2021 ᠣᠨ᠎ᠤ 9 ᠰᠠᠷ᠎ᠠ ᠵᠢᠨ 17᠎ᠤ ᠡᠳᠦᠷ ᠬᠢᠩᠭ᠋ᠠᠨ ᠠᠶ᠋ᠢᠮᠠᠭ᠎ᠤᠨ ᠨᠠᠮ᠎ᠤᠨ ᠬᠣᠷᠢᠶ᠎ᠠ ᠵᠢᠨ ᠵᠠᠬᠢᠷᠭ᠎ᠠ᠎ᠠᠴᠠ ᠪᠥᠬᠥ ᠠᠶ᠋ᠢᠮᠠᠭ᠎ᠤᠨ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠢ ᠡᠬᠢᠯᠡᠭᠦᠯᠬᠦ ᠠᠵᠢᠯ᠎ᠤᠨ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠨ ᠬᠤᠷᠠᠯ᠎ᠢ ᠬᠤᠷᠠᠯᠳᠤᠭᠤᠯᠤᠭᠰᠠᠨ᠎ᠤ ᠳᠠᠷᠠᠭ᠎ᠠ᠂ ᠬᠢᠩᠭ᠋ᠠᠨ ᠠᠶ᠋ᠢᠮᠠᠭ᠎ᠤᠨ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠠᠯᠪᠠᠨ ᠬᠡᠷ ᠠᠩᠬᠠᠳᠤᠭ᠋ᠠᠷ ᠤᠳᠠᠭ᠎ᠠ ᠵᠢᠨ ᠠᠯᠪᠠᠨ ᠬᠡᠷ᠎ᠤᠨ ᠡᠷᠬᠢᠯᠡᠭᠴᠢᠳ᠎ᠤᠨ ᠬᠤᠷᠠᠯ᠎ᠢ ᠬᠤᠷᠠᠯᠳᠤᠭᠤᠯᠪᠠ᠂ ᠭᠤᠤᠯ ᠵᠣᠷᠢᠯᠭ᠎ᠠ᠎ᠨᠢ ᠠᠵᠢᠯ᠎ᠤᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠣᠳᠠᠲᠠᠶ᠋ᠢᠵᠢᠭᠤᠯᠵᠤ᠂ ᠬᠠᠷᠠᠯᠲᠠᠲᠤ ᠡᠭᠦᠷᠭᠡ ᠵᠢ ᠲᠣᠳᠣᠷᠬᠠᠶ᠋ᠢᠯᠠᠨ᠂ ᠡᠯ᠎ᠡ ᠱᠠᠲᠤᠨ᠎ᠤ ᠣᠶ ᠰᠢᠭᠤᠶ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠤ ᠰᠡᠳᠬᠢᠯᠭᠡ ᠵᠢ ᠴᠢᠩᠭ᠋ᠠᠷᠠᠭᠤᠯᠤᠨ᠂ ᠬᠢᠩᠭ᠋ᠠᠨ ᠠᠶ᠋ᠢᠮᠠᠭ᠎ᠤᠨ ᠣᠶ ᠰᠢᠭᠤᠶ ᠨᠤᠲᠤᠭ ᠪᠡᠯᠴᠢᠭᠡᠷ᠎ᠤᠨ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢ ᠦᠷᠭᠦᠯᠵᠢᠯᠡᠨ ᠴᠢᠨᠠᠷ ᠰᠠᠶ᠋ᠢᠲᠠᠶ ᠠᠬᠢᠭᠤᠯᠤᠨ᠎ᠠ᠃ ᠬᠢᠩᠭ᠋ᠠᠨ ᠠᠶ᠋ᠢᠮᠠᠭ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ᠂ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠤᠨ ᠠᠯᠪᠠᠨ ᠬᠡᠷ᠎ᠤᠨ ᠡᠷᠬᠢᠯᠡᠭᠴᠢ ᠪᠠᠶ ᠴᠠᠩ ᠹᠸᠩ ᠨᠥᠬᠥᠷ ᠴᠢᠬᠤᠯᠠ ᠶᠠᠷᠢᠶ᠎ᠠ ᠲᠠᠯᠪᠢᠪᠠ᠃
ᠬᠤᠷᠠᠯ᠎ᠠᠴᠠ ᠪᠥᠬᠥ ᠠᠶ᠋ᠢᠮᠠᠭ᠎ᠤᠨ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠤᠨ ᠠᠵᠢᠯ᠎ᠤᠨ ᠠᠬᠢᠴᠠ ᠵᠢᠨ ᠪᠠᠶ᠋ᠢᠳᠠᠯ᠎ᠢ ᠳ᠋ᠦᠩᠨᠡᠭᠰᠡᠨ ᠪᠥᠭᠡᠳ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠡᠭᠦᠷᠭᠡ ᠵᠢ ᠪᠠᠶ᠋ᠢᠷᠢᠯᠠᠭᠤᠯᠵᠤ᠂ ᠡᠯ᠎ᠡ ᠬᠣᠰᠢᠭᠤ ᠰᠢᠶᠠᠨ (ᠬᠣᠲᠠ)᠎ᠤ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠤᠨ ᠠᠯᠪᠠᠨ ᠬᠡᠷ᠎ᠤᠨ ᠬᠠᠮᠢᠶ᠎ᠠ ᠪᠥᠬᠥᠶ ᠬᠠᠷᠢᠭᠤᠴᠠᠯᠭ᠋ᠠᠲᠠᠨ ᠣᠪᠣᠷ ᠵᠶ᠋ᠠᠨ ᠢᠯᠡᠳᠬᠡᠵᠡᠢ᠃
ᠬᠤᠷᠠᠯ᠎ᠠᠴᠠ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠢ ᠬᠡᠷᠡᠭᠵᠢᠭᠦᠯᠬᠦ ᠪᠣᠯ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠮᠢᠳᠤᠯᠢᠭ ᠦᠢ᠍ᠯᠡᠳᠦᠯᠭᠡ ᠮᠥᠨ᠂ ᠡᠬᠡ ᠤᠯᠤᠰ᠎ᠤᠨ ᠤᠮᠠᠷᠠᠲᠤ ᠬᠢᠯᠢ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠶ᠋ᠢᠭᠤᠯᠬᠤ ᠭᠠᠷᠳᠠᠴᠠ ᠮᠥᠨ᠂ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠪᠦᠲᠦᠮᠵᠢᠲᠡᠶ ᠠᠷᠭ᠎ᠠ ᠵᠠᠮ ᠮᠥᠨ᠂ ᠡᠯ᠎ᠡ ᠱᠠᠲᠤᠨ᠎ᠤ ᠨᠠᠮ ᠵᠠᠰᠠᠭ᠎ᠤᠨ ᠤᠳᠤᠷᠢᠳᠤᠯᠭ᠎ᠠ ᠠᠮᠢ ᠠᠬᠤᠶ ᠵᠢᠨ ᠬᠠᠮᠠᠭ᠋ᠠᠯᠠᠯᠲᠠ ᠬᠢᠭᠡᠳ ᠬᠥᠭᠵᠢᠯᠲᠡ ᠵᠢᠨ ᠭᠤᠤᠯ ᠴᠣᠭᠴᠠ ᠵᠢᠨ ᠬᠠᠷᠢᠭᠤᠴᠠᠯᠭ᠎ᠠ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠬᠤ ᠤᠯᠤᠰ ᠲᠥᠷᠥ ᠵᠢᠨ ᠱᠠᠭ᠋ᠠᠷᠳᠠᠯᠭ᠎ᠠ ᠮᠥᠨ᠂ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠵᠤ ᠬᠥᠭᠵᠢᠭᠦᠯᠬᠦ ᠵᠢ ᠬᠢᠨᠠᠨ ᠰᠢᠯᠭ᠋ᠠᠵᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠵᠢᠨ ᠰᠢᠨ᠎ᠡ ᠡᠭᠦᠳᠦᠯᠲᠡ ᠮᠥᠨ ᠪᠤᠯᠬᠤ ᠵᠢ ᠴᠢᠬᠤᠯᠠᠴᠢᠯᠠᠪᠠ᠃
ᠬᠤᠷᠠᠯ᠎ᠠᠴᠠ ᠡᠯ᠎ᠡ ᠱᠠᠲᠤᠨ᠎ᠤ ᠣᠶ ᠰᠢᠭᠤᠶ ᠨᠤᠳᠤᠭ ᠪᠡᠯᠴᠢᠭᠡᠷ᠎ᠤᠨ ᠰᠠᠯᠠᠭ᠎ᠠ ᠮᠥᠴᠢᠷ᠎ᠤᠨ᠎ᠬᠢᠨ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠠᠵᠢᠯ᠎ᠤᠨ ᠭᠤᠤᠯᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠣᠶ ᠰᠢᠭᠤᠶ ᠨᠤᠳᠤᠭ ᠪᠡᠯᠴᠢᠭᠡᠷ᠎ᠤᠨ ᠠᠮᠢ ᠠᠬᠤᠶ ᠵᠢᠨ ᠡᠬᠢ ᠪᠠᠶᠠᠯᠢᠭ᠎ᠤᠨ ᠬᠠᠮᠠᠭ᠋ᠠᠯᠠᠯᠲᠠ ᠬᠠᠮᠢᠶᠠᠷᠤᠯᠲᠠ ᠵᠢᠨ ᠬᠠᠷᠢᠭᠤᠴᠠᠯᠭ᠋ᠠᠲᠤ ᠰᠡᠳᠬᠢᠯᠭᠡ ᠪᠠ ᠲᠤᠯᠭ᠋ᠠᠮ᠎ᠠ ᠰᠡᠳᠬᠢᠯᠭᠡ᠎ᠪᠠᠨ ᠴᠢᠩᠭ᠋ᠠᠳᠬᠠᠬᠤ ᠬᠡᠷᠡᠭᠲᠡᠶ ᠭᠡᠵᠡᠢ᠃
