ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠬᠠᠨ ᠠᠭᠤᠯᠠ ᠵᠢᠨ ᠤᠡᠭᠭᠤᠨ ᠲᠥᠷᠬᠦ ᠰᠡᠷᠬᠦᠵᠥ 2100 ᠭᠠᠷᠤᠢ ᠬᠦᠮᠦᠨ ᠠᠷᠠᠳ ᠪᠠᠶᠠᠵᠢᠯ᠎ᠤᠨ ᠵᠠᠮ ᠵᠶ᠋ᠠᠨ ᠡᠯᠬᠦᠯ᠎ᠠ
ᠨᠡᠶ᠋ᠢᠲᠡᠯᠡᠭᠰᠡᠨ ᠴᠠᠭ᠄ 2020-08-11

     7 ᠰᠠᠷ᠎ᠠ ᠵᠢᠨ ᠡᠬᠢ᠎ᠪᠠᠷ ᠵᠠᠷᠤᠳ ᠬᠤᠰᠢᠭᠤᠨ᠎ᠤ ᠬᠠᠨ ᠠᠭᠤᠯᠠ ᠤᠯᠤᠰ᠎ᠤᠨ ᠲᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠳᠠ ᠵᠢᠨ ᠤᠷᠤᠨ ᠵᠶ᠋ᠠᠷ ᠰᠤᠷᠪᠤᠯᠵᠢᠯᠠᠨ ᠶᠠᠪᠤᠬᠤ᠎ᠳᠤ᠂ ᠬᠠᠮᠠᠭ᠋ᠠᠯᠠᠯᠳᠠ ᠵᠢᠨ ᠤᠷᠤᠨ᠎ᠤ ᠬᠠᠨᠭ᠌ᠭ᠋ᠠᠢ ᠵᠢᠯᠠᠭ᠎ᠠ᠎ᠪᠠᠷ ᠭᠤᠤᠯ ᠭᠤᠷᠤᠬ᠎ᠠ ᠮᠤᠷᠤᠯᠵᠠᠨ ᠤᠷᠤᠰᠴᠤ ᠬᠤᠸᠠᠷ ᠴᠡᠴᠡᠭ ᠮᠢᠷᠠᠯᠵᠠᠨ᠂ ᠠᠭᠤᠯᠠ ᠬᠠᠶ᠋ᠢᠷᠬᠠᠨ ᠵᠶ᠋ᠠᠷ᠎ᠨᠢ ᠭᠠᠯᠠᠭᠤ ᠰᠢᠪᠠᠭᠤᠳ ᠵᠢᠷᠬᠢᠨ ᠲᠤᠩᠭᠤᠳᠤᠭ᠋ᠠᠳ ᠤᠡᠭᠭᠤᠨ ᠪᠠᠶ᠋ᠢᠭ᠋ᠠᠯᠢ ᠵᠢᠨ ᠡᠳᠡᠭᠡᠳ ᠭᠤᠶᠤ ᠥᠵᠡᠮᠵᠢ ᠬᠠᠷᠠᠭ᠎ᠠ ᠪᠠᠶᠠᠰᠬᠠᠨ ᠰᠤᠨᠤᠷ᠎ᠢ ᠴᠢᠪᠬᠠᠳᠠᠨ᠎ᠠ᠃ ᠪᠢᠳᠠᠨ᠎ᠢ ᠵᠠᠮᠴᠢᠯᠠᠵᠤ ᠶᠠᠪᠤᠭ᠎ᠠ ᠲᠤᠰ ᠬᠠᠮᠠᠭ᠋ᠠᠯᠠᠯᠳᠠ ᠵᠢᠨ ᠤᠷᠤᠨ᠎ᠤ ᠵᠡᠷᠯᠢᠭ ᠠᠮᠢᠳᠠᠨ ᠤᠷᠭᠤᠮᠠᠯ᠎ᠢ ᠬᠢᠨᠠᠨ ᠪᠠᠶ᠋ᠢᠴᠠᠭ᠋ᠠᠬᠤ ᠠᠯᠪᠠᠨ ᠭᠡᠷ᠎ᠤᠨ ᠬᠠᠷᠢᠭᠤᠴᠠᠯᠭ᠋ᠠᠳᠠᠨ ᠪᠠᠭ᠋ᠠᠨ᠎ᠠ ᠬᠡᠭᠴᠢ ᠠᠳᠡᠬᠢ ᠵᠢᠨ ᠪᠠᠶ᠋ᠢᠭ᠋ᠠᠯᠢ ᠵᠢᠨ ᠪᠠᠶ᠋ᠢᠷᠢᠰᠢᠯ᠎ᠠᠴᠠ ᠭᠤᠤ ᠵᠢᠯᠠᠭ᠎ᠠ᠂ ᠠᠷᠢᠶᠠᠳᠠᠨ ᠵᠢᠬᠦᠷᠳᠡᠨ᠎ᠳᠤ᠎ᠨᠢ ᠬᠥᠷᠳᠡᠯ᠎ᠠ ᠠᠯᠠᠭ᠋ᠠᠨ᠎ᠤ ᠵᠢᠷᠤᠭ᠋ᠠᠰᠤ᠎ᠪᠠᠨ ᠰᠢᠬ ᠲᠤᠳᠤᠷᠬᠠᠢ ᠮᠡᠳᠡᠳᠡᠭ ᠬᠥᠮᠥᠨ᠃ 《2008 ᠤᠨ᠎ᠠᠴᠠ ᠨᠠᠭ᠋ᠠᠰᠢ ᠵᠠᠷᠤᠳ ᠬᠤᠰᠢᠭᠤ 3 ᠳ᠋ᠥᠡᠭᠰᠢᠭᠤᠷ ᠲᠥᠬᠦᠷᠢᠭ ᠵᠠᠷᠤᠴᠠᠭᠤᠯᠤᠨ 789 ᠮᠠᠯᠵᠢᠬᠤ ᠡᠷᠥᠭᠡ ᠵᠢ ᠨᠡᠬᠦᠯᠭᠡᠨ ᠲᠦᠪᠬᠢᠨᠠᠬᠦᠯᠥᠭᠰᠡᠨ ᠵᠶ᠋ᠠᠷ ᠬᠠᠨ ᠠᠭᠤᠯᠠ ᠵᠢᠨ ᠤᠡᠭᠭᠤᠨ ᠲᠥᠷᠬᠦ ᠰᠡᠷᠬᠦᠯ᠎ᠠ》 ᠬᠡᠵᠥ ᠲᠡᠷᠡ ᠥᠪᠴᠢ ᠨᠤᠭᠤᠭ᠋ᠠᠷᠠᠬᠤ ᠠᠭᠤᠯᠨ ᠲᠤᠯᠤᠭ᠋ᠠᠳ᠎ᠢ ᠰᠢᠷᠳᠠᠨ ᠪᠡᠶᠡᠷᠳᠠᠢ ᠶᠠᠷᠢᠨ᠎ᠠ᠃


      ᠠᠮᠢ ᠠᠬᠤᠢ ᠵᠢᠨ ᠣᠷᠴᠢᠨ ᠲᠣᠭᠤᠷᠢᠨ᠎ᠢ ᠦᠨᠡᠨ ᠬᠦ᠌ ᠬᠠᠮᠠᠭ᠋ᠠᠯᠠᠵᠤ ᠮᠠᠯᠴᠢᠳ᠎ᠤᠨ ᠦᠢ᠍ᠯᠡᠳᠪᠦᠷᠢᠯᠡᠯ ᠠᠮᠢᠳᠤᠷᠠᠯ᠎ᠢ ᠰᠠᠶ᠋ᠢᠵᠢᠷᠠᠭᠤᠯᠬᠤ ᠵᠢᠨ ᠲᠥᠯᠥᠭᠡ᠂ ᠵᠠᠷᠤᠳ ᠬᠤᠰᠢᠭᠤ 2008 ᠣᠨ᠎ᠠᠴᠠ ᠨᠠᠭ᠋ᠠᠰᠢ ᠪᠡᠯᠴᠢᠬᠡᠷᠯᠡᠬᠦᠯᠬᠦ ᠵᠢ ᠵᠤᠭᠰᠤᠭ᠋ᠠᠵᠤ ᠨᠡᠬᠦᠯᠬᠡᠨ ᠰᠢᠯᠵᠢᠬᠦᠯᠬᠦ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠵᠦ᠂ ᠬᠠᠨ ᠠᠭᠤᠯᠠ ᠤᠯᠤᠰ᠎ᠤᠨ ᠲᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠵᠡᠷᠭᠡ ᠤᠢ ᠰᠢᠭᠤᠢ ᠵᠢᠨ ᠲᠠᠯᠠᠪᠠᠶ ᠵᠢᠨ ᠠᠵᠢᠯᠲᠠᠨ ᠪᠣᠯᠤᠨ ᠠᠷᠤ ᠬᠥᠨᠳᠡᠯᠡᠨ ᠪᠠᠯᠭ᠋ᠠᠰᠤ ᠵᠢᠨ 11 ᠭᠠᠴᠠᠭ᠎ᠠ ᠲᠣᠰᠬᠤᠨ᠎ᠤ ᠤᠤᠯ᠎ᠤᠨ ᠰᠠᠭᠤᠭ᠋ᠠᠯᠢ ᠠᠷᠠᠳ᠎ᠢ ᠪᠦᠬᠦᠨ᠎ᠢ ᠨᠡᠭᠦᠯᠭᠡᠨ ᠰᠢᠯᠵᠢᠬᠦᠯᠵᠤ᠂ ᠠᠮᠢ ᠠᠬᠤᠶ ᠵᠢᠨ ᠨᠡᠭᠦᠳᠡᠯ ᠠᠷᠠᠳ 789 ᠡᠷᠦᠬᠡ ᠵᠢᠨ 2116 ᠬᠥᠮᠦᠨ ᠠᠮᠠ ᠵᠢ ᠲᠣᠬᠢᠲᠠᠶ ᠲᠥᠪᠬᠢᠨᠡᠭᠦᠯᠵᠡᠶ᠃ ᠬᠠᠮᠠᠭ᠋ᠠᠯᠠᠯᠳᠠ ᠵᠢᠨ ᠤᠷᠤᠨ᠎ᠳᠠᠬᠢ ᠰᠠᠭᠤᠭ᠋ᠠᠯᠢ ᠠᠷᠠᠳ᠎ᠤᠨ ᠭᠡᠷ ᠪᠠᠶ᠋ᠢᠰᠢᠩ᠂ ᠮᠠᠯ᠎ᠤᠨ ᠬᠠᠰᠢᠶ᠎ᠠ ᠰᠠᠷᠠᠪᠴᠢ ᠵᠢ ᠪᠦᠬᠦᠨ᠎ᠢ ᠨᠤᠷᠠᠭ᠋ᠠᠨ ᠬᠥᠮᠦᠨ ᠮᠠᠯ ᠥᠬᠡᠶ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠪᠦᠳᠦᠬᠡᠨ ᠪᠠᠶ᠋ᠢᠭᠤᠯᠵᠤ᠂ ᠬᠠᠮᠢᠶᠠᠷᠤᠨ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠪᠥᠬᠦ ᠲᠠᠯ᠎ᠠ᠎ᠪᠠᠷ ᠴᠢᠩᠭ᠋ᠠᠳᠬᠠᠨ ᠠᠮᠢ ᠠᠬᠤᠶ ᠵᠢ ᠦᠷᠭᠦᠯᠵᠢᠯᠡᠨ ᠰᠡᠷᠬᠦᠬᠡᠨ ᠰᠠᠶ᠋ᠢᠵᠢᠷᠠᠭᠤᠯᠪᠠ᠃ ᠤᠳᠤ ᠵᠠᠷᠤᠳ ᠬᠤᠰᠢᠭᠤᠨ᠎ᠤ ᠬᠠᠨ ᠠᠭᠤᠯᠠ ᠵᠢᠨ ᠤᠯᠤᠰ᠎ᠤᠨ ᠲᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠠᠬᠢ 145 ᠲᠦᠮᠡᠨ ᠮᠦ᠍ ᠵᠢᠨ ᠠᠮᠢ ᠠᠬᠤᠢ ᠵᠢᠨ ᠲᠠᠯ᠎ᠠ ᠨᠤᠲᠤᠭ ᠪᠣᠯᠤᠨ ᠠᠷᠤ ᠬᠥᠨᠳᠡᠯᠡᠨ ᠪᠠᠯᠭ᠋ᠠᠰᠤ ᠵᠢᠨ ᠮᠠᠯᠴᠢᠨ ᠠᠷᠠᠳ᠎ᠢ ᠨᠡᠬᠦᠯᠬᠡᠭᠰᠡᠨ ᠣᠷᠣᠨ᠎ᠤ 80 ᠲᠦᠮᠡᠨ ᠮᠦ᠍ ᠵᠢᠨ ᠠᠮᠢ ᠠᠬᠤᠢ ᠵᠢᠨ ᠲᠠᠯ᠎ᠠ ᠨᠤᠲᠤᠭ ᠥᠪᠴᠢ ᠨᠣᠭᠤᠭ᠋ᠠᠷᠠᠵᠤ᠂ ᠬᠥᠮᠥᠨ ᠪᠠᠶ᠋ᠢᠭ᠋ᠠᠯᠢ ᠡᠶ᠎ᠡ ᠵᠤᠬᠢᠴᠠᠭᠰᠠᠨ ᠲᠠᠭ᠋ᠠᠭ᠋ᠠᠮᠠᠭ᠋ᠠᠢ ᠬᠥᠭᠵᠢᠯᠳᠠ ᠵᠢᠨ ᠵᠡᠮ᠎ᠳᠤ ᠤᠷᠤᠯ᠎ᠠ᠃
