ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠪᠤᠭᠤᠲᠤ ᠬᠣᠲᠠ ᠨᠤᠳᠤᠭ ᠪᠡᠯᠴᠢᠭᠡᠷ᠎ᠤᠨ ᠴᠠᠷᠴᠠᠬᠠᠶ ᠵᠢ ᠰᠡᠷᠭᠡᠶ᠋ᠢᠯᠡᠨ ᠡᠵᠡᠮᠳᠡᠬᠦ ᠠᠵᠢᠯ᠎ᠢ ᠡᠮᠬᠢ ᠵᠢᠷᠤᠮ᠎ᠲᠠᠢ᠎ᠪᠠᠷ ᠶᠠᠪᠤᠭᠳᠠᠭᠤᠯᠵᠤ ᠪᠣᠶ
ᠨᠡᠶ᠋ᠢᠲᠡᠯᠡᠭᠰᠡᠨ ᠴᠠᠭ᠄ 2020-08-12

      ᠪᠤᠭᠤᠲᠤ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 2020 ᠣᠨ᠎ᠤ ᠨᠤᠲᠤᠭ ᠪᠡᠯᠴᠢᠭᠡᠷ᠎ᠤᠨ ᠴᠠᠷᠴᠠᠬᠠᠶ ᠵᠢ ᠰᠡᠷᠭᠡᠶ᠋ᠢᠯᠡᠨ ᠡᠵᠡᠮᠳᠡᠬᠦ ᠠᠵᠢᠯ᠎ᠢ ᠰᠠᠶ᠋ᠢᠲᠤᠷ ᠥᠷᠨᠢᠭᠦᠯᠬᠦ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠂ ᠬᠥᠬᠡᠬᠣᠲᠠ ᠵᠢᠨ ᠪᠤᠭᠤᠮᠳᠠ᠂ ᠮᠠᠨᠵᠤᠤᠷ ᠪᠣᠭᠣᠮᠲᠠ   ᠵᠡᠷᠭᠡ ᠰᠠᠯᠠᠭ᠎ᠠ ᠮᠥᠴᠢᠷ ᠬᠠᠮᠲᠤᠷᠠᠨ 《2020 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠷᠴᠠᠬᠠᠶ ᠵᠢ ᠬᠢᠨᠠᠨ ᠬᠡᠮᠵᠢᠬᠦ ᠪᠠ ᠰᠡᠷᠭᠡᠶ᠋ᠢᠯᠡᠨ ᠡᠵᠡᠮᠳᠡᠬᠦ ᠮᠡᠷᠭᠡᠵᠢᠯ᠎ᠤᠨ ᠲᠥᠰᠦᠯ》 (ᠥᠪᠥᠷ ᠮᠤᠩᠭᠤᠯ᠎ᠤᠨ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ ᠲᠠᠷᠬᠠᠭ᠋ᠠᠭᠰᠠᠨ [2020] 83 ᠳ᠋ᠤᠭ᠋ᠠᠷ ᠲᠣᠭ᠋ᠠᠲᠤ)᠎ᠤᠨ ᠪᠢᠴᠢᠭ ᠮᠠᠲᠸᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ᠂ 《ᠪᠤᠭᠤᠲᠤ ᠬᠣᠲᠠ ᠵᠢᠨ 2020 ᠣᠨ᠎ᠤ ᠨᠤᠲᠤᠭ ᠪᠡᠯᠴᠢᠭᠡᠷ᠎ᠤᠨ ᠴᠠᠷᠴᠠᠬᠠᠶ ᠵᠢ ᠰᠡᠷᠭᠡᠶ᠋ᠢᠯᠡᠨ ᠡᠵᠡᠮᠳᠡᠬᠦ ᠬᠡᠷᠡᠭᠵᠢᠭᠦᠯᠬᠦ ᠲᠥᠰᠦᠯ》 (ᠪᠤᠭᠤᠲᠤ ᠬᠣᠲᠠ ᠵᠢᠨ ᠣᠶ ᠰᠢᠭᠤᠶ ᠪᠠ ᠨᠤᠳᠤᠭ ᠪᠡᠯᠴᠢᠭᠡᠷ᠎ᠤᠨ ᠲᠤᠪᠴᠢᠶ᠎ᠠ ᠲᠠᠷᠬᠠᠭ᠋ᠠᠭᠰᠠᠨ [2020] 37 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠪᠠ᠃ ᠪᠦᠬᠦ ᠬᠣᠲᠠ ᠵᠢᠨ ᠨᠤᠲᠤᠭ ᠪᠡᠯᠴᠢᠭᠡᠷ᠎ᠤᠨ ᠴᠠᠷᠴᠠᠬᠠᠶ ᠵᠢ ᠰᠡᠷᠭᠡᠶ᠋ᠢᠯᠡᠨ ᠡᠵᠡᠮᠳᠡᠬᠦ ᠠᠵᠢᠯ᠎ᠳᠤ ᠪᠦᠬᠦ ᠲᠠᠯ᠎ᠠ ᠵᠢᠨ ᠪᠠᠶ᠋ᠢᠷᠢᠯᠠᠭᠤᠯᠤᠯᠲᠠ ᠬᠢᠵᠦ᠂ 《2020 ᠣᠨ᠎ᠤ   ᠨᠤᠲᠤᠭ ᠪᠡᠯᠴᠢᠭᠡᠷ᠎ᠤᠨ ᠴᠠᠷᠴᠠᠬᠠᠶ ᠵᠢ ᠰᠡᠷᠭᠡᠶ᠋ᠢᠯᠡᠨ ᠡᠵᠡᠮᠳᠡᠬᠦ ᠵᠢᠵᠢᠭᠦᠷ᠎ᠤᠨ ᠲᠦᠷᠢᠮ᠎ᠢ ᠬᠡᠷᠡᠭᠵᠢᠬᠦᠯᠬᠦ ᠲᠤᠬᠠᠶ ᠮᠡᠳᠡᠭᠳᠡᠯ》᠎ᠢ ᠪᠠᠭᠤᠯᠭ᠋ᠠᠵᠤ᠂ ᠬᠣᠲᠠ᠂ ᠰᠢᠶᠠᠨ᠎ᠤ ᠱᠠᠲᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ 6 ᠰᠠᠷ᠎ᠠ ᠵᠢᠨ 1᠎ᠤ ᠡᠳᠦᠷ᠎ᠠᠴᠠ 8 ᠰᠠᠷ᠎ᠠ ᠵᠢᠨ 30᠎ᠤ ᠡᠳᠦᠷ ᠪᠣᠯᠲᠠᠯ᠎ᠠ 24 ᠴᠠᠭ ᠵᠢᠵᠢᠭᠦᠷᠯᠡᠬᠦ ᠲᠦᠷᠢᠮ ᠪᠠ ᠭᠠᠷᠠᠭ᠎ᠤᠨ ᠮᠡᠳᠡᠭᠦᠯᠦᠯᠲᠡ ᠵᠢᠨ ᠲᠦᠷᠢᠮ᠎ᠢ ᠬᠡᠷᠡᠭᠵᠢᠭᠦᠯᠬᠦ ᠵᠢ ᠱᠠᠭ᠋ᠠᠷᠳᠠᠪᠠ᠃ ᠪᠠᠰᠠ ᠰᠡᠷᠭᠡᠶ᠋ᠢᠯᠡᠨ ᠵᠠᠰᠠᠬᠤ ᠮᠡᠷᠭᠡᠵᠢᠯ᠎ᠤᠨ ᠠᠵᠢᠯᠲᠠᠨ ᠲᠣᠮᠢᠯᠠᠨ ᠳᠠᠷᠬᠠᠨ ᠮᠤᠤᠮᠢᠩᠭ᠋ᠠᠨ ᠬᠣᠰᠢᠭᠤ᠂ ᠭᠦᠶᠡᠩ ᠰᠢᠶᠠᠨ ᠵᠡᠷᠭᠡ ᠨᠤᠳᠤᠭ ᠪᠡᠯᠴᠢᠭᠡᠷ᠎ᠤᠨ ᠴᠠᠷᠴᠠᠬᠠᠶ ᠵᠢᠨ ᠦᠷᠭᠦᠯᠵᠢ ᠤᠷᠤᠩᠨᠠᠳᠠᠭ ᠲᠣᠭᠣᠷᠢᠭ᠎ᠲᠤ ᠬᠦᠷᠴᠦ ᠪᠠᠢ᠌ᠴᠠᠭ᠋ᠠᠨ ᠰᠤᠳᠤᠯᠤᠯᠲᠠ ᠬᠢᠵᠡᠶ᠃ ᠣᠳᠣᠬᠠᠨ᠎ᠳᠤ᠂ ᠪᠤᠭᠤᠲᠤ ᠬᠣᠲᠠ ᠵᠢᠨ ᠨᠤᠳᠤᠭ ᠪᠡᠯᠴᠢᠭᠡᠷ᠎ᠤᠨ ᠴᠠᠷᠴᠠᠬᠠᠶ ᠵᠢ ᠰᠡᠷᠭᠡᠶ᠋ᠢᠯᠡᠨ ᠡᠵᠡᠮᠳᠡᠬᠦ ᠠᠵᠢᠯ ᠡᠮᠬᠢ ᠵᠢᠷᠤᠮ᠎ᠲᠠᠢ ᠶᠠᠪᠤᠭᠳᠠᠵᠤ ᠪᠠᠶ᠋ᠢᠨ᠎ᠠ᠃
      ᠣᠳᠣᠬᠠᠨ᠎ᠤ ᠨᠤᠳᠤᠭ ᠪᠡᠯᠴᠢᠭᠡᠷ᠎ᠤᠨ ᠴᠠᠷᠴᠠᠬᠠᠶ ᠡᠭᠦᠰᠦᠭᠰᠡᠨ ᠪᠣᠳᠠᠲᠤ ᠪᠠᠶ᠋ᠢᠳᠠᠯ ᠪᠠ ᠡᠮᠦᠨᠡᠬᠢ ᠬᠤᠭᠤᠴᠠᠭ᠋ᠠᠨ᠎ᠤ ᠡᠯ᠎ᠡ ᠱᠠᠲᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠤᠨ ᠨᠤᠲᠤᠭ ᠪᠡᠯᠴᠢᠭᠡᠷ᠎ᠤᠨ ᠴᠠᠷᠴᠠᠬᠠᠶ ᠵᠢᠨ ᠡᠭᠦᠰᠦᠭᠰᠡᠨ ᠣᠷᠣᠨ ᠪᠦᠰᠡ᠂ ᠲᠠᠯᠠᠪᠠᠶ᠂ ᠬᠣᠷᠣᠬᠠᠶ ᠵᠢᠨ ᠤᠷᠤᠩᠨᠠᠭᠰᠠᠨ ᠤᠷᠤᠨ᠎ᠤ ᠨᠢᠭᠲᠠᠴᠠ ᠵᠢ ᠬᠢᠨᠠᠨ ᠰᠢᠨᠵᠢᠵᠦ ᠪᠠᠶ᠋ᠢᠴᠠᠭ᠋ᠠᠭᠰᠠᠨ ᠲᠣᠭ᠎ᠠ ᠪᠠᠷᠢᠮᠲᠠ ᠵᠢ ᠶᠡᠷᠦᠩᠬᠡᠶ᠋ᠢᠯᠡᠨ ᠵᠠᠳᠠᠯᠬᠤ᠎ᠳᠤ ᠪᠤᠭᠤᠲᠤ ᠬᠣᠲᠠ ᠵᠢᠨ 2020 ᠣᠨ᠎ᠤ ᠨᠤᠲᠤᠭ ᠪᠡᠯᠴᠢᠭᠡᠷ᠎ᠤᠨ ᠴᠠᠷᠴᠠᠬᠠᠶ ᠵᠢᠨ ᠡᠭᠦᠰᠦᠭᠰᠡᠨ ᠬᠡᠮᠵᠢᠶ᠎ᠡ᠎ᠨᠢ ᠬᠥᠩᠭᠡᠨ ᠰᠢᠭ   ᠪᠠᠢ᠌ᠨ᠎ᠠ᠃ ᠥᠩᠭᠡᠷᠡᠭᠰᠡᠨ ᠵᠢᠯ᠎ᠤᠳ᠎ᠲᠠᠢ ᠬᠠᠷᠢᠴᠠᠭᠤᠯᠪᠠᠯ᠂ ᠡᠨᠡ ᠵᠢᠯ ᠨᠤᠳᠤᠭ ᠪᠡᠯᠴᠢᠭᠡᠷ᠎ᠤᠨ ᠴᠠᠷᠴᠠᠬᠠᠶ ᠶᠡᠷᠦᠩᠬᠡᠶ᠎ᠳᠡᠭᠡᠨ ᠳᠣᠷᠣᠭᠰᠢᠯᠠᠬᠤ ᠬᠠᠨᠳᠤᠰᠢ᠎ᠲᠠᠢ ᠪᠣᠯᠵᠤ᠂ ᠡᠵᠡᠮᠳᠡᠵᠦ ᠪᠣᠯᠬᠤ ᠪᠠᠶ᠋ᠢᠳᠠᠯ᠎ᠲᠠᠢ ᠪᠠᠶ᠋ᠢᠨ᠎ᠠ᠃
      ᠡᠨᠡ ᠵᠢᠯ ᠪᠤᠭᠤᠲᠤ ᠬᠣᠲᠠ ᠵᠢᠨ ᠨᠤᠲᠤᠭ ᠪᠡᠯᠴᠢᠭᠡᠷ᠎ᠤᠨ ᠴᠠᠷᠴᠠᠬᠠᠶ ᠭᠣᠤᠯᠳᠠᠭᠤ ᠳᠠᠷᠬᠠᠨ ᠮᠤᠤᠮᠢᠩᠭ᠋ᠠᠨ ᠬᠣᠰᠢᠭᠤᠨ᠎ᠳᠤ ᠡᠭᠦᠰᠴᠠᠢ᠃ 7 ᠰᠠᠷ᠎ᠠ ᠵᠢᠨ 27᠎ᠤ ᠡᠳᠦᠷ ᠪᠣᠯᠲᠠᠯ᠎ᠠ᠂   ᠴᠠᠷᠴᠠᠬᠠᠢ ᠵᠢᠨ ᠭᠠᠮᠰᠢᠭ᠎ᠤᠨ ᠲᠠᠯᠠᠪᠠᠢ᠎ᠨᠢ 135 ᠲᠦᠮᠡᠨ ᠮᠦ᠍ ᠪᠠᠶ᠋ᠢᠵᠤ᠂ ᠡᠭᠦᠨ᠎ᠳᠤ 