ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠤᠯᠠᠭ᠋ᠠᠨᠬᠣᠲᠠ ᠵᠢᠨ ᠣᠶ ᠰᠢᠭᠤᠶ ᠪᠠ ᠨᠤᠳᠤᠭ ᠪᠡᠯᠴᠢᠭᠡᠷ᠎ᠤᠨ ᠲᠣᠪᠴᠢᠶ᠎ᠠ ᠣᠶ᠋ᠢᠲᠤ ᠭᠠᠵᠠᠷ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠣᠶ᠋ᠢᠲᠤ ᠭᠠᠵᠠᠷ᠎ᠤᠨ ᠬᠤᠷᠤᠭᠳᠠᠯ᠎ᠢ ᠰᠡᠷᠭᠡᠢ᠌ᠯᠡᠵᠦ ᠪᠤᠢ
ᠨᠡᠶ᠋ᠢᠲᠡᠯᠡᠭᠰᠡᠨ ᠴᠠᠭ᠄ 2020-07-20

      ᠣᠶ᠋ᠢᠲᠤ ᠭᠠᠵᠠᠷ᠎ᠤᠨ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ ᠵᠢᠷᠤᠮᠵᠢᠭᠤᠯᠵᠤ᠂ ᠣᠶ᠋ᠢᠲᠤ ᠭᠠᠵᠠᠷ᠎ᠤᠨ ᠬᠤᠷᠤᠭᠳᠠᠯ᠎ᠢ ᠰᠠᠷᠭᠡᠢ᠌ᠯᠡᠵᠦ᠂ ᠣᠶ ᠰᠢᠭᠤᠶ ᠵᠢᠨ ᠡᠬᠢ ᠪᠠᠶᠠᠯᠢᠭ᠎ᠢ ᠬᠠᠮᠠᠭ᠋ᠠᠯᠠᠬᠤ ᠵᠢᠨ ᠲᠤᠰᠠᠳᠠ᠂ ᠤᠯᠠᠭ᠋ᠠᠨᠬᠤᠳᠠ ᠵᠢᠨ ᠤᠢ ᠰᠢᠭᠤᠢ ᠪᠠ ᠨᠤᠳᠤᠭ ᠪᠡᠯᠴᠢᠭᠡᠷ᠎ᠤᠨ ᠲᠣᠪᠴᠢᠶ᠎ᠠ ᠵᠢᠨ ᠡᠬᠢ ᠪᠠᠶᠠᠯᠢᠭ᠎ᠤᠨ ᠦᠷᠳᠡᠭᠡ᠎ᠠᠴᠠ ᠰᠢᠶᠠᠩ ᠪᠠᠯᠭ᠋ᠠᠰᠤᠨ᠎ᠤ ᠣᠶ ᠰᠢᠭᠤᠶ ᠵᠢᠨ ᠥᠷᠲᠡᠭᠡ ᠵᠢᠨ 2018 ᠣᠨ᠎ᠳᠤ ᠣᠭᠲᠣᠯᠤᠭᠰᠠᠨ ᠪᠤᠯᠪᠠᠴᠤ ᠰᠢᠨᠡᠴᠢᠯᠡᠯᠳᠡ ᠬᠢᠭᠡ ᠦᠭᠡᠢ ᠤᠢ᠌ᠲᠤ ᠭᠠᠵᠠᠷ᠎ᠤᠨ ᠣᠶ ᠰᠢᠭᠤᠶ ᠵᠢᠨ ᠡᠷᠬᠡ ᠵᠢᠨ ᠥᠮᠴᠢᠯᠡᠭᠴᠢ᠎ᠳᠤ 《ᠵᠠᠷᠯᠢᠭᠳᠠᠵᠤ ᠪᠠᠶ᠋ᠢᠭ᠋ᠠᠳ ᠲᠣᠭᠲᠠᠭᠰᠠᠨ ᠬᠤᠭᠤᠴᠠᠭ᠋ᠠᠨ᠎ᠳᠤ ᠣᠶ᠋ᠢᠲᠤ ᠭᠠᠵᠠᠷ᠎ᠤᠨ ᠤᠤᠯ᠎ᠤᠨ ᠪᠠᠶ᠋ᠢᠳᠠᠯ᠎ᠢ ᠰᠡᠷᠭᠦᠭᠡᠬᠦ ᠮᠡᠳᠡᠭᠳᠡᠯ᠎ᠤᠨ ᠪᠢᠴᠢᠭ》 ᠪᠠᠭᠤᠯᠭ᠋ᠠᠪᠠ᠃



