ᠣᠶ᠋ᠢᠷ᠎ᠠ᠎ᠳᠤ᠂ ᠳᠤᠮᠳᠠᠳᠤ ᠤᠯᠤᠰ᠎ᠤᠨ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠡᠯᠡᠰᠦ ᠮᠠᠩᠬ᠎ᠠ ᠪᠠ ᠤᠢ ᠰᠢᠭᠤᠢ ᠵᠢᠨ ᠲᠥᠪ 《ᠤᠯᠠᠭ᠋ᠠᠨᠪᠤᠬ᠎ᠠ ᠵᠢᠨ ᠡᠯᠡᠰᠦ ᠵᠢ ᠶᠡᠷᠦᠩᠬᠡᠶ᠋ᠢᠯᠡᠨ ᠵᠠᠰᠠᠬᠤ ᠤᠯᠤᠰ᠎ᠤᠨ ᠣᠷᠳᠣ ᠬᠤᠭᠤᠴᠠᠭ᠋ᠠᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠠᠭᠤᠷᠢᠨ ᠭᠠᠵᠠᠷ᠎ᠤᠨ ᠲᠠᠪᠤᠨ ᠵᠢᠯ᠎ᠤᠨ ᠬᠥᠭᠵᠢᠯᠲᠡ ᠵᠢᠨ ᠲᠥᠯᠥᠪᠵᠢᠭᠦᠯᠭᠡ (ᠳᠣᠷᠣᠭᠰᠢ 《ᠲᠥᠯᠥᠪᠵᠢᠭᠦᠯᠭᠡ》 ᠭᠡᠵᠦ ᠲᠣᠪᠴᠢᠯᠠᠨ᠎ᠠ) ᠵᠢᠨ ᠲᠤᠰᠬᠠᠶ ᠮᠡᠷᠭᠡᠵᠢᠯᠲᠡᠨ᠎ᠤ ᠨᠤᠲᠠᠯᠠᠯᠲᠠ ᠵᠢᠨ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠪᠠ᠃ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ᠎ᠨᠢ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠂ ᠥᠪᠥᠷ ᠮᠣᠩᠭᠣᠯ᠎ᠤᠨ ᠬᠠᠲᠤᠨ ᠭᠣᠤᠯ᠎ᠤᠨ ᠢᠨᠵᠧᠨᠧᠷᠢᠩ᠎ᠤᠨ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠪᠠᠶᠠᠨᠨᠠᠭᠤᠷ ᠬᠣᠲᠠ ᠵᠢᠨ ᠡᠯᠡᠰᠦ ᠵᠢ ᠵᠠᠰᠠᠬᠤ ᠲᠥᠪ ᠵᠡᠷᠭᠡ ᠨᠢᠭᠡᠴᠡ ᠵᠢᠨ 5 ᠲᠤᠰᠬᠠᠶ ᠮᠡᠷᠭᠡᠵᠢᠯᠲᠡᠨ ᠵᠶ᠋ᠠᠷ ᠪᠦᠷᠢᠯᠳᠦᠪᠡ᠃
ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ᠎ᠠᠴᠠ 《ᠲᠥᠯᠥᠪᠵᠢᠭᠦᠯᠭᠡ》 ᠵᠢᠨ ᠬᠠᠷᠠᠯᠲᠠ᠎ᠨᠢ ᠲᠣᠳᠣᠷᠬᠠᠶ᠂ ᠠᠭᠤᠯᠭ᠎ᠠ᠎ᠨᠢ ᠪᠦᠷᠢᠨ ᠪᠦᠲᠦᠨ᠂ ᠭᠤᠤᠯᠳᠠᠯᠭ᠋ᠠᠲᠤ ᠡᠭᠦᠷᠭᠡ᠎ᠨᠢ ᠲᠣᠪᠣᠶ᠋ᠢᠮ᠎ᠠ᠂ ᠪᠦᠲᠦᠭᠡᠨ ᠪᠠᠶ᠋ᠢᠭᠤᠯᠬᠤ ᠡᠭᠦᠷᠭᠡ ᠪᠣᠯᠤᠨ ᠰᠤᠳᠤᠯᠬᠤ ᠠᠭᠤᠯᠭ᠎ᠠ᠎ᠨᠢ ᠵᠦᠢ ᠵᠣᠬᠢᠰᠲᠠᠶ᠂ ᠬᠡᠷᠡᠭᠵᠢᠭᠦᠯᠬᠦ ᠲᠥᠰᠦᠯ᠎ᠨᠢ ᠶᠠᠪᠤᠭᠳᠠᠭᠤᠰᠢᠲᠠᠶ ᠭᠡᠵᠦ ᠰᠠᠨᠠᠯ ᠨᠢᠭᠡᠲᠡᠶ ᠦᠵᠡᠪᠡ᠃ ᠬᠤᠯᠪᠤᠭᠳᠠᠯ ᠪᠦᠬᠦᠢ ᠨᠢᠭᠡᠴᠡ᠎ᠨᠦᠭᠦᠳ 《ᠲᠥᠯᠥᠪᠵᠢᠭᠦᠯᠭᠡ》 ᠵᠢ ᠲᠡᠭᠦᠯᠳᠡᠷᠵᠢᠭᠦᠯᠬᠦ ᠪᠠ ᠨᠠᠷᠢᠯᠢᠭᠵᠢᠭᠤᠯᠵᠤ᠂ ᠬᠠᠮᠳᠤᠷᠠᠯᠴᠠᠭ᠋ᠠᠨ᠎ᠤ ᠨᠢᠭᠡᠴᠡ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠡᠬᠢ ᠪᠠᠶᠠᠯᠢᠭ ᠪᠣᠯᠤᠨ ᠮᠡᠷᠭᠡᠵᠢᠯ᠎ᠤᠨ ᠦᠷ᠎ᠡ ᠪᠦᠲᠦᠭᠡᠯ ᠵᠶ᠋ᠠᠨ ᠤᠯᠠᠮ ᠨᠢᠭᠡ ᠠᠯᠬᠤᠮ ᠡᠮᠬᠢᠯᠡᠨ ᠨᠡᠶ᠋ᠢᠯᠡᠭᠦᠯᠵᠦ᠂ ᠣᠷᠣᠨ ᠪᠦᠰᠡ ᠵᠢᠨ ᠣᠨᠴᠠᠯᠢᠭ ᠪᠣᠯᠤᠨ ᠪᠣᠳᠠᠲᠤ ᠦᠢ᠍ᠯᠡᠳᠪᠦᠷᠢᠯᠡᠯ᠎ᠲᠠᠢ ᠨᠢᠭᠲᠠ ᠤᠶᠠᠯᠳᠤᠭᠤᠯᠤᠨ᠂ ᠣᠷᠣᠨ ᠪᠦᠰᠡ ᠵᠢᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠮᠡᠷᠭᠡᠵᠢᠯ᠎ᠤᠨ ᠨᠡᠢ᠌ᠲᠡᠯᠢᠭ ᠵᠢᠱ᠌ᠢᠶ᠎ᠡ ᠪᠤᠯᠬᠤ ᠵᠢ ᠰᠠᠨᠠᠭᠤᠯᠪᠠ᠃