ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠠᠯᠠᠱ᠌ᠠ ᠠᠶ᠋ᠢᠮᠠᠭ ᠢᠳᠡᠭᠡᠨ᠎ᠳᠤ ᠬᠡᠷᠡᠭᠯᠡᠬᠦ ᠵᠢ ᠴᠠᠭ᠋ᠠᠵᠠᠯᠠᠭᠰᠠᠨ ᠬᠡᠭᠡᠷ᠎ᠡ ᠵᠢᠨ ᠠᠮᠢᠲᠠᠨ᠎ᠢ ᠰᠢᠢ᠍ᠳᠪᠦᠷᠢᠯᠡᠬᠦ ᠠᠵᠢᠯ᠎ᠢ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2020-09-27

      ᠠᠯᠠᠱ᠌ᠠ ᠠᠶ᠋ᠢᠮᠠᠭ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠢᠳᠡᠭᠡᠨ᠎ᠳᠤ ᠬᠡᠷᠡᠭᠯᠡᠬᠦ ᠵᠢ ᠴᠠᠭ᠋ᠠᠵᠠᠯᠠᠬᠤ ᠬᠡᠭᠡᠷ᠎ᠡ ᠵᠢᠨ ᠠᠮᠢᠲᠠᠨ᠎ᠢ ᠨᠥᠬᠥᠪᠥᠷᠢ ᠥᠭᠴᠦ ᠰᠢᠢ᠍ᠳᠪᠦᠷᠢᠯᠡᠬᠦ ᠠᠵᠢᠯ᠎ᠢ ᠲᠦᠷᠭᠡᠳᠬᠡᠬᠦ ᠲᠤᠬᠠᠶ ᠪᠠᠴᠢᠮ ᠮᠡᠳᠡᠭᠳᠡᠯ》᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠠᠶ᠃ ᠠᠯᠠᠱ᠌ᠠ ᠠᠶ᠋ᠢᠮᠠᠭ᠎ᠲᠤ ᠬᠣᠯᠪᠣᠭᠳᠠᠭᠰᠠᠨ 2 ᠲᠦᠷᠦᠯ᠎ᠤᠨ ᠬᠡᠭᠡᠷ᠎ᠡ ᠵᠢᠨ 30 ᠠᠮᠢᠲᠠᠨ᠎ᠳᠤ ᠨᠦᠬᠦᠪᠦᠷᠢ ᠦᠭᠴᠦ ᠰᠢᠢ᠍ᠳᠪᠦᠷᠢᠯᠡᠵᠦ᠂ ᠡᠭᠦᠨ᠎ᠳᠤ ᠭᠥᠷᠥᠭᠡᠰᠦ 9᠂ ᠬᠥᠬᠡ ᠲᠣᠭᠣᠰ 21 ᠪᠣᠶ᠃ ᠥᠪᠡᠷᠲᠡᠭᠡᠨ ᠵᠠᠰᠠᠬᠤ ᠣᠷᠣᠨ᠎ᠠᠴᠠ 5 ᠲᠦᠮᠡᠨ ᠲᠥᠭᠥᠷᠢᠭ᠎ᠤᠨ ᠨᠥᠬᠥᠪᠥᠷᠢ ᠪᠡᠯᠡ ᠮᠥᠩᠭᠥ ᠪᠠᠭᠤᠯᠭ᠋ᠠᠪᠠ᠃ ᠣᠳᠣᠬᠠᠨ ᠪᠣᠯᠲᠠᠯ᠎ᠠ᠂ ᠠᠯᠠᠱ᠌ᠠ ᠠᠶ᠋ᠢᠮᠠᠭ ᠬᠡᠭᠡᠷ᠎ᠡ ᠵᠢᠨ ᠠᠮᠢᠲᠠᠨ᠎ᠤ ᠨᠥᠬᠥᠪᠥᠷᠢ ᠥᠭᠴᠦ ᠰᠢᠢ᠍ᠳᠪᠦᠷᠢᠯᠡᠬᠦ ᠠᠵᠢᠯ᠎ᠢ ᠨᠢᠭᠡᠨᠲᠡ ᠪᠦᠬᠦᠨ᠎ᠢ ᠪᠡᠶᠡᠯᠡᠭᠦᠯᠵᠦ᠂   ᠰᠢᠢ᠍ᠳᠪᠦᠷᠢᠯᠡᠭᠰᠡᠨ ᠨᠣᠷᠮ᠎ᠠ᠎ᠨᠢ 100%᠎ᠳᠤ ᠬᠦᠷᠴᠡᠶ᠃
     2 ᠰᠠᠷ᠎ᠠ ᠵᠢᠨ 24᠎ᠤ ᠡᠳᠦᠷ᠎ᠤᠨ 《ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠬᠡᠭᠡᠷ᠎ᠡ ᠠᠮᠢᠲᠠᠨ᠎ᠤ ᠬᠠᠤᠯᠢ ᠪᠤᠰᠤ ᠠᠷᠠᠯᠵᠢᠶ᠎ᠠ ᠵᠢ ᠪᠦᠬᠦ ᠲᠠᠯ᠎ᠠ᠎ᠪᠠᠷ ᠴᠠᠭ᠋ᠠᠵᠠᠯᠠᠬᠤ᠂ ᠳᠤᠷ᠎ᠠ᠎ᠪᠠᠷ ᠵᠶ᠋ᠠᠨ ᠢᠳᠡᠭᠡᠨ᠎ᠳᠤ ᠬᠡᠷᠡᠭᠯᠡᠬᠦ   ᠮᠠᠭᠤ ᠳᠠᠳᠬᠠᠯ᠎ᠢ ᠠᠷᠢᠯᠭ᠋ᠠᠬᠤ᠂ ᠠᠷᠠᠳ ᠣᠯᠠᠨ᠎ᠤ ᠠᠮᠢ ᠨᠠᠰᠤ ᠡᠷᠡᠭᠦᠯ ᠴᠢᠭᠢᠷᠠᠭ ᠠᠮᠤᠷ ᠲᠦᠪᠰᠢᠨ᠎ᠢ ᠪᠠᠲᠤᠯᠠᠬᠤ ᠲᠤᠬᠠᠶ ᠲᠣᠭᠲᠠᠭ᠋ᠠᠯ》᠎ᠢ ᠨᠡᠢ᠌ᠲᠡᠯᠡᠵᠦ ᠬᠡᠷᠡᠭᠵᠢᠭᠦᠯᠦᠭᠰᠡᠨ᠎ᠠᠴᠠ ᠨᠠᠰᠢ ᠠᠶ᠋ᠢᠮᠠᠭ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠠᠵᠢᠯ᠎ᠢ   ᠳᠡᠭᠡᠳᠤ ᠬᠡᠮᠵᠢᠶ᠎ᠡ᠎ᠪᠠᠷ ᠴᠢᠬᠤᠯᠠᠴᠢᠯᠠᠵᠤ᠂ 《ᠨᠢᠭᠡ ᠬᠠᠤᠯᠢ ᠨᠢᠭᠡ ᠲᠣᠭᠲᠠᠭ᠋ᠠᠯ ᠨᠢᠭᠡ ᠠᠷᠭ᠎ᠠ ᠪᠤᠳᠤᠯᠭ᠎ᠠ》 ᠵᠢ ᠰᠤᠷᠤᠯᠴᠠᠨ ᠤᠬᠠᠭᠤᠯᠬᠤ ᠪᠠ ᠲᠤᠤᠱᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠠᠶ᠋ᠢᠲᠤᠷ ᠠᠳᠬᠤᠵᠤ᠂ ᠲᠤᠪᠴᠢᠶᠠᠨ ᠳᠠᠷᠤᠭ᠎ᠠ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠠᠵᠢᠯ᠎ᠢ ᠪᠡᠶ᠎ᠡ᠎ᠪᠠᠷ ᠵᠶ᠋ᠠᠨ ᠪᠠᠢ᠌ᠷᠢᠯᠠᠭᠤᠯᠵᠤ᠂ ᠬᠦᠴᠦᠨ ᠵᠶ᠋ᠠᠨ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠦᠨᠳᠦᠰᠦᠨ ᠱᠠᠲᠤᠨ᠎ᠳᠤ ᠬᠦᠨᠵᠡᠭᠡᠢ᠌ᠷᠡᠨ᠂ ᠬᠢᠨᠠᠨ ᠵᠢᠯᠣᠭᠣᠳᠴᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠬᠡᠭᠡᠷ᠎ᠡ ᠵᠢᠨ ᠠᠮᠢᠲᠠᠨ᠎ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ ᠵᠢ ᠦᠨᠡᠨ ᠬᠦ᠌   ᠪᠠᠲᠤᠯᠠᠪᠠ᠃ ᠨᠢᠭᠡ᠎ᠳᠤ᠂ ᠡᠯ᠎ᠡ ᠬᠣᠰᠢᠭᠤ ᠲᠣᠭᠣᠷᠢᠭ᠎ᠲᠤ 《ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠡᠭᠡᠷ᠎ᠡ ᠵᠢᠨ ᠠᠮᠢᠲᠠᠨ᠎ᠢ ᠬᠠᠮᠢᠶᠠᠷᠤᠨ ᠡᠵᠡᠮᠳᠡᠬᠦ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠪᠠᠴᠢᠮ ᠮᠡᠳᠡᠭᠳᠡᠯ》 《ᠵᠠᠬ᠎ᠠ ᠳᠡᠯᠭᠡᠭᠦᠷ᠎ᠤᠨ ᠬᠢᠨᠠᠯᠲᠠ ᠲᠠᠯᠪᠢᠬᠤ ᠶᠡᠷᠦᠩᠬᠡᠶ ᠲᠣᠪᠴᠢᠶ᠎ᠠ ᠵᠢᠨ ᠲᠠᠷᠢᠶᠠᠯᠠᠩ ᠬᠥᠳᠡᠭᠡ ᠲᠤᠰᠬᠤᠨ᠎ᠤ ᠶᠠᠮᠤᠨ᠎ᠤ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠡᠭᠡᠷ᠎ᠡ ᠵᠢᠨ ᠠᠮᠢᠲᠠᠨ᠎ᠢ ᠠᠷᠠᠯᠵᠢᠶᠠᠯᠠᠬᠤ ᠵᠢ ᠴᠠᠭ᠋ᠠᠵᠠᠯᠠᠬᠤ ᠲᠤᠬᠠᠶ ᠠᠯᠪᠠᠨ ᠵᠠᠷ》 ᠵᠡᠷᠭᠡ ᠪᠢᠴᠢᠭ ᠮᠠᠲ᠋ᠧᠷᠢᠶᠠᠯ᠎ᠢ ᠴᠠᠭ ᠲᠤᠬᠠᠶ᠎ᠳᠤᠨᠢ ᠤᠯᠠᠮᠵᠢᠯᠠᠨ ᠲᠠᠷᠬᠠᠭ᠋ᠠᠵᠤ᠂ 《ᠬᠡᠭᠡᠷ᠎ᠡ ᠵᠢᠨ ᠠᠮᠢᠲᠠᠨ᠎ᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠬᠤ ᠲᠥᠰᠦᠯ》 《ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠴᠡᠭᠴᠡᠯᠡᠨ ᠵᠠᠰᠠᠬᠤ ᠠᠵᠢᠯᠯᠠᠭ᠎ᠠ ᠵᠢ ᠬᠠᠮᠲᠤᠷᠠᠨ ᠶᠠᠪᠤᠭᠳᠠᠭᠤᠯᠬᠤ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠬᠣᠰᠢᠭᠤ ᠲᠣᠭᠣᠷᠢᠭ᠎ᠤᠨ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠪᠠ᠃ ᠬᠣᠶᠠᠷ᠎ᠲᠤ᠂ ᠬᠡᠭᠡᠷ᠎ᠡ ᠵᠢᠨ ᠠᠮᠢᠲᠠᠨ᠎ᠤ ᠬᠢᠵᠢᠭ᠎ᠤᠨ ᠢᠷᠡᠯᠲᠡ ᠵᠢᠴᠢ ᠬᠢᠵᠢᠭ ᠡᠪᠡᠳᠴᠢᠨ᠎ᠢ ᠬᠢᠨᠠᠨ ᠬᠡᠮᠵᠢᠬᠦ ᠠᠵᠢᠯ᠎ᠢ ᠬᠢᠨᠠᠮᠠᠭ᠋ᠠᠶ ᠦᠷᠨᠢᠬᠦᠯᠪᠡ᠃ ᠪᠥᠬᠥ ᠠᠶ᠋ᠢᠮᠠᠭ᠎ᠲᠤ ᠤᠯᠤᠰ᠎ᠤᠨ ᠲᠠᠰ᠎ᠤᠨ ᠬᠢᠵᠢᠭ ᠎ᠤᠨ ᠢᠷᠡᠯᠲᠡ ᠵᠢᠴᠢ ᠬᠢᠵᠢᠭ ᠡᠪᠡᠳᠴᠢᠨ᠎ᠢ ᠬᠢᠨᠠᠨ ᠬᠡᠮᠵᠢᠬᠦ ᠦᠷᠳᠡᠭᠡ 3 ᠪᠣᠶ (ᠮᠤᠨᠢ ᠠᠭᠤᠯᠠ᠂ ᠪᠠᠳᠠᠶ ᠵᠢᠨ ᠵᠢᠷᠠᠨ᠂   ᠲᠤᠤᠷᠠᠢ ᠵᠢᠨ ᠤᠢ ᠵᠢᠨ ᠤᠯᠤᠰ᠎ᠤᠨ ᠲᠠᠰ᠎ᠤᠨ ᠬᠢᠵᠢᠭ᠎ᠤᠨ ᠢᠷᠡᠯᠲᠡ ᠪᠠ ᠬᠢᠵᠢᠭ ᠡᠪᠡᠳᠴᠢᠨ᠎ᠢ ᠬᠢᠨᠠᠨ ᠬᠡᠮᠵᠢᠬᠦ ᠥᠷᠲᠡᠭᠡ)᠃ ᠬᠢᠵᠢᠭ᠎ᠤᠨ ᠪᠠᠢ᠌ᠳᠠᠯ᠎ᠤᠨ ᠬᠤᠭᠤᠴᠠᠭ᠋ᠠᠨ᠎ᠳᠤ᠂ ᠡᠯ᠎ᠡ ᠬᠢᠵᠢᠭ᠎ᠤᠨ ᠢᠷᠡᠯᠲᠡ ᠵᠢᠴᠢ ᠬᠢᠵᠢᠭ ᠡᠪᠡᠳᠴᠢᠨ᠎ᠢ ᠬᠢᠨᠠᠨ ᠬᠡᠮᠵᠢᠬᠦ ᠥᠷᠲᠡᠭᠡ 24 ᠴᠠᠭ᠎ᠤᠨ ᠵᠢᠵᠢᠭᠦᠷᠯᠡᠬᠦ ᠳᠦᠷᠢᠮ᠎ᠢ ᠬᠡᠷᠡᠭᠵᠢᠭᠦᠯᠵᠦ᠂ ᠲᠣᠭᠣᠷᠢᠨ ᠬᠠᠮᠠᠭ᠋ᠠᠯᠠᠬᠤ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠵᠠᠢ᠃   ᠬᠡᠭᠡᠷ᠎ᠡ ᠵᠢᠨ ᠠᠮᠢᠲᠠᠨ᠎ᠤ ᠤᠷᠤᠩᠨᠠᠬᠤ ᠪᠠᠶ᠋ᠢᠳᠠᠯ᠎ᠢ ᠵᠢᠭᠰᠠᠭ᠋ᠠᠨ ᠪᠠᠶ᠋ᠢᠴᠠᠭ᠋ᠠᠵᠤ᠂ ᠲᠦᠷᠭᠡᠨ ᠮᠡᠳᠡᠭᠦᠯᠬᠦ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠪᠠ᠃ ᠭᠤᠷᠪᠠ᠎ᠳᠤ᠂ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠤᠬᠠᠭᠤᠯᠭ᠎ᠠ ᠵᠢ ᠢᠳᠡᠪᠬᠢᠲᠡᠶ ᠶᠠᠪᠤᠭᠳᠠᠭᠤᠯᠪᠠ᠃ 《ᠨᠢᠭᠡ ᠬᠠᠤᠯᠢ ᠨᠢᠭᠡ ᠲᠣᠭᠲᠠᠭ᠋ᠠᠯ ᠨᠢᠭᠡ ᠠᠷᠭ᠎ᠠ ᠪᠤᠳᠤᠯᠭ᠎ᠠ》 ᠵᠢᠨ ᠲᠣᠭᠣᠷᠢᠨ᠎ᠳᠤ᠂ 《ᠳᠡᠯᠡᠬᠡᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠳᠦᠷ》᠂ 《ᠰᠢᠪᠠᠭᠤ ᠵᠢ ᠬᠠᠶ᠋ᠢᠷᠠᠯᠠᠬᠤ ᠭᠠᠷᠠᠭ》 ᠵᠡᠷᠭᠡ ᠵᠠᠩᠭᠢᠯᠠᠭ᠎ᠠ ᠵᠢᠨ ᠴᠠᠭ ᠬᠤᠭᠤᠴᠠᠭ᠋ᠠᠨ᠎ᠤ ᠵᠠᠩᠭᠢᠯᠠᠭ᠎ᠠ ᠵᠢᠨ ᠴᠡᠭ᠎ᠲᠠᠢ ᠤᠶᠠᠯᠳᠤᠭᠤᠯᠤᠨ᠂ ᠤᠬᠠᠭᠤᠯᠭ᠎ᠠ ᠵᠢᠨ ᠰᠠᠮᠪᠠᠷ᠎ᠠ ᠡᠯᠭᠦᠬᠦ᠂ ᠤᠬᠠᠭᠤᠯᠭ᠎ᠠ ᠵᠢᠨ ᠬᠠᠭᠤᠳᠠᠰᠤ ᠡᠯᠭᠦᠬᠦ᠂ ᠪᠢᠴᠢᠭ ᠮᠠᠲᠸᠷᠢᠶᠠᠯ᠎ᠤᠨ ᠤᠬᠠᠭᠤᠯᠭ᠎ᠠ ᠵᠡᠷᠭᠡ ᠤᠬᠠᠭᠤᠯᠭ᠎ᠠ ᠵᠢᠨ ᠠᠵᠢᠯᠯᠠᠭ᠎ᠠ ᠶᠠᠪᠤᠭᠳᠠᠭᠤᠯᠵᠠᠢ᠃ ᠡᠯ᠎ᠡ ᠲᠥᠷᠥᠯ᠎ᠤᠨ ᠰᠢᠨ᠎ᠡ ᠵᠠᠭᠤᠴᠢᠯᠠᠭᠤᠷ᠎ᠲᠤ ᠲᠦᠰᠢᠭᠯᠡᠨ᠂ ᠬᠡᠭᠡᠷ᠎ᠡ ᠵᠢᠨ ᠠᠮᠢᠲᠠᠨ᠎ᠢ ᠠᠪᠤᠷᠠᠨ ᠲᠤᠰᠠᠯᠠᠬᠤ ᠠᠵᠢᠯᠯᠠᠭ᠎ᠠ ᠪᠠ ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ᠎ᠢ ᠡᠪᠳᠡᠭᠰᠡᠨ ᠬᠡᠷᠡᠭ᠎ᠤᠨ ᠵᠢᠱ᠌ᠢᠶ᠎ᠡ᠎ᠪᠠᠷ ᠰᠡᠷᠡᠮᠵᠢᠯᠡᠭᠦᠯᠦᠨ ᠬᠥᠮᠦᠵᠢᠭᠦᠯᠬᠦ   ᠠᠵᠢᠯᠯᠠᠭ᠎ᠠ ᠵᠢ ᠶᠠᠪᠤᠭᠳᠠᠭᠤᠯᠪᠠ᠃
      ᠪᠥᠬᠥ ᠠᠶ᠋ᠢᠮᠠᠭ ᠨᠡᠶ᠋ᠢᠲᠡ 85 ᠤᠬᠠᠭᠤᠯᠭ᠎ᠠ ᠵᠢᠨ ᠰᠠᠮᠪᠠᠷ᠎ᠠ᠂ 104 ᠵᠤᠷᠪᠤᠰ ᠤᠷᠢᠶ᠎ᠠ᠂ 600 ᠭᠠᠷᠤᠢ ᠬᠤᠪᠢ ᠵᠡᠷ ᠮᠡᠳᠡᠭᠡ᠂ 7000 ᠭᠠᠷᠤᠶ ᠬᠤᠪᠢ ᠤᠬᠠᠭᠤᠯᠭ᠎ᠠ ᠵᠢᠨ ᠬᠠᠭᠤᠳᠠᠰᠤ ᠲᠠᠷᠬᠠᠭ᠋ᠠᠵᠤ᠂ ᠬᠡᠭᠡᠷ᠎ᠡ ᠵᠢᠨ ᠠᠮᠢᠲᠠᠨ᠎ᠤ ᠬᠠᠮᠢᠶ᠎ᠠ ᠪᠥᠬᠥᠶ ᠠᠭᠤᠯᠭ᠎ᠠ ᠵᠢ 60 ᠭᠠᠷᠤᠶ ᠬᠤᠪᠢ ᠮᠡᠳᠡᠭᠡᠯᠡᠵᠡᠶ᠃

ᠢᠷᠡᠯᠲᠡ᠄ ᠠᠯᠠᠱᠨ ᠠᠶ᠋ᠢᠮᠠᠭ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠬᠤᠳᠠ ᠭᠠᠵᠠᠷ ᠰᠢᠷᠤᠢ ᠵᠢ ᠴᠡᠭᠴᠡᠯᠡᠨ ᠵᠠᠰᠠᠬᠤ ᠵᠢᠴᠢ ᠦᠨᠳᠦᠷ ᠪᠠᠷᠢᠮᠵᠢᠶᠠᠳᠤ ᠲᠠᠷᠢᠶᠠᠨ ᠭᠠᠵᠠᠷ᠎ᠤᠨ ᠪᠦᠳᠦᠭᠡᠨ ᠪᠠᠶ᠋ᠢᠭᠤᠯᠤᠯᠳᠠ᠎ᠠᠴᠠ ᠮᠦ᠍ ᠲᠤᠮᠳᠠᠴᠢ ᠵᠢᠨ ᠠᠰᠢᠭ ᠤᠷᠤᠯᠭ᠎ᠠ 20% ᠨᠡᠮᠡᠭᠳᠡᠵᠡᠢ
ᠤᠲᠤᠭ ᠬᠣᠰᠢᠭᠤᠨ᠎ᠤ ᠣᠢ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠢ᠍ᠯᠡᠬᠦ ᠤᠬᠠᠭᠤᠯᠭ᠎ᠠ ᠰᠤᠷᠭ᠋ᠠᠭᠤᠯᠢ ᠵᠢᠨ ᠬᠦᠷᠢᠶᠠᠨ᠎ᠳᠤ ᠶᠠᠪᠤᠭᠳᠠᠪᠠ
ᠠᠷᠤ ᠬᠤᠷᠴᠢᠨ ᠬᠣᠰᠢᠭᠤᠨ᠎ᠤ ᠴᠠᠷᠭ᠋ᠠᠰᠣᠨ᠎ᠤ ᠦᠢ᠍ᠯᠡᠰ᠎ᠤᠨ ᠬᠥᠭᠵᠢᠯᠲᠡ ᠰᠠᠢ᠌ᠨ ᠪᠠᠢ᠌ᠨ᠎ᠠ
ᠠᠯᠠᠱ᠌ᠠ ᠵᠡᠭᠦᠨ ᠬᠣᠰᠢᠭᠤᠨ᠎ᠤ ᠰᠢᠨᠵᠢᠯᠡᠬᠦ ᠤᠬᠠᠭ᠋ᠠᠨ ᠮᠡᠷᠭᠡᠵᠢᠯ ᠪᠤᠯᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠡᠯᠧᠺᠲᠷᠣᠨ ᠮᠡᠳᠡᠭᠡ ᠵᠠᠩᠭᠢ ᠵᠢᠨ ᠠᠵᠢᠯ ᠲᠥᠷᠥᠯ᠎ᠤᠨ ᠡᠷᠡᠭᠦᠯ ᠵᠶ᠋ᠠᠷ ᠬᠥᠭᠵᠢᠬᠦ ᠵᠢ ᠳᠥᠯᠭᠢᠨ ᠠᠬᠢᠭᠤᠯᠪᠠ
ᠰᠢᠯᠢ ᠵᠢᠨ ᠭᠤᠤᠯ ᠠᠶ᠋ᠢᠮᠠᠭ ᠨᠤᠲᠤᠭ ᠪᠡᠯᠴᠢᠭᠡᠷ᠎ᠢ ᠰᠡᠷᠭᠦᠭᠡᠨ ᠵᠠᠰᠠᠬᠤ ᠰᠢᠨ᠎ᠡ ᠬᠠᠭᠤᠳᠠᠰᠤ ᠵᠢ ᠰᠡᠬᠦᠪᠡ
 
             蒙ICP备05000248号