      ᠤᠢ᠌ᠷ᠎ᠠ ᠵᠢᠨ ᠵᠢᠯ᠎ᠳᠤ᠂ ᠤᠯᠠᠭ᠋ᠠᠨᠬᠣᠲᠠ ᠵᠢᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠨᠤᠭᠤᠭ᠋ᠠᠨᠯᠢᠭ ᠬᠥᠭᠵᠢᠯᠲᠡ ᠵᠢᠨ ᠠᠶᠠᠨ᠎ᠢ ᠪᠠᠷᠢᠮᠲᠠᠯᠠᠵᠤ᠂ ᠣᠯᠠᠨ ᠠᠷᠭ᠎ᠠ ᠬᠡᠮᠵᠢᠶ᠎ᠡ ᠠᠪᠴᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠷᠴᠢᠮ ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠣᠢ ᠰᠢᠭᠤᠶ ᠵᠢᠨ ᠡᠬᠢ ᠪᠠᠶᠠᠯᠢᠭ᠎ᠤᠨ ᠤᠷᠲᠤ ᠬᠤᠭᠤᠴᠠᠭ᠋ᠠᠨ᠎ᠤ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠤᠨ ᠪᠦᠷᠢᠨᠰᠢᠬᠦᠯᠵᠦ ᠪᠤᠢ᠃ ᠵᠢᠯ ᠪᠦᠷᠢ ᠡᠯ᠎ᠡ ᠵᠦᠢ᠍ᠯ᠎ᠤᠨ ᠣᠢ ᠰᠢᠭᠤᠶ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠶᠡᠷᠦᠩᠬᠡᠶ᠋ᠢᠯᠡᠭᠰᠡᠨ ᠪᠠᠢ᠌ᠴᠭ᠋ᠠᠠᠯᠳᠠ ᠪᠤᠶᠤ ᠲᠤᠰᠬᠠᠶ ᠪᠠᠶ᠋ᠢᠴᠠᠭ᠋ᠠᠯᠲᠠ ᠵᠢ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠵᠣᠬᠢᠶᠠᠨ   ᠪᠠᠢ᠌ᠭᠤᠯᠤᠨ ᠶᠠᠪᠤᠭᠳᠠᠭᠤᠯᠵᠤ᠂ ᠤᠢ᠌ᠲᠤ ᠭᠠᠵᠠᠷ᠎ᠢ ᠬᠡᠷᠡᠭᠯᠡᠬᠦ ᠣᠨ᠎ᠤ ᠲᠥᠷᠥᠯ ᠵᠦᠢ᠍ᠯ᠎ᠤᠨ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠬᠠᠮᠵᠢᠯᠴᠠᠨ ᠬᠢᠵᠦ᠂ ᠤᠢ᠌ᠲᠤ ᠭᠠᠵᠠᠷ᠎ᠢ ᠬᠠᠤᠯᠢ᠎ᠠᠴᠠ ᠵᠥᠷᠢᠴᠡᠨ ᠡᠵᠡᠯᠡᠨ ᠬᠡᠷᠡᠭᠯᠡᠬᠦ ᠪᠠ ᠣᠢ ᠮᠣᠳᠣ ᠵᠢ ᠳᠤᠷ᠎ᠠ᠎ᠪᠠᠷ ᠣᠭᠲᠣᠯᠬᠤ ᠠᠰᠠᠭᠤᠳᠠᠯ᠎ᠢ ᠴᠠᠭ ᠲᠤᠬᠠᠶ᠎ᠳᠤᠨᠢ ᠤᠢ᠌ᠯᠠᠭ᠋ᠠᠬᠤ ᠵᠢᠨ ᠬᠠᠮᠲᠤ ᠴᠡᠭᠴᠡᠯᠡᠨ ᠰᠠᠢ᠌ᠵᠢᠷᠠᠭᠤᠯᠵᠤ ᠪᠤᠢ᠃



