ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠤᠯᠠᠭ᠋ᠠᠨᠬᠠᠳᠠ ᠬᠤᠳᠠ ᠭᠠᠵᠠᠷ ᠰᠢᠷᠤᠢ ᠵᠢ ᠴᠡᠭᠴᠡᠯᠡᠨ ᠵᠠᠰᠠᠬᠤ ᠵᠢᠴᠢ ᠦᠨᠳᠦᠷ ᠪᠠᠷᠢᠮᠵᠢᠶᠠᠳᠤ ᠲᠠᠷᠢᠶᠠᠨ ᠭᠠᠵᠠᠷ᠎ᠤᠨ ᠪᠦᠳᠦᠭᠡᠨ ᠪᠠᠶ᠋ᠢᠭᠤᠯᠤᠯᠳᠠ᠎ᠠᠴᠠ ᠮᠦ᠍ ᠲᠤᠮᠳᠠᠴᠢ ᠵᠢᠨ ᠠᠰᠢᠭ ᠤᠷᠤᠯᠭ᠎ᠠ 20% ᠨᠡᠮᠡᠭᠳᠡᠵᠡᠢ
ᠨᠡᠶ᠋ᠢᠲᠡᠯᠡᠭᠰᠡᠨ ᠴᠠᠭ᠄ 2020-09-30

      ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠭᠢᠮ᠎ᠠᠴᠠ ᠤᠢ᠍ᠢ᠍ᠯᠠᠭ᠋ᠠᠭᠰᠠᠨ ᠵᠶ᠋ᠠᠷ᠂ ᠤᠯᠠᠭ᠋ᠠᠨᠬᠠᠳᠠ ᠬᠤᠳᠠ ᠭᠠᠵᠠᠷ ᠰᠢᠷᠤᠢ ᠵᠢ ᠴᠡᠭᠴᠡᠯᠡᠨ ᠵᠠᠰᠠᠬᠤ ᠵᠢᠴᠢ ᠦᠨᠳᠦᠷ ᠪᠠᠷᠢᠮᠵᠢᠶᠠᠳᠤ ᠲᠠᠷᠢᠶᠠᠨ ᠭᠠᠵᠠᠷ᠎ᠤᠨ ᠪᠦᠳᠦᠭᠡᠨ ᠪᠠᠶ᠋ᠢᠭᠤᠯᠤᠯᠳᠠ ᠵᠢ ᠠᠬᠢᠭᠤᠯᠵᠤ᠂ ᠮᠦ᠍ ᠲᠤᠮᠳᠠᠴᠢ ᠵᠢᠨ ᠠᠰᠢᠭ ᠤᠷᠤᠯᠭ᠎ᠠ 20%᠎ᠪᠠᠷ ᠨᠡᠮᠡᠭᠳᠡᠵᠡᠢ᠃
     2001 ᠤᠨ᠎ᠠᠴᠠ ᠨᠠᠭ᠋ᠠᠰᠢ᠂ ᠤᠯᠠᠭ᠋ᠠᠨᠬᠠᠳᠠ ᠬᠤᠳᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠢᠰᠲ᠋ᠧᠮ᠎ᠤᠨ ᠲᠠᠭ᠋ᠠᠭ᠋ᠠᠴᠢᠯᠠᠨ ᠪᠠᠶ᠋ᠢᠭᠤᠯᠵᠤ ᠬᠡᠷᠡᠭᠵᠢᠭᠦᠯᠦᠭᠰᠡᠨ ᠭᠠᠵᠠᠷ ᠰᠢᠷᠤᠢ ᠵᠢ ᠴᠡᠭᠴᠡᠯᠡᠨ ᠵᠠᠰᠠᠬᠤ ᠵᠢᠴᠢ ᠦᠨᠳᠦᠷ ᠪᠠᠷᠢᠮᠵᠢᠶᠠᠳᠤ ᠲᠠᠷᠢᠶᠠᠨ ᠭᠠᠵᠠᠷ᠎ᠤᠨ ᠪᠦᠳᠦᠭᠡᠨ ᠪᠠᠶ᠋ᠢᠭᠤᠯᠤᠯᠳᠠ ᠵᠢᠨ ᠲᠦᠷᠦᠯ ᠵᠦᠢ᠍ᠯ ᠨᠡᠶ᠋ᠢᠳᠡ 258 ᠪᠠᠶ᠋ᠢᠵᠤ᠂ ᠶᠡᠷᠦᠩᠬᠡᠢ ᠪᠦᠳᠦᠭᠡᠨ ᠪᠠᠶ᠋ᠢᠭᠤᠯᠤᠯᠳᠠ ᠵᠢᠨ ᠬᠡᠪᠴᠢᠶ᠎ᠠ᠎ᠨᠢ 209.55 ᠲᠦᠮᠡᠨ ᠮᠦ᠍᠎ᠳᠤ ᠬᠦᠷᠴᠦ᠂ ᠶᠡᠷᠦᠩᠬᠡᠢ ᠪᠡᠯᠡ ᠤᠷᠤᠭᠤᠯᠤᠯᠳᠠ᠎ᠨᠢ 24.22 ᠳ᠋ᠦᠩᠰᠢᠭᠤᠷ ᠲᠦᠭᠦᠷᠢᠭ᠎ᠲᠤ ᠬᠦᠷᠴᠡᠢ᠃ 2020 ᠤᠨ᠎ᠤ 8 ᠰᠠᠷ᠎ᠠ ᠪᠤᠯᠳᠠᠯ᠎ᠠ᠂ ᠲᠡᠭᠡᠷ᠎ᠠ ᠲᠤᠷᠠᠳᠤᠭᠰᠠᠨ ᠪᠤᠢ ᠪᠦᠬᠦᠢ ᠲᠦᠷᠦᠯ ᠵᠦᠢ᠍ᠯ᠎ᠢ ᠪᠦᠬᠦᠨ᠎ᠢ ᠪᠠᠷᠢᠯᠭ᠎ᠠ ᠲᠠᠭᠤᠰᠬᠠᠵᠤ ᠰᠢᠯᠭ᠋ᠠᠨ ᠬᠤᠷᠢᠶᠠᠪᠠ᠃ ᠲᠦᠷᠦᠯ ᠵᠦᠢ᠍ᠯ᠎ᠤᠨ ᠤᠷᠤᠨ᠎ᠤ ᠤᠰᠤ᠂ ᠲᠠᠷᠢᠶ᠎ᠠ᠂ ᠤᠢ ᠰᠢᠭᠤᠢ᠂ ᠵᠠᠮ᠎ᠢ ᠶᠡᠷᠦᠩᠬᠡᠶ᠋ᠢᠯᠡᠨ ᠵᠠᠰᠠᠵᠤ᠂ ᠬᠦᠷᠦᠰᠦᠨ᠎ᠤ ᠰᠢᠮ᠎ᠠ ᠬᠦᠴᠦ ᠪᠤᠯᠤᠨ ᠦᠢ᠍ᠯᠡᠳᠪᠦᠷᠢᠯᠡᠯ᠎ᠤᠨ ᠴᠢᠳᠠᠪᠤᠷᠢ ᠵᠢ ᠪᠦᠳᠦᠮᠵᠢᠳᠡᠢ ᠰᠠᠶ᠋ᠢᠵᠢᠷᠠᠭᠤᠯᠤᠭᠰᠠᠨ ᠵᠶ᠋ᠠᠷ ᠮᠦ᠍ ᠲᠤᠮᠳᠠᠴᠢ ᠵᠢᠨ ᠠᠰᠢᠭ ᠤᠷᠤᠯᠭ᠎ᠠ 20% ᠤᠷᠴᠢᠮ ᠨᠡᠮᠡᠭᠳᠡᠵᠦ᠂ ᠲᠦᠷᠦᠯ ᠵᠦᠢ᠍ᠯ᠎ᠤᠨ ᠤᠷᠤᠨ᠎ᠤ ᠪᠠᠶ᠋ᠢᠭ᠎ᠠ ᠭᠠᠵᠠᠷ᠎ᠤᠨ ᠠᠵᠤ ᠠᠬᠤᠢ ᠵᠢᠨ ᠦᠷ᠎ᠠ ᠠᠰᠢᠭ᠂ ᠨᠡᠶ᠋ᠢᠭᠡᠮ᠎ᠤᠨ ᠦᠷ᠎ᠠ ᠠᠰᠢᠭ ᠪᠠ ᠠᠮᠢ ᠠᠬᠤᠢ ᠵᠢᠨ ᠦᠷ᠎ᠠ ᠠᠰᠢᠭ ᠶᠡᠭᠡ᠎ᠪᠠᠷ ᠲᠡᠭᠡᠭᠰᠢᠯᠠᠵᠠᠢ᠃