86 ᠲᠦᠮᠡᠨ ᠮᠦ᠍ ᠬᠦᠨᠳᠦ ᠨᠣᠴᠢᠲᠠᠶ ᠬᠣᠤᠷ ᠬᠥᠨᠥᠭᠡᠯ᠎ᠳᠤ ᠤᠴᠠᠷᠠᠵᠤ᠂ ᠭᠣᠤᠯᠳᠠᠭᠤ ᠪᠠᠶᠠᠠᠠᠤᠪᠤᠭ᠎ᠠ᠂ ᠳᠠᠷᠬᠠᠨ ᠰᠤᠮᠤ᠂ ᠮᠢᠩᠭ᠋ᠠᠨ ᠪᠠᠯᠭ᠋ᠠᠰᠤ ᠪᠠ ᠰᠢᠷᠠᠮᠥ᠋ᠷᠡᠨ ᠪᠠᠯᠭ᠋ᠠᠰᠤ ᠵᠡᠷᠭᠡ ᠭᠠᠵᠠᠷ ᠣᠷᠣᠨ᠎ᠳᠤ ᠡᠭᠦᠰᠴᠡᠶ᠃ ᠣᠳᠣᠬᠠᠨ᠎ᠳᠤ᠂ ᠨᠢᠭᠡᠨᠲᠡ ᠮᠠᠰᠢᠨ ᠮᠧᠬᠠᠨᠢᠭ ᠵᠶ᠋ᠠᠷ ᠳᠠᠮᠵᠢᠨ ᠰᠡᠷᠭᠡᠶ᠋ᠢᠯᠡᠨ ᠵᠠᠰᠠᠭᠰᠠᠨ ᠲᠠᠯᠠᠪᠠᠢ 13.1 ᠲᠦᠮᠡᠨ ᠮᠥ᠍   ᠪᠠᠢ᠌ᠵᠦ᠂ ᠰᠡᠷᠭᠡᠶ᠋ᠢᠯᠡᠨ ᠵᠠᠰᠠᠬᠤ᠎ᠳᠤ ᠲᠣᠮᠣ ᠬᠡᠯᠪᠡᠷᠢ ᠵᠢᠨ ᠮᠠᠨᠠᠨ ᠰᠦᠷᠴᠢᠬᠦ ᠮᠠᠰᠢᠨ᠎ᠢ ᠨᠡᠶ᠋ᠢᠲᠡ 71 ᠰᠠᠭᠤᠷᠢ ᠤᠳᠠᠭ᠎ᠠ ᠬᠡᠷᠡᠭᠯᠡᠵᠦ᠂ ᠳᠤᠮᠳᠠ ᠵᠢᠵᠢᠭ ᠬᠡᠯᠪᠡᠷᠢ ᠵᠢᠨ ᠮᠠᠨᠠᠨ ᠰᠦᠷᠴᠢᠬᠦ ᠮᠠᠰᠢᠨ ᠨᠡᠶ᠋ᠢᠲᠡ 200 ᠰᠠᠭᠤᠷᠢ ᠤᠳᠠᠭ᠎ᠠ ᠬᠡᠷᠡᠭᠯᠡᠪᠡ; 13.1 ᠲᠣᠨ ᠡᠮ ᠬᠡᠷᠡᠭᠯᠡᠪᠡ᠃ ᠨᠡᠶ᠋ᠢᠲᠡ 515 ᠬᠥᠮᠦᠨ ᠰᠡᠷᠬᠡᠢ᠌ᠯᠠᠨ ᠵᠠᠰᠠᠬᠤ ᠠᠵᠢᠯᠯᠠᠭ᠎ᠠ᠎ᠳᠤ ᠤᠷᠤᠯᠴᠠᠪᠠ᠃ ᠡᠭᠦᠨ᠎ᠠᠴᠠ ᠭᠠᠳᠠᠨ᠎ᠠ᠂ ᠭᠦᠶᠡᠩ ᠰᠢᠶᠠᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 10000 ᠲᠠᠬᠢᠶ᠎ᠠ ᠬᠤᠳᠠᠯᠳᠤᠨ ᠠᠪᠴᠤ᠂ ᠡᠯ᠎ᠡ ᠬᠣᠯᠪᠣᠭᠳᠠᠯ ᠪᠦᠬᠦᠢ ᠰᠢᠶᠠᠩ ᠪᠠᠯᠭ᠋ᠠᠰᠤ᠎ᠳᠤ   ᠲᠠᠷᠬᠠᠭ᠋ᠠᠨ ᠥᠭᠴᠦ᠂ ᠡᠨᠡ ᠵᠢᠯ᠎ᠤᠨ ᠲᠠᠯ᠎ᠠ ᠨᠤᠲᠤᠭ᠎ᠤᠨ ᠴᠠᠷᠴᠠᠬᠠᠶ ᠵᠢ ᠰᠡᠷᠭᠡᠶ᠋ᠢᠯᠡᠨ ᠬᠢᠵᠠᠭ᠋ᠠᠷᠯᠠᠬᠤ ᠠᠵᠢᠯ᠎ᠳᠤ ᠬᠡᠷᠡᠭᠯᠡᠨ᠎ᠡ᠃
      ᠳᠠᠷᠠᠭ᠎ᠠ ᠠᠯᠬᠤᠮ᠎ᠳᠤ᠂ ᠪᠤᠭᠤᠲᠤ ᠬᠣᠲᠠ᠂ ᠬᠦᠶᠠᠩ ᠰᠢᠶᠠᠨ ᠬᠣᠶᠠᠷ ᠱᠠᠲᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ ᠨᠤᠳᠤᠭ ᠪᠡᠯᠴᠢᠭᠡᠷ᠎ᠤᠨ ᠴᠠᠷᠴᠠᠬᠠᠶ ᠵᠢᠨ ᠡᠭᠦᠰᠦᠯ᠂ ᠬᠥᠭᠵᠢᠯᠲᠡ ᠵᠢᠨ ᠪᠠᠶ᠋ᠢᠳᠠᠯ ᠵᠢᠴᠢ ᠬᠦᠳᠡᠯᠦᠩᠬᠦᠢ ᠪᠠᠶ᠋ᠢᠳᠠᠯ᠎ᠢ ᠦᠷᠭᠦᠯᠵᠢᠯᠡᠨ ᠨᠠᠷᠢᠨ ᠬᠢᠨᠠᠮᠠᠭ᠋ᠠᠢ ᠬᠢᠨᠠᠨ ᠬᠡᠮᠵᠢᠵᠦ᠂ ᠰᠡᠷᠭᠡᠶ᠋ᠢᠯᠡᠨ ᠡᠵᠡᠮᠳᠡᠬᠦ ᠴᠠᠭ ᠲᠣᠬᠢᠶᠠᠯ᠎ᠢ ᠠᠳᠬᠤᠨ ᠰᠡᠷᠭᠡᠶ᠋ᠢᠯᠡᠨ ᠡᠵᠡᠮᠳᠡᠬᠦ ᠠᠵᠢᠯ᠎ᠢ ᠢᠳᠡᠪᠬᠢᠲᠡᠶ ᠥᠷᠨᠢᠭᠦᠯᠬᠦ᠎ᠪᠠᠷ ᠪᠠᠶ᠋ᠢᠨ᠎ᠠ᠃ ᠡᠭᠦᠨ᠎ᠤ ᠬᠠᠮᠲᠤ ᠰᠡᠷᠭᠡᠶ᠋ᠢᠯᠡᠨ ᠡᠵᠡᠮᠳᠡᠬᠦ ᠠᠬᠢᠴᠠ ᠵᠢᠨ ᠪᠠᠶ᠋ᠢᠳᠠᠯ ᠪᠣᠯᠤᠨ ᠠᠵᠢᠯ᠎ᠤᠨ ᠪᠠᠶ᠋ᠢᠳᠠᠯ ᠵᠶ᠋ᠠᠨ ᠴᠠᠭ ᠲᠤᠬᠠᠶ᠎ᠳᠤᠨᠢ ᠬᠤᠷᠢᠶᠠᠩᠭᠤᠶ᠋ᠢᠯᠠᠨ ᠳᠡᠭᠡᠭᠰᠢ ᠮᠡᠳᠡᠭᠦᠯᠬᠦ ᠬᠡᠷᠡᠭᠲᠡᠶ᠃

