯᠡᠰᠦ ᠵᠢ ᠵᠠᠰᠠᠪᠠ᠃
ᠣᠳᠣ ᠲᠡᠲᠡᠨᠡᠶ᠋ᠢᠬᠢᠨ 36 ᠰᠢᠮᠧᠨ᠋ᠲ᠋ᠠᠷ ᠦᠬᠡᠷ᠎ᠲᠠᠢ ᠪᠣᠯᠵᠤ᠂ ᠵᠢᠯ ᠪᠦᠷᠢ ᠵᠢᠨ ᠲᠤᠭᠤᠯ ᠪᠣᠷᠣᠯᠠᠭᠤᠯᠤᠭ᠋ᠠᠳ ᠣᠯᠬᠤ ᠣᠷᠣᠯᠭ᠎ᠠ᠎ᠨᠢ 30 ᠲᠦᠮᠡᠨ ᠲᠥᠭᠦᠷᠢᠭ ᠰᠢᠬᠠᠵᠤ᠂ ᠮᠢᠩᠭ᠎ᠠ ᠰᠢᠬᠠᠮ ᠮᠦ᠍ ᠨᠤᠲᠤᠭ ᠪᠡᠯᠴᠢᠭᠡᠷ᠎ᠤᠨ ᠠᠮᠢ ᠠᠬᠤᠶ᠎ᠨᠢ ᠴᠤ᠌ ᠰᠡᠷᠭᠦᠪᠡ᠃
ᠣᠶ᠋ᠢᠯᠠᠭ᠋ᠠᠭᠰᠠᠨ ᠵᠶ᠋ᠠᠷ᠂ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠬᠢᠭᠡᠳ ᠠᠵᠤ ᠦᠢ᠍ᠯᠡᠰ᠎ᠤᠨ ᠨᠡᠭᠡᠭᠡᠨ ᠬᠦᠭᠵᠢᠭᠦᠯᠦᠯᠲᠡ᠂ ᠡᠯᠡᠰᠦᠷᠬᠡᠭᠵᠢᠯ᠎ᠢ ᠵᠠᠰᠠᠬᠤ ᠬᠢᠭᠡᠳ ᠶᠠᠳᠠᠭᠤ ᠵᠢ ᠵᠠᠰᠠᠬᠤ ᠵᠢ ᠭᠦᠨᠵᠡᠭᠡᠶ ᠠᠭᠤᠰᠤᠯᠴᠠᠭᠤᠯᠤᠭᠰᠠᠨ᠎ᠠᠴᠠ ᠬᠤᠯᠠᠨ ᠰᠢᠷᠭ᠎ᠠ ᠳᠠᠭ᠎ᠠ ᠵᠢᠨ ᠡᠯᠡᠰᠤᠨ ᠨᠤᠲᠤᠭ᠎ᠤᠨ 2.5 ᠲᠦᠮᠡᠨ ᠶᠠᠳᠠᠭᠤ ᠬᠦᠴᠢᠷᠳᠡᠯᠲᠡᠶ ᠮᠠᠯᠴᠢᠨ ᠲᠠᠷᠢᠶᠠᠴᠢᠨ᠎ᠢ ᠶᠠᠳᠠᠭᠤ᠎ᠠᠴᠠ ᠠᠩᠭᠢᠵᠢᠷᠠᠭᠤᠯᠤᠨ ᠪᠠᠶᠠᠵᠢᠯ᠎ᠤᠨ ᠵᠠᠮ ᠵᠶ᠋ᠠᠷ ᠵᠠᠮᠨᠠᠭᠤᠯᠵᠠᠢ᠃
20 ᠵᠢᠯ᠎ᠤᠨ ᠵᠠᠰᠠᠯᠲᠠ᠎ᠪᠠᠷ ᠳᠠᠮᠵᠢᠨ᠂ ᠬᠤᠯᠠᠨ ᠰᠢᠷᠭ᠎ᠠ ᠳᠠᠭ᠎ᠠ ᠵᠢᠨ ᠡᠯᠡᠰᠤ ᠮᠠᠩᠬᠠᠨ ᠨᠤᠲᠤᠭ᠎ᠤᠨ ᠠᠮᠢ ᠠᠬᠤᠢ ᠵᠢᠨ ᠣᠷᠴᠢᠨ ᠲᠣᠭᠤᠷᠢᠨ ᠮᠡᠳᠡᠭᠳᠡᠮ᠎ᠡ ᠰᠠᠶ᠋ᠢᠵᠢᠷᠠᠵᠤ᠂ ᠣᠢ ᠰᠢᠭᠤᠢ ᠡᠪᠡᠰᠦ ᠪᠡᠯᠴᠢᠭᠡᠷ᠎ᠤᠨ ᠠᠵᠤ ᠦᠢ᠍ᠯᠡᠰ᠂ ᠢᠳᠡᠰᠢᠨ ᠦᠬᠡᠷ᠎ᠤᠨ ᠠᠵᠤ ᠦᠢ᠍ᠯᠡᠰ ᠪᠠ ᠵᠤᠭ᠋ᠠᠴᠠᠯ᠎ᠤᠨ ᠠᠵᠦ ᠦᠢ᠍ᠯᠡᠰ ᠲᠦᠷᠭᠡᠨ ᠬᠥᠭᠵᠢᠪᠡ᠃ ᠲᠠᠷᠢᠶᠠᠴᠢᠨ ᠮᠠᠯᠴᠢᠨ᠎ᠤ ᠦᠢ᠍ᠯᠡᠳᠪᠦᠷᠢᠯᠡᠯ ᠠᠮᠢᠳᠤᠷᠠᠯ ᠪᠠᠲᠤᠯᠠᠭ᠎ᠠ᠎ᠲᠠᠢ ᠪᠣᠯᠵᠤ᠂ ᠠᠮᠢ ᠠᠬᠤᠢ ᠵᠢᠨ ᠬᠠᠯᠬᠠᠪᠴᠢ ᠵᠢᠨ ᠪᠦᠲᠦᠭᠡᠨ ᠪᠠᠶ᠋ᠢᠭᠤᠯᠤᠯᠲᠠ ᠦᠷ᠎ᠡ ᠪᠦᠲᠦᠮᠵᠢ ᠣᠯᠪᠠ᠃ ᠬᠠᠮᠤᠭ᠎ᠤᠨ ᠰᠢᠨ᠎ᠡ ᠪᠦᠷᠢᠳᠬᠡᠭᠰᠡᠨ ᠲᠤᠭ᠎ᠠ ᠪᠠᠷᠢᠮᠲᠠ᠎ᠳᠤ ᠢᠯᠡᠷᠡᠭᠦᠯᠦᠭᠰᠡᠨ ᠵᠶ᠋ᠠᠷ᠂ 2017᠎ᠤᠨ ᠪᠣᠯᠲᠠᠯ᠎ᠠ ᠬᠤᠯᠠᠨ ᠰᠢᠷᠭ᠎ᠠ ᠳᠠᠭ᠎ᠠ ᠵᠢᠨ ᠡᠯᠡᠰᠤᠨ ᠨᠤᠲᠤᠭ᠎ᠤᠨ ᠣᠶ ᠰᠢᠭᠤᠶ ᠵᠢᠨ ᠪᠦᠷᠬᠦᠴᠡ ᠵᠢᠨ ᠨᠣᠷᠮ᠎ᠠ 2004 ᠣᠨ᠎ᠤ 13.05% ᠪᠠᠶ᠋ᠢᠭᠰᠠᠨ᠎ᠠᠴᠠ᠎ᠪᠠᠨ 23.35% ᠪᠣᠯᠲᠠᠯ᠎ᠠ ᠳᠡᠭᠡᠭᠰᠢᠯᠡᠵᠡᠶ᠃ 2018 ᠣᠨ᠎ᠳᠤ᠂ ᠬᠤᠯᠠᠨ ᠰᠢᠷᠭ᠎ᠠ ᠳᠠᠭ᠎ᠠ ᠵᠢᠨ ᠡᠯᠡᠰᠤᠨ᠎ᠤ ᠨᠤᠲᠤᠭ ᠪᠡᠯᠴᠢᠭᠡᠷ᠎ᠤᠨ ᠤᠷᠭᠤᠮᠠᠯ᠎ᠤᠨ ᠪᠦᠷᠬᠦᠴᠡ 41%᠎ᠳᠤ ᠬᠦᠷᠴᠦ᠂ 2001 ᠣᠨ᠎ᠤ᠎ᠬᠢ᠎ᠠᠴᠠ᠎ᠪᠠᠨ 8 ᠵᠠᠭᠤᠨ᠎ᠤ ᠨᠢᠭᠡᠴᠢ ᠳᠡᠭᠡᠭᠰᠢᠯᠡᠪᠡ᠃
(ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠳ᠋ᠢᠩ ᠮᠢᠩ᠂ ᠵᠠᠩ ᠬᠤᠩ ᠾᠧ᠂ ᠢᠦᠢ ᠵᠢᠶᠠ᠂ ᠬᠠᠯᠢᠨ᠎ᠠ)