      ᠵᠠᠷᠤᠳ ᠬᠤᠰᠢᠭᠤ ᠪᠠᠶ᠋ᠢᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠳᠠᠭᠠᠨ ᠠᠮᠢ ᠠᠬᠤᠢ ᠵᠢᠨ ᠬᠠᠮᠠᠭ᠋ᠠᠯᠠᠯᠳᠠ ᠵᠢᠨ ᠲᠥᠷᠥ ᠵᠢᠨ ᠪᠤᠳᠤᠯᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠥ᠂ ᠤᠢ ᠰᠢᠭᠤᠢ ᠵᠢ ᠬᠠᠮᠠᠭ᠋ᠠᠯᠠᠬᠤ ᠥᠷᠳᠡᠭᠡ᠎ᠳᠡᠭᠡᠨ ᠤᠢ ᠮᠤᠳᠤ ᠠᠮᠢᠳᠠᠨ ᠤᠷᠭᠤᠮᠠᠯ᠎ᠢ ᠬᠠᠮᠠᠭ᠋ᠠᠯᠠᠬᠤ 200 ᠭᠠᠷᠤᠢ ᠠᠵᠢᠯᠳᠠᠨ᠎ᠲᠠᠢ ᠪᠠᠶ᠋ᠢᠯᠭ᠋ᠠᠨ᠂ ᠭᠠᠯ ᠰᠡᠷᠭᠡᠶ᠋ᠢᠯᠡᠵᠤ ᠭᠠᠯ ᠤᠨᠳᠠᠷᠠᠭ᠋ᠠᠬᠤ 40 ᠭᠠᠷᠤᠢ ᠠᠵᠢᠯᠳᠠᠨ ᠡᠳᠤᠷ᠎ᠤᠨ 24 ᠴᠠᠭ ᠵᠶ᠋ᠠᠷ ᠡᠭᠡᠯᠵᠢᠯᠡᠨ ᠵᠢᠵᠢᠬᠦᠷᠯᠡᠵᠤ ᠡᠬᠦᠷᠭᠡ ᠬᠠᠷᠢᠭᠤᠴᠠᠯᠭ᠎ᠠ᠎ᠪᠠᠨ ᠬᠥᠢ᠍ᠴᠡᠳᠭᠡᠵᠤ ᠪᠤᠢ᠃ ᠲᠡᠳᠡ ᠨᠠᠷ 2018 ᠤᠨ᠎ᠤ ᠰᠡᠬᠦᠯᠴᠢ ᠪᠤᠯᠳᠠᠯ᠎ᠠ᠂ ᠠᠵᠢᠯ᠎ᠤᠨ ᠴᠢᠯᠥᠭᠡ ᠵᠠᠪ ᠵᠶ᠋ᠠᠷ ᠵᠶ᠋ᠠᠨ ᠪᠠᠶ᠋ᠢᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠠᠴᠠ ᠨᠡᠬᠦᠵᠤ ᠭᠠᠷᠤᠭᠰᠠᠨ ᠥᠡᠭᠭᠡᠳᠤ ᠲᠡᠮᠦᠷᠯᠢᠭ᠎ᠤᠨ ᠠᠭᠤᠷᠬᠠᠢ ᠵᠢᠨ ᠠᠵᠤ ᠥᠢ᠍ᠯᠡᠳᠪᠤᠷᠢ ᠵᠢᠨ ᠦᠯᠡᠳᠡᠬᠡᠭᠰᠡᠨ ᠭᠤᠤ ᠨᠥᠬᠡ ᠵᠢ ᠴᠦᠮ ᠪᠥᠭᠯᠡᠨ ᠲᠡᠭᠰᠢᠯᠡᠵᠤ ᠨᠤᠭᠤᠭ᠋ᠠᠷᠠᠭᠤᠯᠤᠭᠰᠠᠨ ᠪᠠᠶ᠋ᠢᠨ᠎ᠠ᠃
