ᠬᠢᠵᠢᠭ᠎ᠤᠨ ᠪᠠᠶ᠋ᠢᠳᠠᠯ ᠪᠣᠯ ᠵᠠᠷᠯᠢᠭ ᠮᠥᠨ᠂ ᠰᠡᠷᠭᠡᠶ᠋ᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ᠂ ᠵᠠᠯᠠᠨ ᠠᠶ᠋ᠢᠯ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠢᠮᠠᠭᠲᠠ ᠠᠵᠢᠯᠲᠠᠨ ᠠᠵᠢᠯᠴᠢᠨ ᠣᠯᠠᠨ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ ᠵᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠬᠣᠲᠠ ᠵᠢᠨ ᠨᠠᠮ᠎ᠤᠨ ᠬᠣᠷᠢᠶ᠎ᠠ᠂ ᠬᠣᠲᠠ ᠵᠢᠨ ᠵᠠᠰᠠᠭ᠎ᠤᠨ ᠣᠷᠳᠣᠨ᠎ᠤ ᠱᠠᠭ᠋ᠠᠷᠳᠠᠯᠭ᠎ᠠ ᠶᠣᠰᠣᠭ᠋ᠠᠷ᠂ ᠰᠡᠷᠭᠡᠶ᠋ᠢᠯᠡᠬᠦ ᠵᠢ ᠲᠡᠷᠢᠭᠦᠨ᠎ᠳᠤ ᠲᠠᠯᠪᠢᠵᠤ᠂ ᠬᠠᠷᠢᠭᠤᠴᠠᠯᠭ᠎ᠠ ᠵᠢ ᠴᠢᠩᠲᠠᠯᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠪᠠ᠃
ᠰᠢᠨ᠎ᠡ ᠨᠢᠭᠡ ᠡᠭᠡᠯᠵᠢ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠥᠷᠨᠢᠭᠦᠯᠦᠭᠰᠡᠨ᠎ᠠᠴᠠ ᠨᠠᠭ᠋ᠠᠰᠢ᠂ ᠬᠢᠵᠢᠭ ᠬᠠᠯᠳᠠᠪᠤᠷᠢᠯᠠᠨ ᠣᠷᠣᠵᠤ ᠢᠷᠡᠬᠦ ᠵᠢ ᠰᠡᠷᠭᠡᠶ᠋ᠢᠯᠡᠬᠦ ᠵᠢᠨ ᠲᠥᠯᠥᠭᠡ᠂ ᠵᠠᠯᠠᠨ ᠠᠶ᠋ᠢᠯ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠰᠢᠰᠲ᠋ᠧᠮ᠎ᠤᠨ ᠡᠯ᠎ᠡ ᠣᠶ ᠰᠢᠭᠤᠶ ᠵᠢᠨ ᠲᠠᠯᠠᠪᠠᠶ ᠵᠢᠨ᠎ᠬᠢᠨ ᠬᠢᠵᠢᠭ᠎ᠢ ᠰᠡᠷᠭᠡᠶ᠋ᠢᠯᠡᠬᠦ ᠪᠠᠶ᠋ᠢᠴᠠᠭ᠋ᠠᠯᠲᠠ ᠵᠢ ᠴᠢᠩᠭ᠎ᠠ ᠠᠳᠬᠤᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠶ᠋ᠢᠴᠠᠭ᠋ᠠᠯᠲᠠ ᠵᠢᠨ ᠠᠵᠢᠯ᠎ᠢ ᠬᠢᠨᠠᠮᠠᠭ᠋ᠠᠶ ᠥᠷᠨᠢᠭᠦᠯᠪᠠ᠃ 《ᠨᠢᠭᠡ ᠡᠷᠦᠬᠡ ᠨᠢᠭᠡ ᠬᠥᠮᠦᠨ᠎ᠢ ᠴᠦ᠍ ᠣᠷᠬᠢᠭᠳᠠᠭᠤᠯᠬᠤ ᠥᠬᠡᠶ》 ᠪᠠᠶ᠋ᠢᠬᠤ ᠵᠢ ᠪᠠᠲᠤᠯᠠᠬᠤ ᠵᠢᠨ ᠲᠥᠯᠥᠭᠡ᠂ ᠡᠯ᠎ᠡ ᠣᠶ ᠰᠢᠭᠤᠶ ᠵᠢᠨ ᠲᠠᠯᠠᠪᠠᠶ ᠲᠣᠰ ᠲᠣᠰ ᠵᠢᠭᠰᠠᠭ᠋ᠠᠨ ᠪᠠᠶ᠋ᠢᠴᠠᠭ᠋ᠠᠬᠤ ᠳᠤᠭᠤᠶ᠋ᠢᠯᠠᠩ ᠪᠠᠶ᠋ᠢᠭᠤᠯᠵᠤ᠂ ᠡᠷᠦᠬᠡ᠎ᠳᠤ ᠬᠦᠷᠴᠦ ᠰᠤᠷᠪᠤᠯᠵᠢᠯᠠᠬᠤ᠂ ᠤᠲᠠᠰᠤ᠎ᠪᠠᠷ ᠬᠠᠷᠢᠯᠴᠠᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠨᠢᠭᠡ ᠲᠠᠯ᠎ᠠ᠎ᠪᠠᠷ ᠪᠠᠶ᠋ᠢᠩᠭᠤ ᠰᠠᠭᠤᠭ᠎ᠠ ᠬᠥᠮᠦᠨ ᠠᠮᠠ ᠵᠢᠨ ᠨᠠᠷᠢᠨ ᠪᠠᠢ᠌ᠳᠠᠯ ᠪᠣᠯᠤᠨ ᠭᠠᠳᠠᠷ ᠣᠷᠣᠨ᠎ᠠᠴᠠ ᠢᠷᠡᠵᠦ ᠪᠤᠴᠠᠬᠤ ᠬᠥᠮᠦᠰ᠎ᠤᠨ ᠨᠠᠷᠢᠨ ᠪᠠᠢ᠌ᠳᠠᠯ᠎ᠢ ᠵᠢᠭᠰᠠᠭ᠋ᠠᠨ ᠪᠠᠶ᠋ᠢᠴᠠᠭ᠋ᠠᠵᠤ᠂ ᠳᠤᠮᠳᠠ ᠥᠨᠳᠥᠷ ᠲᠠᠰ᠎ᠤᠨ ᠠᠶᠤᠯ ᠲᠦᠭᠰᠢᠭᠦᠷᠢ᠎ᠲᠠᠢ ᠭᠠᠵᠠᠷ ᠣᠷᠣᠨ᠎ᠤ ᠢᠷᠡᠵᠦ ᠪᠤᠴᠠᠬᠤ ᠪᠠᠶ᠋ᠢᠳᠠᠯ᠎ᠢ ᠭᠣᠣᠯᠳᠠᠯᠭ᠎ᠠ᠎ᠲᠠᠢ ᠡᠵᠡᠮᠰᠢᠵᠦ᠂ ᠨᠥᠭᠥᠭᠡ ᠲᠠᠯ᠎ᠠ᠎ᠪᠠᠷ ᠠᠵᠢᠯᠲᠠᠨ ᠠᠵᠢᠯᠴᠢᠨ ᠣᠯᠠᠨ ᠲᠦᠮᠡᠨ᠎ᠳᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠮᠡᠳᠡᠯᠭᠡ ᠵᠢᠴᠢ ᠰᠢᠨ᠎ᠡ ᠲᠥᠷᠥ ᠵᠢᠨ ᠪᠣᠳᠣᠯᠭ᠎ᠠ ᠵᠢ ᠤᠬᠠᠭᠤᠯᠵᠤ᠂ ᠥᠷᠭᠡᠨ ᠣᠯᠠᠨ ᠠᠵᠢᠯᠲᠠᠨ ᠠᠵᠢᠯᠴᠢᠨ ᠣᠯᠠᠨ ᠲᠦᠮᠡᠨ᠎ᠤ ᠲᠥᠷᠥᠯ ᠰᠠᠳᠤᠨ᠂ ᠨᠠᠢ᠌ᠵᠠ ᠨᠦᠬᠦᠳ ᠵᠶ᠋ᠠᠨ ᠡᠷᠭᠢᠵᠦ ᠦᠵᠡᠬᠦ ᠥᠬᠡᠶ᠂ ᠴᠤᠭᠯᠠᠷᠠᠨ ᠨᠠᠢ᠌ᠷᠠᠯᠠᠬᠤ ᠥᠬᠡᠶ ᠪᠠᠢ᠌ᠬᠤ ᠪᠠ ᠭᠠᠳᠠᠭᠰᠢ ᠭᠠᠷᠬᠤ᠎ᠳᠤ ᠠᠮᠠᠪᠴᠢ ᠵᠠᠬᠦᠬᠦ ᠵᠢ ᠱᠠᠯᠠᠪᠳᠠᠭᠤᠯᠤᠨ ᠱᠠᠭ᠋ᠠᠷᠳᠠᠵᠤ᠂ ᠵᠢᠭᠰᠠᠭ᠋ᠠᠨ ᠪᠠᠶ᠋ᠢᠴᠠᠭ᠋ᠠᠭᠰᠠᠨ᠎ᠤ ᠳᠠᠷᠠᠭ᠎ᠠ᠂ ᠡᠯ᠎ᠡ ᠣᠶ ᠰᠢᠭᠤᠶ ᠵᠢᠨ ᠲᠠᠯᠠᠪᠠᠶ ᠬᠠᠮᠢᠶ᠎ᠠ ᠪᠥᠬᠥᠶ ᠮᠠᠲ᠋ᠧᠷᠢᠶᠠᠯ᠎ᠢ ᠬᠤᠷᠢᠶᠠᠩᠭᠤᠶ᠋ᠢᠯᠠᠵᠤ᠂ ᠬᠢᠵᠢᠭ᠎ᠢ ᠰᠡᠷᠭᠡᠶ᠋ᠢᠯᠡᠬᠦ ᠡᠬᠡ ᠲᠠᠩᠰᠠ ᠪᠠᠶ᠋ᠢᠭᠤᠯᠵᠤ᠂ ᠱᠠᠭ᠋ᠠᠷᠳᠠᠯᠭ᠎ᠠ ᠶᠣᠰᠣᠭ᠋ᠠᠷ ᠡᠳᠦᠷ ᠪᠦᠷᠢ ᠲᠣᠪᠴᠢᠶᠠᠨ᠎ᠳᠤ ᠮᠡᠳᠡᠭᠦᠯᠵᠦ᠂ ᠲᠣᠭ᠎ᠠ ᠪᠠ ᠪᠠᠶ᠋ᠢᠳᠠᠯ᠎ᠢ᠎ᠨᠢ ᠲᠤᠳᠤᠷᠬᠠᠢ᠌ᠯᠠᠵᠤ ᠪᠤᠢ᠃
ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠥᠷᠨᠢᠭᠦᠯᠦᠭᠰᠡᠨ᠎ᠠᠴᠠ ᠨᠠᠰᠢ᠂ ᠵᠠᠯᠠᠨ ᠠᠶ᠋ᠢᠯ ᠬᠣᠲᠠ ᠵᠢᠨ ᠣᠶ ᠰᠢᠭᠤᠶ ᠪᠠ ᠨᠤᠳᠤᠭ ᠪᠡᠯᠴᠢᠭᠡᠷ᠎ᠤᠨ ᠰᠢᠰᠲ᠋ᠧᠮ᠎ᠤᠨ᠎ᠬᠢᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ 8 ᠣᠶ ᠰᠢᠭᠤᠶ ᠵᠢᠨ ᠲᠠᠯᠠᠪᠠᠶ ᠵᠢᠨ 2000 ᠰᠢᠬᠠᠮ ᠠᠵᠢᠯᠲᠠᠨ ᠠᠵᠢᠯᠴᠢᠨ ᠣᠯᠠᠨ ᠲᠦᠮᠡᠨ᠎ᠢ ᠰᠢᠭᠰᠢᠨ ᠪᠠᠶ᠋ᠢᠴᠠᠭ᠋ᠠᠬᠤ ᠪᠠ ᠳᠡᠩᠰᠡᠯᠡᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠴᠢᠩᠭ᠎ᠠ ᠠᠳᠬᠤᠵᠤ᠂ ᠰᠡᠷᠭᠡᠶ᠋ᠢᠯᠡᠨ ᠡᠵᠡᠮᠳᠡᠬᠦ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠬᠦ᠎ᠳᠤ ᠴᠢᠬᠤᠯᠠ ᠦᠢ᠍ᠯᠡᠳᠦᠯ ᠦᠵᠡᠭᠦᠯᠪᠡ᠃ (ᠵᠠᠩ ᠮᠸᠩ ᠶᠠᠩ ᠵᠢᠨ ᠯᠢᠶᠠᠩ)᠃