ᠠᠯᠠᠱ᠌ᠠ ᠠᠶ᠋ᠢᠮᠠᠭ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠢᠳᠡᠭᠡᠨ᠎ᠳᠤ ᠬᠡᠷᠡᠭᠯᠡᠬᠦ ᠵᠢ ᠴᠠᠭ᠋ᠠᠵᠠᠯᠠᠬᠤ ᠬᠡᠭᠡᠷ᠎ᠡ ᠵᠢᠨ ᠠᠮᠢᠲᠠᠨ᠎ᠢ ᠨᠥᠬᠥᠪᠥᠷᠢ ᠥᠭᠴᠦ ᠰᠢᠢ᠍ᠳᠪᠦᠷᠢᠯᠡᠬᠦ ᠠᠵᠢᠯ᠎ᠢ ᠲᠦᠷᠭᠡᠳᠬᠡᠬᠦ ᠲᠤᠬᠠᠶ ᠪᠠᠴᠢᠮ ᠮᠡᠳᠡᠭᠳᠡᠯ》᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠠᠶ᠃ ᠠᠯᠠᠱ᠌ᠠ ᠠᠶ᠋ᠢᠮᠠᠭ᠎ᠲᠤ ᠬᠣᠯᠪᠣᠭᠳᠠᠭᠰᠠᠨ 2 ᠲᠦᠷᠦᠯ᠎ᠤᠨ ᠬᠡᠭᠡᠷ᠎ᠡ ᠵᠢᠨ 30 ᠠᠮᠢᠲᠠᠨ᠎ᠳᠤ ᠨᠦᠬᠦᠪᠦᠷᠢ ᠦᠭᠴᠦ᠂ ᠡᠭᠦᠨ᠎ᠳᠤ ᠭᠥᠷᠥᠭᠡᠰᠦ 9᠂ ᠬᠥᠬᠡ ᠲᠣᠭᠣᠰ 21 ᠪᠣᠶ᠃ ᠥᠪᠡᠷᠲᠡᠭᠡᠨ ᠵᠠᠰᠠᠬᠤ ᠣᠷᠣᠨ᠎ᠠᠴᠠ 5 ᠲᠦᠮᠡᠨ ᠲᠥᠭᠥᠷᠢᠭ᠎ᠤᠨ ᠨᠥᠬᠥᠪᠥᠷᠢ ᠪᠡᠯᠡ ᠮᠥᠩᠭᠥ ᠪᠠᠭᠤᠯᠭ᠋ᠠᠪᠠ᠃ ᠣᠳᠣᠬᠠᠨ ᠪᠣᠯᠲᠠᠯ᠎ᠠ᠂ ᠠᠯᠠᠱ᠌ᠠ ᠠᠶ᠋ᠢᠮᠠᠭ ᠬᠡᠭᠡᠷ᠎ᠡ ᠵᠢᠨ ᠠᠮᠢᠲᠠᠨ᠎ᠤ ᠨᠥᠬᠥᠪᠥᠷᠢ ᠥᠭᠴᠦ ᠰᠢᠢ᠍ᠳᠪᠦᠷᠢᠯᠡᠬᠦ ᠠᠵᠢᠯ᠎ᠢ ᠨᠢᠭᠡᠨᠲᠡ ᠪᠦᠬᠦᠨ᠎ᠢ ᠪᠡᠶᠡᠯᠡᠭᠦᠯᠵᠦ᠂ ᠰᠢᠢ᠍ᠳᠪᠦᠷᠢᠯᠡᠭᠰᠡᠨ ᠨᠣᠷᠮ᠎ᠠ᠎ᠨᠢ 100%᠎ᠳᠤ ᠬᠦᠷᠴᠡᠶ᠃
2 ᠰᠠᠷ᠎ᠠ ᠵᠢᠨ 24᠎ᠤ ᠡᠳᠦᠷ᠎ᠤᠨ 《ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠬᠡᠭᠡᠷ᠎ᠡ ᠠᠮᠢᠲᠠᠨ᠎ᠤ ᠬᠠᠤᠯᠢ ᠪᠤᠰᠤ ᠠᠷᠠᠯᠵᠢᠶ᠎ᠠ ᠵᠢ ᠪᠦᠬᠦ ᠲᠠᠯ᠎ᠠ᠎ᠪᠠᠷ ᠴᠠᠭ᠋ᠠᠵᠠᠯᠠᠬᠤ᠂ ᠳᠤᠷ᠎ᠠ᠎ᠪᠠᠷ ᠵᠶ᠋ᠠᠨ ᠢᠳᠡᠭᠡᠨ᠎ᠳᠤ ᠬᠡᠷᠡᠭᠯᠡᠬᠦ ᠮᠠᠭᠤ ᠳᠠᠳᠬᠠᠯ᠎ᠢ ᠠᠷᠢᠯᠭ᠋ᠠᠬᠤ᠂ ᠠᠷᠠᠳ ᠣᠯᠠᠨ᠎ᠤ ᠠᠮᠢ ᠨᠠᠰᠤ ᠡᠷᠡᠭᠦᠯ ᠴᠢᠭᠢᠷᠠᠭ ᠠᠮᠤᠷ ᠲᠦᠪᠰᠢᠨ᠎ᠢ ᠪᠠᠲᠤᠯᠠᠬᠤ ᠲᠤᠬᠠᠶ ᠲᠣᠭᠲᠠᠭ᠋ᠠᠯ》᠎ᠢ ᠨᠡᠢ᠌ᠲᠡᠯᠡᠵᠦ ᠬᠡᠷᠡᠭᠵᠢᠭᠦᠯᠦᠭᠰᠡᠨ᠎ᠠᠴᠠ ᠨᠠᠰᠢ ᠠᠶ᠋ᠢᠮᠠᠭ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠠᠵᠢᠯ᠎ᠢ ᠳᠡᠭᠡᠳᠤ ᠬᠡᠮᠵᠢᠶ᠎ᠡ᠎ᠪᠠᠷ ᠴᠢᠬᠤᠯᠠᠴᠢᠯᠠᠵᠤ᠂ 《ᠨᠢᠭᠡ ᠬᠠᠤᠯᠢ ᠨᠢᠭᠡ ᠲᠣᠭᠲᠠᠭ᠋ᠠᠯ ᠨᠢᠭᠡ ᠠᠷᠭ᠎ᠠ ᠪᠤᠳᠤᠯᠭ᠎ᠠ》 ᠵᠢ ᠰᠤᠷᠤᠯᠴᠠᠨ ᠤᠬᠠᠭᠤᠯᠬᠤ ᠪᠠ ᠲᠤᠤᠱᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠠᠶ᠋ᠢᠲᠤᠷ ᠠᠳᠬᠤᠵᠤ᠂ ᠲᠤᠪᠴᠢᠶᠠᠨ ᠳᠠᠷᠤᠭ᠎ᠠ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠠᠵᠢᠯ᠎ᠢ ᠪᠡᠶ᠎ᠡ᠎ᠪᠠᠷ ᠵᠶ᠋ᠠᠨ ᠪᠠᠢ᠌ᠷᠢᠯᠠᠭᠤᠯᠵᠤ᠂ ᠬᠦᠴᠦᠨ ᠵᠶ᠋ᠠᠨ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠦᠨᠳᠦᠰᠦᠨ ᠱᠠᠲᠤᠨ᠎ᠳᠤ ᠬᠦᠨᠵᠡᠭᠡᠢ᠌ᠷᠡᠨ᠂ ᠬᠢᠨᠠᠨ ᠵᠢᠯᠣᠭᠣᠳᠴᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠬᠡᠭᠡᠷ᠎ᠡ ᠵᠢᠨ ᠠᠮᠢᠲᠠᠨ᠎ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠪᠠ᠃ ᠨᠢᠭᠡ᠎ᠳᠤ᠂ ᠡᠯ᠎ᠡ ᠬᠣᠰᠢᠭᠤ ᠲᠣᠭᠣᠷᠢᠭ᠎ᠲᠤ 《ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠡᠭᠡᠷ᠎ᠡ ᠵᠢᠨ ᠠᠮᠢᠲᠠᠨ᠎ᠢ ᠬᠠᠮᠢᠶᠠᠷᠤᠨ ᠡᠵᠡᠮᠳᠡᠬᠦ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠪᠠᠴᠢᠮ ᠮᠡᠳᠡᠭᠳᠡᠯ》 《ᠵᠠᠬ᠎ᠠ ᠳᠡᠯᠭᠡᠭᠦᠷ᠎ᠤᠨ ᠬᠢᠨᠠᠯᠲᠠ ᠲᠠᠯᠪᠢᠬᠤ ᠶᠡᠷᠦᠩᠬᠡᠶ ᠲᠣᠪᠴᠢᠶ᠎ᠠ᠂ ᠲᠠᠷᠢᠶᠠᠯᠠᠩ ᠬᠥᠳᠡᠭᠡ ᠲᠤᠰᠬᠤᠨ᠎ᠤ ᠶᠠᠮᠤᠨ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠡᠭᠡᠷ᠎ᠡ ᠵᠢᠨ ᠠᠮᠢᠲᠠᠨ᠎ᠢ ᠠᠷᠠᠯᠵᠢᠶᠠᠯᠠᠬᠤ ᠵᠢ ᠴᠠᠭ᠋ᠠᠵᠠᠯᠠᠬᠤ ᠲᠤᠬᠠᠶ ᠠᠯᠪᠠᠨ ᠵᠠᠷ》 《ᠬᠡᠭᠡᠷ᠎ᠡ ᠵᠢᠨ ᠠᠮᠢᠲᠠᠨ᠎ᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠬᠤ ᠲᠥᠰᠦᠯ》 《ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠴᠡᠭᠴᠡᠯᠡᠨ ᠵᠠᠰᠠᠬᠤ ᠠᠵᠢᠯᠯᠠᠭ᠎ᠠ ᠵᠢ ᠬᠠᠮᠲᠤᠷᠠᠨ ᠶᠠᠪᠤᠭᠳᠠᠭᠤᠯᠬᠤ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠬᠣᠰᠢᠭᠤ ᠲᠣᠭᠣᠷᠢᠭ᠎ᠤᠨ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠪᠠ᠃ ᠬᠣᠶᠠᠷ᠎ᠲᠤ᠂ ᠬᠡᠭᠡᠷ᠎ᠡ ᠵᠢᠨ ᠠᠮᠢᠲᠠᠨ᠎ᠤ ᠬᠢᠵᠢᠭ᠎ᠤᠨ ᠢᠷᠡᠯᠲᠡ ᠵᠢᠴᠢ ᠬᠢᠵᠢᠭ ᠡᠪᠡᠳᠴᠢᠨ᠎ᠢ ᠬᠢᠨᠠᠨ ᠬᠡᠮᠵᠢᠬᠦ ᠠᠵᠢᠯ᠎ᠢ ᠶᠠᠪᠤᠭᠳᠠᠭᠤᠯᠪᠠ᠃ ᠪᠥᠬᠥ ᠠᠶ᠋ᠢᠮᠠᠭ᠎ᠲᠤ ᠤᠯᠤᠰ᠎ᠤᠨ ᠲᠠᠰ᠎ᠤᠨ ᠬᠢᠵᠢᠭ ᠤᠨ ᠢᠷᠡᠯᠲᠡ ᠵᠢᠴᠢ ᠬᠢᠵᠢᠭ ᠡᠪᠡᠳᠴᠢᠨ᠎ᠢ ᠬᠢᠨᠠᠨ ᠬᠡᠮᠵᠢᠬᠦ ᠦᠷᠳᠡᠭᠡ 3 ᠪᠣᠶ (ᠮᠤᠨᠢ ᠠᠭᠤᠯᠠ᠂ ᠪᠠᠳᠠᠶ ᠵᠢᠨ ᠵᠢᠷᠠᠨ᠂ ᠲᠤᠤᠷᠠᠢ ᠵᠢᠨ ᠤᠢ ᠵᠢᠨ ᠤᠯᠤᠰ᠎ᠤᠨ ᠲᠠᠰ᠎ᠤᠨ ᠬᠢᠵᠢᠭ᠎ᠤᠨ ᠢᠷᠡᠯᠲᠡ ᠪᠠ ᠬᠢᠵᠢᠭ ᠡᠪᠡᠳᠴᠢᠨ᠎ᠢ ᠬᠢᠨᠠᠨ ᠬᠡᠮᠵᠢᠬᠦ ᠥᠷᠲᠡᠭᠡ)᠃ ᠡᠯ᠎ᠡ ᠬᠢᠵᠢᠭ᠎ᠤᠨ ᠢᠷᠡᠯᠲᠡ ᠵᠢᠴᠢ ᠬᠢᠵᠢᠭ ᠡᠪᠡᠳᠴᠢᠨ᠎ᠢ ᠬᠢᠨᠠᠨ ᠬᠡᠮᠵᠢᠬᠦ ᠥᠷᠲᠡᠭᠡ 24 ᠴᠠᠭ᠎ᠤᠨ ᠵᠢᠵᠢᠭᠦᠷᠯᠡᠬᠦ ᠳᠦᠷᠢᠮ᠎ᠢ ᠬᠡᠷᠡᠭᠵᠢᠭᠦᠯᠵᠦ᠂ ᠲᠣᠭᠣᠷᠢᠨ ᠬᠠᠮᠠᠭ᠋ᠠᠯᠠᠬᠤ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠵᠤ᠂ ᠬᠡᠭᠡᠷ᠎ᠡ ᠵᠢᠨ ᠠᠮᠢᠲᠠᠨ᠎ᠤ ᠤᠷᠤᠩᠨᠠᠬᠤ ᠪᠠᠶ᠋ᠢᠳᠠᠯ᠎ᠢ ᠵᠢᠭᠰᠠᠭ᠋ᠠᠨ ᠪᠠᠶ᠋ᠢᠴᠠᠭ᠋ᠠᠵᠤ᠂ ᠲᠦᠷᠭᠡᠨ ᠮᠡᠳᠡᠭᠦᠯᠬᠦ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠪᠠ᠃ ᠭᠤᠷᠪᠠ᠎ᠳᠤ᠂ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠤᠬᠠᠭᠤᠯᠭ᠎ᠠ ᠵᠢ ᠢᠳᠡᠪᠬᠢᠲᠡᠶ ᠶᠠᠪᠤᠭᠳᠠᠭᠤᠯᠪᠠ᠃ 《ᠨᠢᠭᠡ ᠬᠠᠤᠯᠢ ᠨᠢᠭᠡ ᠲᠣᠭᠲᠠᠭ᠋ᠠᠯ ᠨᠢᠭᠡ ᠠᠷᠭ᠎ᠠ ᠪᠤᠳᠤᠯᠭ᠎ᠠ》 ᠵᠢᠨ ᠲᠣᠭᠣᠷᠢᠨ᠎ᠳᠤ᠂ 《ᠳᠡᠯᠡᠬᠡᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠳᠦᠷ》᠂ 《ᠰᠢᠪᠠᠭᠤ ᠵᠢ ᠬᠠᠶ᠋ᠢᠷᠠᠯᠠᠬᠤ ᠭᠠᠷᠠᠭ》 ᠵᠡᠷᠭᠡ ᠵᠠᠩᠭᠢᠯᠠᠭ᠎ᠠ ᠵᠢᠨ ᠴᠠᠭ ᠬᠤᠭᠤᠴᠠᠭ᠋ᠠᠨ᠎ᠤ ᠵᠠᠩᠭᠢᠯᠠᠭ᠎ᠠ ᠵᠢᠨ ᠴᠡᠭ᠎ᠲᠠᠢ ᠤᠶᠠᠯᠳᠤᠭᠤᠯᠤᠨ᠂ ᠤᠬᠠᠭᠤᠯᠭ᠎ᠠ ᠵᠢᠨ ᠰᠠᠮᠪᠠᠷ᠎ᠠ ᠡᠯᠭᠦᠬᠦ᠂ ᠤᠬᠠᠭᠤᠯᠭ᠎ᠠ ᠵᠢᠨ ᠪᠢᠴᠢᠭ ᠮᠠᠲᠸᠷᠢᠶᠠᠯ᠎ᠤᠨ ᠲᠠᠷᠬᠠᠭ᠋ᠠᠬᠤ᠂ ᠡᠯ᠎ᠡ ᠲᠥᠷᠥᠯ᠎ᠤᠨ ᠰᠢᠨ᠎ᠡ ᠵᠠᠭᠤᠴᠢᠯᠠᠭᠤᠷ᠎ᠲᠤ ᠲᠦᠰᠢᠭᠯᠡᠨ᠂ ᠬᠡᠭᠡᠷ᠎ᠡ ᠵᠢᠨ ᠠᠮᠢᠲᠠᠨ᠎ᠢ ᠠᠪᠤᠷᠠᠨ ᠲᠤᠰᠠᠯᠠᠬᠤ ᠠᠵᠢᠯᠯᠠᠭ᠎ᠠ ᠪᠠ ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ᠎ᠢ ᠡᠪᠳᠡᠭᠰᠡᠨ ᠬᠡᠷᠡᠭ᠎ᠤᠨ ᠵᠢᠱ᠌ᠢᠶ᠎ᠡ᠎ᠪᠠᠷ ᠰᠡᠷᠡᠮᠵᠢᠯᠡᠭᠦᠯᠦᠨ ᠬᠥᠮᠦᠵᠢᠭᠦᠯᠬᠦ ᠠᠵᠢᠯᠯᠠᠭ᠎ᠠ ᠵᠢ ᠶᠠᠪᠤᠭᠳᠠᠭᠤᠯᠪᠠ᠃
ᠪᠥᠬᠥ ᠠᠶ᠋ᠢᠮᠠᠭ ᠨᠡᠶ᠋ᠢᠲᠡ 85 ᠤᠬᠠᠭᠤᠯᠭ᠎ᠠ ᠵᠢᠨ ᠰᠠᠮᠪᠠᠷ᠎ᠠ᠂ 104 ᠵᠤᠷᠪᠤᠰ ᠤᠷᠢᠶ᠎ᠠ᠂ 600 ᠭᠠᠷᠤᠢ ᠬᠤᠪᠢ ᠵᠡᠷ ᠮᠡᠳᠡᠭᠡ᠂ 7000 ᠭᠠᠷᠤᠶ ᠬᠤᠪᠢ ᠤᠬᠠᠭᠤᠯᠭ᠎ᠠ ᠵᠢᠨ ᠬᠠᠭᠤᠳᠠᠰᠤ ᠲᠠᠷᠬᠠᠭ᠋ᠠᠵᠤ᠂ ᠬᠡᠭᠡᠷ᠎ᠡ ᠵᠢᠨ ᠠᠮᠢᠲᠠᠨ᠎ᠤ ᠬᠠᠮᠢᠶ᠎ᠠ ᠪᠥᠬᠥᠶ ᠠᠭᠤᠯᠭ᠎ᠠ ᠵᠢ 60 ᠭᠠᠷᠤᠶ ᠬᠤᠪᠢ ᠮᠡᠳᠡᠭᠡᠯᠡᠵᠡᠶ᠃