      ᠬᠠᠷ᠎ᠠ ᠥᠷᠪᠢ ᠰᠢᠪᠠᠭᠤ ᠪᠤᠯ ᠪᠥᠬᠦ ᠤᠯᠤᠰ᠎ᠤᠨ ᠬᠡᠪᠴᠢᠶᠠᠨ᠎ᠳᠤ ᠰᠠᠶᠢ 10 ᠭᠠᠷᠦ᠋ᠢ᠍ᠬᠠᠨ ᠪᠠᠶ᠋ᠢᠳᠠᠬ ᠤᠮᠠᠷᠠᠳᠤ ᠤᠷᠤᠨ᠎ᠤ ᠬᠠᠮᠤᠬ᠎ᠤᠨ ᠲᠤᠮᠤ ᠤᠰᠤᠨ ᠰᠢᠪᠠᠭᠤ ᠵᠢᠨ ᠨᠢᠬᠡ ᠶᠤᠮ᠃ ᠬᠤᠷᠢᠳᠤᠭ᠋ᠠᠷ ᠵᠠᠭᠤᠨ᠎ᠤ ᠨᠠᠶᠠᠭ᠋ᠠᠳ ᠤᠨ᠎ᠤ ᠥᠶᠡᠰ᠎ᠲᠤ ᠡᠨᠡ ᠬᠦ᠌ ᠬᠤᠪᠤᠷ ᠴᠤᠬᠠᠬ ᠨᠡᠬᠦᠳᠡᠯ᠎ᠤᠨ ᠰᠢᠪᠠᠭᠤ ᠬᠠᠨ ᠠᠭᠤᠯᠠᠨ᠎ᠤ ᠬᠠᠪᠴᠢᠯ ᠬᠠᠳᠠ᠎ᠪᠠᠷ ᠨᠡᠬᠦᠳᠡᠯᠯᠡᠨ ᠠᠮᠢᠳᠤᠷᠠᠵᠥ ᠪᠠᠶ᠋ᠢᠬᠰᠠᠨ ᠭᠡᠳᠡᠭ᠃ ᠬᠤᠵᠢᠮ᠎ᠨᠢ ᠠᠮᠢ ᠠᠬᠤᠢ ᠤᠷᠴᠢᠨ ᠲᠤᠭᠤᠷᠢᠨ᠎ᠤ ᠮᠠᠭᠤᠳᠠᠯ᠎ᠠᠴᠠ ᠪᠤᠯᠵᠥ ᠬᠠᠨ ᠠᠭᠤᠯᠠ ᠪᠠᠶ᠋ᠢᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠳᠤ ᠨᠢᠬᠡᠨ ᠥᠶ᠎ᠠ ᠥᠵᠡᠭᠳᠡᠬᠦ᠎ᠪᠠᠨ ᠪᠤᠯᠢᠪᠠ᠃ ᠥᠢ᠍ᠷ᠎ᠠ ᠵᠢᠨ ᠵᠢᠯ᠎ᠳᠤ ᠠᠮᠢ ᠠᠬᠤᠢ ᠢᠯᠡᠳᠳᠠ ᠰᠠᠶ᠋ᠢᠵᠢᠷᠠᠭᠰᠠᠨ᠎ᠠᠴᠠ ᠨᠢᠳᠤᠨᠤᠨ ᠨᠢᠬᠡ ᠬᠤᠤᠰ ᠬᠠᠷ᠎ᠠ ᠥᠷᠪᠢ ᠬᠠᠨ ᠠᠭᠤᠯᠠᠨ᠎ᠳᠤ ᠨᠡᠬᠦᠳᠡᠯᠯᠡᠨ ᠢᠷᠡᠵᠥ᠂ 3 ᠡᠬᠦᠷ ᠥᠨᠳᠡᠭᠡᠯᠡᠭᠡᠳ ᠨᠠᠪᠴᠢᠬᠦ ᠥᠶᠡᠰ᠎ᠲᠤᠨᠢ ᠯᠠᠮᠠ ᠭᠠᠯᠠᠭᠤ᠂ ᠥᠵᠢᠨ ᠬᠠᠳᠠᠨ ᠵᠡᠷᠭᠡ ᠰᠢᠪᠠᠭᠤᠳ᠎ᠤᠨ ᠨᠤᠳᠤᠬ ᠪᠤᠯᠢᠶᠠᠯᠳᠤᠬᠤ ᠲᠠᠮᠠᠴᠠᠯ ᠲᠤᠮᠳᠠ ᠡᠬᠦᠷ᠎ᠨᠢ ᠡᠪᠳᠡᠯᠡᠭᠳᠡᠭᠰᠡᠨ᠎ᠠᠴᠠ ᠠᠷᠭ᠎ᠠ ᠪᠤᠰᠤ ᠥᠨᠳᠡᠭᠡ᠎ᠪᠠᠨ ᠬᠠᠶᠠᠭ᠋ᠠᠳ ᠪᠤᠴᠠᠬᠰᠠᠨ ᠪᠠᠶ᠋ᠢᠨ᠎ᠠ᠃ ᠡᠨᠡ ᠵᠢᠯ᠎ᠤᠨ 4 ᠰᠠᠷ᠎ᠠ ᠵᠢᠨ ᠡᠬᠢ᠎ᠪᠠᠷ ᠪᠠᠰᠠ ᠨᠢᠭᠡ ᠬᠤᠤᠰ ᠬᠠᠷ᠎ᠠ ᠥᠷᠪᠢ ᠨᠡᠬᠦᠳᠡᠯᠯᠡᠨ ᠢᠷᠡᠵᠥ᠂ ᠬᠠᠮᠠᠭ᠋ᠠᠯᠠᠯᠳᠠ ᠵᠢᠨ ᠤᠷᠤᠨ᠎ᠤ ᠰᠠᠨᠵᠢ ᠵᠢᠨ ᠬᠠᠳᠠ ᠵᠢᠨ ᠡᠭᠴᠡ ᠬᠠᠪᠴᠢᠯ᠎ᠳᠤ ᠡᠬᠦᠷ ᠪᠠᠷᠢᠨ ᠤᠷᠤᠩᠨᠠᠵᠤ᠂ 5 ᠰᠠᠷ᠎ᠠ ᠵᠢᠨ ᠡᠬᠢ᠎ᠪᠠᠷ ᠥᠨᠳᠡᠭᠡᠯᠡᠨ 6 ᠰᠠᠷ᠎ᠠ ᠵᠢᠨ ᠡᠬᠢ᠎ᠪᠠᠷ 3 ᠠᠩᠭ᠋ᠠᠬᠠᠢ ᠨᠠᠪᠴᠢᠪᠠ᠂ ᠤᠳᠤ 3 ᠵᠤᠯᠵᠠᠭ᠎ᠠ᠎ᠨᠢ ᠬᠡᠪ᠎ᠤᠨ ᠥᠰᠥᠯᠳᠠ ᠵᠢᠨ ᠪᠠᠶ᠋ᠢᠳᠠᠯ ᠵᠶ᠋ᠠᠨ ᠪᠠᠳᠤᠯᠠᠵᠥ ᠪᠤᠢ᠃ ᠬᠠᠷ᠎ᠠ ᠥᠷᠪᠢ ᠬᠡᠭᠴᠢ ᠤᠷᠤᠰᠬᠠᠯ ᠲᠤᠩᠭ᠋ᠠᠯᠠᠬ ᠭᠤᠤᠯ ᠭᠤᠷᠤᠬ᠎ᠠ᠎ᠲᠠᠢ ᠨᠤᠮᠢᠨ ᠨᠤᠭᠤᠭ᠋ᠠᠨ ᠠᠭᠤᠯᠠ ᠬᠠᠶ᠋ᠢᠷᠬᠠᠨ᠎ᠢ ᠡᠷᠢᠵᠥ ᠡᠬᠦᠷ ᠪᠠᠷᠢᠵᠥ ᠥᠨᠳᠡᠭᠡᠯᠡᠳᠡᠭ ᠬᠠᠴᠢᠨ ᠭᠤᠶᠤ ᠰᠢᠪᠠᠭᠤ ᠶᠤᠮᠰᠠᠨ᠃ ᠲᠤᠰ ᠪᠠᠶ᠋ᠢᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠬᠠᠷᠢᠭᠤᠴᠠᠯᠭ᠋ᠠᠳᠠᠳ ᠤᠯᠠᠭ᠋ᠠᠨ᠎ᠤ ᠭᠠᠳᠠᠨᠠᠬᠢ ᠰᠠᠬᠦᠳᠡᠷᠯᠡᠬᠦ ᠮᠠᠰᠢᠨ ᠵᠶ᠋ᠠᠷ ᠡᠨᠡ ᠵᠢᠯ᠎ᠤᠨ ᠨᠡᠬᠦᠳᠡᠯᠯᠡᠵᠥ ᠢᠷᠡᠭᠰᠡᠨ ᠬᠠᠷ᠎ᠠ ᠦᠷᠪᠢ ᠵᠢᠨ ᠥᠷᠡᠵᠢᠵᠥ ᠠᠮᠢᠳᠤᠷᠠᠬᠤ ᠤᠯᠠ ᠮᠥᠷ᠎ᠢ ᠰᠡᠬᠦᠳᠡᠷᠯᠡᠬᠦ ᠶᠠᠪᠤᠴᠠ᠎ᠳᠠᠭᠠᠨ ᠤᠯᠤᠰ᠎ᠤᠨ ᠨᠢᠬᠡᠳᠤᠭᠡᠷ ᠲᠠᠰ᠎ᠤᠨ ᠬᠠᠮᠠᠭ᠋ᠠᠯᠠᠯᠳᠠ ᠵᠢᠨ ᠰᠢᠪᠠᠭᠤ ᠪᠤᠯᠬᠤ ᠲᠤᠭᠤᠳᠠᠬ ᠴᠤ᠌ 60 — 70 ᠨᠡᠬᠦᠳᠡᠯᠯᠡᠵᠤ ᠢᠷᠡᠭᠰᠡᠨ᠎ᠢ ᠮᠡᠳᠡᠪᠡ᠃