ᠢᠷᠡᠯᠲᠡ᠄ ᠄ ᠪᠤᠭᠤᠲᠤ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠠᠯᠠᠱ᠌ᠠ ᠠᠶ᠋ᠢᠮᠠᠭ ᠢᠳᠡᠭᠡᠨ᠎ᠳᠤ ᠬᠡᠷᠡᠭᠯᠡᠬᠦ ᠵᠢ ᠴᠠᠭ᠋ᠠᠵᠠᠯᠠᠭᠰᠠᠨ ᠬᠡᠭᠡᠷ᠎ᠡ ᠵᠢᠨ ᠠᠮᠢᠲᠠᠨ᠎ᠢ ᠰᠢᠢ᠍ᠳᠪᠦᠷᠢᠯᠡᠬᠦ ᠠᠵᠢᠯ᠎ᠢ ᠪᠡᠶᠡᠯᠡᠭᠦᠯᠪᠡ
ᠠᠯᠠᠱ᠌ᠠ ᠠᠶ᠋ᠢᠮᠠᠭ ᠢᠳᠡᠭᠡᠨ᠎ᠳᠤ ᠬᠡᠷᠡᠭᠯᠡᠬᠦ ᠵᠢ ᠴᠠᠭ᠋ᠠᠵᠠᠯᠠᠭᠰᠠᠨ ᠬᠡᠭᠡᠷ᠎ᠡ ᠵᠢᠨ ᠠᠮᠢᠲᠠᠨ᠎ᠢ ᠰᠢᠢ᠍ᠳᠪᠦᠷᠢᠯᠡᠬᠦ ᠠᠵᠢᠯ᠎ᠢ ᠪᠡᠶᠡᠯᠡᠭᠦᠯᠪᠡ
ᠤᠯᠠᠭ᠋ᠠᠨᠬᠠᠳᠠ ᠬᠤᠳᠠ ᠭᠠᠵᠠᠷ ᠰᠢᠷᠤᠢ ᠵᠢ ᠴᠡᠭᠴᠡᠯᠡᠨ ᠵᠠᠰᠠᠬᠤ ᠵᠢᠴᠢ ᠦᠨᠳᠦᠷ ᠪᠠᠷᠢᠮᠵᠢᠶᠠᠳᠤ ᠲᠠᠷᠢᠶᠠᠨ ᠭᠠᠵᠠᠷ᠎ᠤᠨ ᠪᠦᠳᠦᠭᠡᠨ ᠪᠠᠶ᠋ᠢᠭᠤᠯᠤᠯᠳᠠ᠎ᠠᠴᠠ ᠮᠦ᠍ ᠲᠤᠮᠳᠠᠴᠢ ᠵᠢᠨ ᠠᠰᠢᠭ ᠤᠷᠤᠯᠭ᠎ᠠ 20% ᠨᠡᠮᠡᠭᠳᠡᠵᠡᠢ
ᠤᠲᠤᠭ ᠬᠣᠰᠢᠭᠤᠨ᠎ᠤ ᠣᠢ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠢ᠍ᠯᠡᠬᠦ ᠤᠬᠠᠭᠤᠯᠭ᠎ᠠ ᠰᠤᠷᠭ᠋ᠠᠭᠤᠯᠢ ᠵᠢᠨ ᠬᠦᠷᠢᠶᠠᠨ᠎ᠳᠤ ᠶᠠᠪᠤᠭᠳᠠᠪᠠ
ᠠᠷᠤ ᠬᠤᠷᠴᠢᠨ ᠬᠣᠰᠢᠭᠤᠨ᠎ᠤ ᠴᠠᠷᠭ᠋ᠠᠰᠣᠨ᠎ᠤ ᠦᠢ᠍ᠯᠡᠰ᠎ᠤᠨ ᠬᠥᠭᠵᠢᠯᠲᠡ ᠰᠠᠢ᠌ᠨ ᠪᠠᠢ᠌ᠨ᠎ᠠ
 
             蒙ICP备05000248号