ᠢᠷᠡᠯᠲᠡ᠄ ᠳᠣᠮᠳᠠᠳᠣ ᠣᠯᠣᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠲᠤᠭ ᠬᠣᠰᠢᠭᠤᠨ᠎ᠤ ᠣᠢ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠢ᠍ᠯᠡᠬᠦ ᠤᠬᠠᠭᠤᠯᠭ᠎ᠠ ᠰᠤᠷᠭ᠋ᠠᠭᠤᠯᠢ ᠵᠢᠨ ᠬᠦᠷᠢᠶᠠᠨ᠎ᠳᠤ ᠶᠠᠪᠤᠭᠳᠠᠪᠠ
ᠠᠷᠤ ᠬᠤᠷᠴᠢᠨ ᠬᠣᠰᠢᠭᠤᠨ᠎ᠤ ᠴᠠᠷᠭ᠋ᠠᠰᠣᠨ᠎ᠤ ᠦᠢ᠍ᠯᠡᠰ᠎ᠤᠨ ᠬᠥᠭᠵᠢᠯᠲᠡ ᠰᠠᠢ᠌ᠨ ᠪᠠᠢ᠌ᠨ᠎ᠠ
ᠠᠯᠠᠱ᠌ᠠ ᠵᠡᠭᠦᠨ ᠬᠣᠰᠢᠭᠤᠨ᠎ᠤ ᠰᠢᠨᠵᠢᠯᠡᠬᠦ ᠤᠬᠠᠭ᠋ᠠᠨ ᠮᠡᠷᠭᠡᠵᠢᠯ ᠪᠤᠯᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠡᠯᠧᠺᠲᠷᠣᠨ ᠮᠡᠳᠡᠭᠡ ᠵᠠᠩᠭᠢ ᠵᠢᠨ ᠠᠵᠢᠯ ᠲᠥᠷᠥᠯ᠎ᠤᠨ ᠡᠷᠡᠭᠦᠯ ᠵᠶ᠋ᠠᠷ ᠬᠥᠭᠵᠢᠬᠦ ᠵᠢ ᠳᠥᠯᠭᠢᠨ ᠠᠬᠢᠭᠤᠯᠪᠠ
ᠰᠢᠯᠢ ᠵᠢᠨ ᠭᠤᠤᠯ ᠠᠶ᠋ᠢᠮᠠᠭ ᠨᠤᠲᠤᠭ ᠪᠡᠯᠴᠢᠭᠡᠷ᠎ᠢ ᠰᠡᠷᠭᠦᠭᠡᠨ ᠵᠠᠰᠠᠬᠤ ᠰᠢᠨ᠎ᠡ ᠬᠠᠭᠤᠳᠠᠰᠤ ᠵᠢ ᠰᠡᠬᠦᠪᠡ
ᠨᠤᠳᠤᠭ ᠪᠡᠯᠴᠢᠬᠡᠷ᠎ᠢ ᠲᠠᠭ᠋ᠠᠳᠬᠠᠯ᠎ᠳᠤ ᠤᠷᠤᠭᠤᠯᠤᠬᠰᠠᠨ ᠪᠦᠬᠦ ᠤᠯᠤᠰ᠎ᠤᠨ ᠠᠩᠬᠠᠳᠠᠭᠴᠢ ᠵᠢᠱ᠌ᠢᠶ᠎ᠠ — ᠤᠷᠠᠳ ᠨᠤᠳᠤᠭ᠎ᠤᠨ 115.7 ᠲᠦᠮᠡᠨ ᠮᠦ᠍ ᠨᠤᠲᠤᠭ ᠪᠡᠯᠴᠢᠭᠡᠷ ᠲᠠᠭ᠋ᠠᠳᠬᠠᠯ᠎ᠳᠤ ᠤᠷᠤᠪᠠ
 
             蒙ICP备05000248号