      ᠵᠤᠨ᠎ᠤ ᠵᠢᠷᠭᠤᠭ᠎ᠠ ᠲᠤᠯᠤᠭ᠋ᠠᠨ ᠰᠠᠷ᠎ᠠ ᠪᠤᠯᠤᠬᠰᠠᠭ᠋ᠠᠷ ᠵᠠᠷᠤᠳ ᠬᠤᠰᠢᠭᠤᠨ᠎ᠤ ᠬᠤᠶ᠋ᠢᠲᠤ ᠬᠡᠰᠡᠭ᠎ᠤᠨ ᠠᠭᠤᠯᠠᠷᠬᠠᠭ ᠭᠠᠵᠠᠷ᠎ᠤᠨ ᠲᠠᠯ᠎ᠠ ᠨᠤᠲᠤᠭ ᠮᠢᠩᠭ᠋ᠠᠨ ᠴᠡᠴᠡᠭ᠎ᠤᠨ ᠮᠢᠷᠠᠯᠵᠠᠭ᠋ᠠᠨ ᠵᠶ᠋ᠠᠷ ᠲᠤᠯᠬᠢᠶᠠᠯᠠᠨ ᠴᠡᠮᠴᠡᠭᠡᠷ ᠴᠠᠭ᠋ᠠᠨ ᠭᠤᠶᠣᠮᠰᠤᠭ ᠴᠠᠭ᠋ᠠᠨ ᠴᠡᠴᠡᠭ᠂ ᠭᠠᠯ ᠤᠯᠠᠭ᠋ᠠᠨ ᠲᠤᠷᠤᠬ ᠰᠠᠷᠠᠨ᠎ᠠ᠂ ᠨᠠᠷᠢᠬᠠᠨ ᠰᠠᠶ᠋ᠢᠬᠠᠨ ᠰᠢᠷ᠎ᠠ ᠴᠡᠴᠡᠭᠡᠰ ᠲᠡᠯᠪᠢ᠎ᠪᠠᠨ ᠲᠡᠯᠭᠡᠨ ᠥᠡᠭᠭᠡ ᠪᠤᠯᠢᠶᠠᠯᠳᠤᠨ ᠠᠭᠤᠯᠠᠷᠬᠠᠬ ᠤᠷᠤᠨ᠎ᠤ ᠲᠠᠯ᠎ᠠ ᠨᠤᠲᠤᠭ᠎ᠤᠨ ᠥᠵᠡᠮᠵᠢ ᠵᠢ ᠵᠢᠷᠤᠬᠯᠠᠨ᠎ᠠ᠃ ᠲᠠᠯ᠎ᠠ ᠨᠤᠲᠤᠭ᠎ᠤᠨ ᠴᠡᠴᠡᠭ ᠪᠣᠯ ᠡᠪᠡᠰᠦᠲᠦ ᠲᠠᠯ᠎ᠠ ᠵᠢᠨ ᠤᠷᠭᠤᠮᠠᠯ᠎ᠤᠨ ᠲᠥᠯᠥᠭᠡᠯᠡᠭᠴᠢ ᠮᠥᠨ᠂ ᠲᠡᠳᠡ ᠡᠨᠡ ᠬᠦ᠌ ᠨᠤᠲᠤᠭ ᠳᠡᠪᠢᠰᠬᠡᠷ ᠳᠡᠭᠡᠷ᠎ᠡ ᠢᠬ᠍ᠴᠤᠷᠠᠨ ᠲᠡᠯᠭᠡᠷᠡᠭᠰᠡᠨ᠎ᠨᠢ ᠪᠠᠰᠠ ᠵᠠᠷᠤᠳ ᠬᠤᠰᠢᠭᠤᠨ᠎ᠤ ᠠᠮᠢ ᠠᠬᠤᠶ ᠵᠢ ᠰᠡᠷᠬᠦᠬᠡᠬᠦ ᠲᠥᠷᠥ ᠵᠢᠨ ᠪᠤᠲᠤᠯᠭ᠎ᠠ ᠵᠢ ᠠᠷᠪᠠ ᠭᠠᠷᠤᠶ ᠵᠢᠯ ᠬᠡᠷᠡᠭᠵᠢᠭᠦᠯᠦᠭᠰᠡᠨ᠎ᠤ ᠠᠴᠢ ᠬᠠᠷᠢᠭᠤ ᠪᠤᠯᠬᠤ ᠶᠤᠮ᠃ ᠥᠢ᠍ᠯᠠᠭ᠋ᠠᠬᠰᠠᠨ ᠵᠶ᠋ᠠᠷ᠂ ᠤᠳᠤᠬᠠᠨ ᠪᠤᠯᠳᠠᠯ᠎ᠠ᠂ ᠬᠠᠮᠠᠭ᠋ᠠᠯᠠᠯᠲᠠ ᠵᠢᠨ ᠣᠷᠣᠨ᠎ᠳᠤ ᠨᠢᠭᠡᠨᠲᠡ ᠭᠡᠭᠡᠷ᠎ᠠ ᠵᠢᠨ ᠤᠷᠭᠤᠮᠠᠯ᠎ᠢ 78 ᠰᠠᠯᠠᠭ᠎ᠠ᠂ 619 ᠲᠥᠷᠥᠯ ᠢᠯᠡᠷᠡᠬᠦᠯᠵᠥ᠂ ᠭᠡᠭᠡᠷ᠎ᠠ ᠵᠢᠨ ᠠᠮᠢᠳᠠᠨ᠎ᠢ 22 ᠪᠠᠬ᠂ 50 ᠰᠠᠯᠠᠭ᠎ᠠ᠂ 160 ᠲᠥᠷᠥᠯ ᠢᠯᠡᠷᠡᠬᠦᠯᠵᠥ᠂ ᠤᠯᠤᠰ᠎ᠤᠨ ᠳᠡᠰ᠎ᠤᠨ ᠬᠠᠮᠠᠭ᠋ᠠᠯᠠᠯᠳᠠ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠢ ᠨᠡᠶ᠋ᠢᠳᠠ 30 ᠭᠠᠷᠤᠶ ᠵᠦᠢ᠍ᠯ ᠢᠯᠡᠷᠡᠬᠦᠯᠥᠭᠰᠡᠨ ᠪᠠᠶ᠋ᠢᠨ᠎ᠠ᠃
   