ᠬᠤᠷᠠᠯ᠎ᠠᠴᠠ ᠦᠵᠡᠯ ᠰᠠᠨᠠᠭ᠎ᠠ ᠲᠠᠨᠢᠯᠲᠠ᠎ᠪᠠᠨ ᠳᠠᠬᠢᠨ ᠳᠡᠭᠡᠭᠰᠢᠯᠡᠭᠦᠯᠵᠦ᠂ ᠬᠠᠷᠠᠯᠲᠠ ᠡᠭᠦᠷᠭᠡ᠎ᠪᠠᠨ ᠳᠠᠬᠢᠨ ᠲᠣᠳᠣᠷᠬᠠᠶ᠋ᠢᠯᠠᠵᠤ᠂ ᠠᠵᠢᠯ᠎ᠤᠨ ᠬᠠᠷᠢᠭᠤᠴᠠᠯᠭ᠎ᠠ᠎ᠪᠠᠨ ᠳᠠᠬᠢᠨ ᠪᠤᠳᠠᠳᠠᠢ᠌ᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠵᠢᠨ ᠳᠠᠷᠤᠭ᠎ᠠ ᠵᠢᠨ ᠠᠯᠪᠠᠨ ᠭᠡᠷ᠎ᠤᠨ ᠠᠵᠢᠯ᠎ᠤᠨ ᠠᠬᠢᠯᠲᠠ ᠵᠢᠨ ᠱᠠᠭ᠋ᠠᠷᠳᠠᠯᠭ᠎ᠠ ᠶᠣᠰᠣᠭ᠋ᠠᠷ᠂ 11 ᠰᠠᠷ᠎ᠠ ᠵᠢᠨ ᠰᠡᠭᠦᠯᠴᠢ᠎ᠠᠴᠠ ᠡᠮᠦᠨ᠎ᠡ ᠣᠢ ᠰᠢᠭᠤᠶ ᠵᠢᠨ ᠳᠠᠷᠤᠭ᠎ᠠ ᠵᠢᠨ ᠳᠦᠷᠢᠮ᠎ᠤᠨ ᠵᠣᠬᠢᠶᠠᠨ ᠪᠠᠶ᠋ᠢᠭᠤᠯᠤᠯᠲᠠ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢᠨ ᠡᠭᠦᠷᠭᠡ ᠵᠢ ᠪᠡᠶᠡᠯᠡᠭᠦᠯᠬᠦ ᠬᠡᠷᠡᠭᠲᠡᠶ ᠭᠡᠵᠦ ᠱᠠᠭ᠋ᠠᠷᠳᠠᠭᠰᠠᠨ ᠪᠠᠢ᠌ᠨ᠎ᠠ᠃
ᠬᠤᠷᠠᠯ ᠳᠡᠭᠡᠷ᠎ᠡ ᠣᠳᠣᠬᠠᠨ᠎ᠤ ᠭᠤᠤᠯᠳᠠᠯᠭ᠎ᠠ᠎ᠲᠠᠢ ᠠᠵᠢᠯ᠎ᠳᠤ ᠪᠠᠶ᠋ᠢᠷᠢᠯᠠᠭᠤᠯᠤᠯᠲᠠ ᠬᠢᠵᠡᠶ᠃ ᠪᠥᠬᠥ ᠠᠶ᠋ᠢᠮᠠᠭ᠎ᠤᠨ ᠵᠢᠷᠭᠤᠭ᠋ᠠᠨ ᠬᠣᠰᠢᠭᠤ ᠰᠢᠶᠠᠨ (ᠬᠣᠲᠠ)᠎ᠤ ᠣᠢ ᠰᠢᠭᠤᠶ ᠵᠢᠨ ᠳᠠᠷᠤᠭ᠎ᠠ ᠳᠦᠷᠢᠮ᠎ᠤᠨ ᠠᠯᠪᠠᠨ ᠭᠡᠷ᠎ᠤᠨ ᠡᠷᠬᠢᠯᠡᠭᠴᠢ᠂ ᠳᠡᠳ᠋ ᠡᠷᠬᠢᠯᠡᠭᠴᠢ ᠵᠢᠴᠢ ᠪᠣᠳᠠᠲᠠᠶ ᠠᠵᠢᠯᠲᠠᠨ᠂ ᠣᠢ ᠰᠢᠭᠤᠶ ᠵᠢᠨ ᠲᠣᠪᠴᠢᠶ᠎ᠠ ᠵᠢᠨ ᠭᠤᠤᠯ ᠤᠳᠤᠷᠢᠳᠤᠯᠭ᠎ᠠ᠂ ᠤᠯᠤᠰ᠎ᠤᠨ ᠦᠮᠴᠢᠯᠡᠯᠲᠤ 30 ᠣᠢ ᠰᠢᠭᠤᠶ ᠵᠢᠨ ᠲᠠᠯᠠᠪᠠᠢ ᠵᠢᠴᠢ ᠡᠯ᠎ᠡ ᠱᠠᠲᠤᠨ᠎ᠤ ᠡᠯ᠎ᠡ ᠲᠥᠷᠥᠯ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠭᠤᠤᠯ ᠬᠠᠷᠢᠭᠤᠴᠠᠯᠭ᠋ᠠᠲᠠᠨ᠂ ᠠᠶ᠋ᠢᠮᠠᠭ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ 90 ᠭᠠᠷᠤᠶ ᠬᠥᠮᠦᠨ ᠬᠤᠷᠠᠯ᠎ᠳᠤ ᠣᠷᠣᠯᠴᠠᠪᠠ᠃