      ᠡᠨᠡ ᠤᠳᠠᠭ᠋ᠠᠨ᠎ᠤ ᠠᠵᠢᠯᠯᠠᠭ᠎ᠠ᠎ᠨᠢ ᠤᠢ᠌ᠲᠤ ᠭᠠᠵᠠᠷ᠎ᠢ ᠬᠠᠤᠯᠢ ᠶᠣᠰᠣᠭ᠋ᠠᠷ ᠬᠠᠮᠠᠭ᠋ᠠᠯᠠᠬᠤ ᠪᠠ ᠵᠦᠶ ᠵᠣᠬᠢᠰᠲᠠᠶ ᠬᠡᠷᠡᠭᠯᠡᠬᠦ ᠬᠠᠷᠠᠯᠲᠠ᠎ᠳᠤ ᠬᠦᠷᠴᠦ᠂ ᠤᠢ᠌ᠲᠤ ᠭᠠᠵᠠᠷ᠎ᠤᠨ ᠬᠠᠮᠠᠭ᠋ᠠᠯᠠᠯᠲᠠ ᠬᠠᠮᠢᠶᠠᠷᠤᠯᠲᠠ ᠵᠢᠨ ᠠᠵᠢᠯ᠎ᠤᠨ ᠳᠦᠷᠢᠮᠵᠢᠯᠲᠡ ᠵᠢ ᠠᠬᠢᠭᠤᠯᠵᠤ᠂ ᠤᠯᠠᠭ᠋ᠠᠨᠬᠣᠲᠠ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ᠎ᠳᠤ ᠪᠠᠲᠤᠯᠠᠭ᠎ᠠ ᠬᠠᠩᠭ᠋ᠠᠪᠠ᠃

ᠢᠷᠡᠯᠲᠡ᠄ ᠬᠢᠩᠭ᠋ᠠᠨ ᠠᠶ᠋ᠢᠮᠠᠭ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠨᠤᠲᠤᠭ ᠪᠡᠯᠴᠢᠭᠡᠷ᠎ᠤᠨ ᠴᠠᠷᠴᠠᠬᠠᠢ ᠵᠢ ᠤᠰᠠᠳᠬᠠᠪᠠ
ᠬᠠᠨ ᠠᠭᠤᠯᠠ ᠵᠢᠨ ᠤᠡᠭᠭᠤᠨ ᠲᠥᠷᠬᠦ ᠰᠡᠷᠬᠦᠵᠥ 2100 ᠭᠠᠷᠤᠢ ᠬᠦᠮᠦᠨ ᠠᠷᠠᠳ ᠪᠠᠶᠠᠵᠢᠯ᠎ᠤᠨ ᠵᠠᠮ ᠵᠶ᠋ᠠᠨ ᠡᠯᠬᠦᠯ᠎ᠠ
ᠪᠤᠭᠤᠲᠤ ᠬᠣᠲᠠ ᠨᠤᠳᠤᠭ ᠪᠡᠯᠴᠢᠭᠡᠷ᠎ᠤᠨ ᠴᠠᠷᠴᠠᠬᠠᠶ ᠵᠢ ᠰᠡᠷᠭᠡᠶ᠋ᠢᠯᠡᠨ ᠡᠵᠡᠮᠳᠡᠬᠦ ᠠᠵᠢᠯ᠎ᠢ ᠡᠮᠬᠢ ᠵᠢᠷᠤᠮ᠎ᠲᠠᠢ᠎ᠪᠠᠷ ᠶᠠᠪᠤᠭᠳᠠᠭᠤᠯᠵᠤ ᠪᠣᠶ
ᠠᠯᠠᠱ᠌ᠠ ᠠᠶ᠋ᠢᠮᠠᠭ ᠢᠳᠡᠭᠡᠨ᠎ᠳᠤ ᠬᠡᠷᠡᠭᠯᠡᠬᠦ ᠵᠢ ᠴᠠᠭ᠋ᠠᠵᠠᠯᠠᠭᠰᠠᠨ ᠬᠡᠭᠡᠷ᠎ᠡ ᠵᠢᠨ ᠠᠮᠢᠲᠠᠨ᠎ᠢ ᠰᠢᠢ᠍ᠳᠪᠦᠷᠢᠯᠡᠬᠦ ᠠᠵᠢᠯ᠎ᠢ ᠪᠡᠶᠡᠯᠡᠭᠦᠯᠪᠡ
ᠠᠯᠠᠱ᠌ᠠ ᠠᠶ᠋ᠢᠮᠠᠭ ᠢᠳᠡᠭᠡᠨ᠎ᠳᠤ ᠬᠡᠷᠡᠭᠯᠡᠬᠦ ᠵᠢ ᠴᠠᠭ᠋ᠠᠵᠠᠯᠠᠭᠰᠠᠨ ᠬᠡᠭᠡᠷ᠎ᠡ ᠵᠢᠨ ᠠᠮᠢᠲᠠᠨ᠎ᠢ ᠰᠢᠢ᠍ᠳᠪᠦᠷᠢᠯᠡᠬᠦ ᠠᠵᠢᠯ᠎ᠢ ᠪᠡᠶᠡᠯᠡᠭᠦᠯᠪᠡ
 
             蒙ICP备05000248号