ᠢᠷᠡᠯᠲᠡ᠄ ᠳᠣᠮᠳᠠᠳᠣ ᠣᠯᠣᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠤᠭᠤᠲᠤ ᠬᠣᠲᠠ ᠨᠤᠳᠤᠭ ᠪᠡᠯᠴᠢᠭᠡᠷ᠎ᠤᠨ ᠴᠠᠷᠴᠠᠬᠠᠶ ᠵᠢ ᠰᠡᠷᠭᠡᠶ᠋ᠢᠯᠡᠨ ᠡᠵᠡᠮᠳᠡᠬᠦ ᠠᠵᠢᠯ᠎ᠢ ᠡᠮᠬᠢ ᠵᠢᠷᠤᠮ᠎ᠲᠠᠢ᠎ᠪᠠᠷ ᠶᠠᠪᠤᠭᠳᠠᠭᠤᠯᠵᠤ ᠪᠣᠶ
ᠠᠯᠠᠱ᠌ᠠ ᠠᠶ᠋ᠢᠮᠠᠭ ᠢᠳᠡᠭᠡᠨ᠎ᠳᠤ ᠬᠡᠷᠡᠭᠯᠡᠬᠦ ᠵᠢ ᠴᠠᠭ᠋ᠠᠵᠠᠯᠠᠭᠰᠠᠨ ᠬᠡᠭᠡᠷ᠎ᠡ ᠵᠢᠨ ᠠᠮᠢᠲᠠᠨ᠎ᠢ ᠰᠢᠢ᠍ᠳᠪᠦᠷᠢᠯᠡᠬᠦ ᠠᠵᠢᠯ᠎ᠢ ᠪᠡᠶᠡᠯᠡᠭᠦᠯᠪᠡ
ᠠᠯᠠᠱ᠌ᠠ ᠠᠶ᠋ᠢᠮᠠᠭ ᠢᠳᠡᠭᠡᠨ᠎ᠳᠤ ᠬᠡᠷᠡᠭᠯᠡᠬᠦ ᠵᠢ ᠴᠠᠭ᠋ᠠᠵᠠᠯᠠᠭᠰᠠᠨ ᠬᠡᠭᠡᠷ᠎ᠡ ᠵᠢᠨ ᠠᠮᠢᠲᠠᠨ᠎ᠢ ᠰᠢᠢ᠍ᠳᠪᠦᠷᠢᠯᠡᠬᠦ ᠠᠵᠢᠯ᠎ᠢ ᠪᠡᠶᠡᠯᠡᠭᠦᠯᠪᠡ
ᠤᠯᠠᠭ᠋ᠠᠨᠬᠠᠳᠠ ᠬᠤᠳᠠ ᠭᠠᠵᠠᠷ ᠰᠢᠷᠤᠢ ᠵᠢ ᠴᠡᠭᠴᠡᠯᠡᠨ ᠵᠠᠰᠠᠬᠤ ᠵᠢᠴᠢ ᠦᠨᠳᠦᠷ ᠪᠠᠷᠢᠮᠵᠢᠶᠠᠳᠤ ᠲᠠᠷᠢᠶᠠᠨ ᠭᠠᠵᠠᠷ᠎ᠤᠨ ᠪᠦᠳᠦᠭᠡᠨ ᠪᠠᠶ᠋ᠢᠭᠤᠯᠤᠯᠳᠠ᠎ᠠᠴᠠ ᠮᠦ᠍ ᠲᠤᠮᠳᠠᠴᠢ ᠵᠢᠨ ᠠᠰᠢᠭ ᠤᠷᠤᠯᠭ᠎ᠠ 20% ᠨᠡᠮᠡᠭᠳᠡᠵᠡᠢ
ᠤᠲᠤᠭ ᠬᠣᠰᠢᠭᠤᠨ᠎ᠤ ᠣᠢ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠢ᠍ᠯᠡᠬᠦ ᠤᠬᠠᠭᠤᠯᠭ᠎ᠠ ᠰᠤᠷᠭ᠋ᠠᠭᠤᠯᠢ ᠵᠢᠨ ᠬᠦᠷᠢᠶᠠᠨ᠎ᠳᠤ ᠶᠠᠪᠤᠭᠳᠠᠪᠠ
 
             蒙ICP备05000248号