ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠂ ᠡᠵᠡᠨ᠎ᠡ ᠬᠣᠰᠢᠭᠤᠨ᠎ᠤ ᠠᠷᠠᠳ ᠲᠦᠮᠡᠨ᠎ᠤ ᠠᠮᠤᠷ ᠠᠮᠤᠭᠤᠯᠠᠩ ᠵᠶ᠋ᠠᠷ ᠰᠢᠨᠡᠯᠡᠬᠦ ᠵᠢ ᠪᠠᠲᠤᠯᠠᠬᠤ ᠵᠢᠨ ᠲᠥᠯᠥᠭᠡ᠂ ᠡᠵᠡᠨ᠎ᠡ ᠬᠣᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠡᠵᠡᠨ᠎ᠡ ᠵᠢᠨ ᠲᠣᠤᠷᠠᠶ ᠵᠢᠨ ᠣᠶ ᠵᠢᠨ ᠬᠠᠮᠢᠶᠠᠷᠤᠯᠲᠠ ᠵᠢᠨ ᠲᠣᠪᠴᠢᠶ᠎ᠠ ᠣᠶ ᠰᠢᠭᠤᠶ ᠵᠢᠨ ᠭᠠᠯ ᠲᠤᠢ᠌ᠮᠠᠷ᠎ᠢ ᠰᠡᠷᠭᠡᠶ᠋ᠢᠯᠡᠬᠦ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠴᠢᠩᠭ᠋ᠠᠳᠬᠠᠵᠤ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠠᠬᠢ ᠣᠶ ᠰᠢᠭᠤᠶ ᠵᠢᠨ ᠭᠠᠯ ᠲᠤᠢ᠌ᠮᠠᠷ᠎ᠢ ᠰᠡᠷᠭᠡᠶ᠋ᠢᠯᠡᠬᠦ ᠠᠵᠢᠯ᠎ᠢ ᠯᠠᠪᠳᠠᠭᠤᠨ ᠪᠠᠲᠤᠲᠠᠶ ᠬᠢᠪᠠ᠃
ᠨᠢᠭᠡ᠎ᠳᠤ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠵᠢᠵᠢᠭᠦᠷᠯᠡᠨ ᠠᠵᠢᠯᠯᠠᠬᠤ ᠵᠢ ᠴᠢᠩᠭ᠋ᠠᠳᠬᠠᠪᠠ᠃ 24 ᠴᠠᠭ ᠵᠶ᠋ᠠᠷ ᠵᠢᠵᠢᠭᠦᠷᠯᠡᠬᠦ ᠪᠠ ᠤᠳᠤᠷᠢᠳᠤᠯᠭ᠎ᠠ ᠠᠵᠢᠯ᠎ᠤᠨ ᠪᠠᠶ᠋ᠢᠷᠢ᠎ᠳᠠᠭᠠᠨ ᠵᠢᠵᠢᠭᠦᠷᠯᠡᠬᠦ ᠳᠦᠷᠢᠮ᠎ᠢ ᠴᠢᠩᠭ᠎ᠠ ᠬᠡᠷᠡᠭᠵᠢᠭᠦᠯᠵᠦ᠂ 3 ᠵᠢᠵᠢᠭᠦᠷᠯᠡᠬᠦ ᠳᠤᠭᠤᠶ᠋ᠢᠯᠠᠩ ᠲᠣᠬᠢᠷᠠᠭᠤᠯᠵᠤ᠂ ᠪᠦᠬᠦᠨ᠎ᠢ ᠲᠣᠪᠴᠢᠶᠠᠨ᠎ᠤ ᠪᠠᠭ᠎ᠤᠨ ᠪᠦᠷᠢᠯᠳᠦᠬᠦᠨ ᠳᠠᠭ᠋ᠠᠭᠤᠯᠪᠠ᠃ ᠨᠢᠭᠡᠳᠦᠭᠡᠷ ᠳᠤᠭᠤᠶ᠋ᠢᠯᠠᠩ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠲᠠᠢ ᠬᠠᠮᠵᠢᠯᠴᠠᠨ ᠡᠯ ᠬᠤᠤ ᠱᠠᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠴᠠᠭ᠋ᠠᠬᠤ ᠥᠷᠲᠡᠭᠡ᠎ᠳᠤ ᠬᠣᠷᠢᠨ ᠳᠥᠷᠪᠡᠨ ᠴᠠᠭ ᠡᠭᠡᠯᠵᠢᠯᠡᠨ ᠵᠢᠵᠢᠭᠦᠷᠯᠡᠵᠦ᠂ ᠮᠠᠨ᠎ᠤ ᠬᠣᠰᠢᠭᠤᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠳᠤ ᠬᠦᠴᠦᠨ ᠵᠶ᠋ᠠᠨ ᠡᠷᠭᠦᠪᠡ᠃ ᠪᠤᠰᠤᠳ ᠬᠣᠶᠠᠷ ᠳᠤᠭᠤᠶ᠋ᠢᠯᠠᠩ᠎ᠨᠢ ᠲᠣᠪᠴᠢᠶᠠᠨ᠎ᠤ ᠪᠠᠶ᠋ᠢᠭᠤᠯᠤᠯᠭ᠎ᠠ ᠪᠣᠯᠤᠨ ᠭᠣᠣᠯᠳᠠᠯᠭ᠎ᠠ᠎ᠲᠠᠢ ᠰᠢᠭᠤᠶ᠋ᠢᠲᠤ ᠣᠷᠣᠨ᠎ᠤ ᠮᠠᠯᠴᠢᠨ ᠲᠠᠷᠢᠶᠠᠴᠢᠳ ᠲᠥᠪᠯᠡᠷᠡᠨ ᠰᠠᠭᠤᠷᠢᠰᠢᠵᠤ ᠪᠠᠶ᠋ᠢᠭ᠎ᠠ ᠣᠷᠣᠨ᠎ᠳᠤ ᠵᠢᠵᠢᠭᠦᠷᠯᠡᠨ ᠭᠠᠯ ᠰᠡᠷᠭᠡᠶ᠋ᠢᠯᠡᠵᠦ ᠲᠣᠭᠣᠷᠢᠨ ᠬᠠᠮᠠᠭ᠋ᠠᠯᠠᠵᠤ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠣᠶ ᠰᠢᠭᠤᠶ ᠵᠢᠨ ᠭᠠᠯ᠎ᠤᠨ ᠠᠶᠤᠯ ᠭᠠᠷᠬᠤ ᠦᠭᠡᠶ ᠪᠠᠶ᠋ᠢᠬᠤ ᠵᠢ ᠪᠠᠲᠤᠯᠠᠪᠠ᠃ ᠬᠣᠶᠠᠷ᠎ᠲᠤ ᠭᠣᠣᠯᠳᠠᠯᠭ᠎ᠠ᠎ᠲᠠᠢ ᠰᠢᠭᠤᠶ᠋ᠢᠲᠤ ᠣᠷᠣᠨ᠎ᠤ ᠭᠠᠯ ᠰᠡᠷᠭᠡᠶ᠋ᠢᠯᠡᠬᠦ ᠵᠢ ᠰᠢᠮᠳᠠᠭᠤᠯᠤᠨ ᠪᠠᠶ᠋ᠢᠴᠠᠭ᠋ᠠᠬᠤ ᠲᠣᠭᠣᠷᠢᠨ ᠬᠠᠮᠠᠭ᠋ᠠᠯᠠᠬᠤ ᠵᠢᠴᠢ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠤᠬᠠᠭᠤᠯᠭ᠎ᠠ ᠵᠢ ᠴᠢᠩᠭ᠋ᠠᠳᠬᠠᠪᠠ᠃ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠂ ᠡᠵᠡᠨ᠎ᠡ ᠬᠣᠰᠢᠭᠤᠨ᠎ᠤ ᠣᠶ ᠰᠢᠭᠤᠶ ᠨᠤᠲᠤᠭ ᠪᠡᠯᠴᠢᠭᠡᠷ᠎ᠤᠨ ᠰᠢᠰᠲ᠋ᠧᠮ᠎ᠤᠨ ᠠᠵᠢᠯᠲᠠᠳ ᠮᠠᠯᠵᠢᠬᠤ ᠲᠠᠷᠢᠶᠠᠯᠠᠬᠤ ᠣᠷᠣᠨ᠂ ᠰᠢᠭᠤᠶ᠋ᠢᠲᠤ ᠣᠷᠣᠨ᠎ᠤ ᠭᠣᠤᠯᠳᠠᠯᠭ᠎ᠠ᠎ᠲᠠᠢ ᠣᠷᠣᠨ ᠪᠦᠰᠡ᠎ᠳᠤ ᠭᠦᠨᠵᠡᠭᠡᠶ᠋ᠢᠷᠡᠵᠦ᠂ ᠮᠠᠯᠴᠢᠨ ᠲᠠᠷᠢᠶᠠᠴᠢᠨ᠎ᠳᠤ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠲᠣᠭᠣᠷᠢᠨ ᠬᠠᠮᠠᠭ᠋ᠠᠯᠠᠯᠲᠠ ᠪᠠ ᠬᠠᠮᠢᠶ᠎ᠠ ᠪᠥᠬᠥᠶ ᠮᠡᠳᠡᠯᠭᠡ ᠵᠢᠨ ᠤᠬᠠᠭᠤᠯᠭ᠎ᠠ ᠥᠷᠨᠢᠭᠦᠯᠵᠦ᠂ ᠮᠠᠯᠴᠢᠨ ᠲᠠᠷᠢᠶᠠᠴᠢᠨ᠎ᠤ ᠭᠠᠯ ᠰᠡᠷᠭᠡᠶ᠋ᠢᠯᠡᠬᠦ ᠤᠬᠠᠮᠰᠠᠷ᠎ᠢ ᠲᠠᠰᠤᠷᠠᠯᠲᠠ ᠥᠬᠡᠶ ᠳᠡᠭᠡᠭᠰᠢᠯᠡᠭᠦᠯᠬᠦ ᠵᠢᠨ ᠬᠠᠮᠲᠤ᠂ ᠭᠣᠤᠯ ᠵᠡᠭᠡᠯᠢ ᠭᠤᠳᠤᠮᠵᠢ᠂ ᠣᠶ ᠰᠢᠭᠤᠶ᠎ᠳᠤ ᠣᠷᠣᠬᠤ ᠭᠣᠤᠯ ᠵᠠᠮ᠎ᠳᠤ ᠭᠠᠯ ᠰᠡᠷᠭᠡᠶ᠋ᠢᠯᠡᠬᠦ ᠤᠬᠠᠭᠤᠯᠭ᠎ᠠ ᠵᠢᠨ ᠬᠥᠨᠳᠡᠯᠡᠨ ᠪᠢᠴᠢᠭᠡᠰᠦ ᠡᠯᠭᠦᠵᠦ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠤᠬᠠᠭᠤᠯᠭ᠎ᠠ ᠵᠢᠨ ᠠᠭᠤᠷ ᠠᠮᠢᠰᠬᠤᠯ᠎ᠢ ᠪᠣᠶ ᠪᠤᠯᠭ᠋ᠠᠪᠠ᠃ ᠭᠤᠷᠪᠠ᠎ᠳᠤ᠂ ᠭᠠᠯ᠎ᠤᠨ ᠰᠤᠷᠪᠤᠯᠵᠢ ᠵᠢ ᠴᠢᠩᠭ᠎ᠠ ᠡᠵᠡᠮᠳᠡᠵᠦ᠂ ᠤᠷᠢᠳᠴᠢᠯᠠᠨ ᠰᠡᠷᠭᠡᠢ᠌ᠯᠡᠪᠡ᠃ ᠴᠠᠭ᠋ᠠᠨ ᠰᠠᠷ᠎ᠠ᠎ᠠᠴᠠ ᠡᠮᠦᠨᠡᠬᠡᠨ᠂ ᠠᠷᠠᠳ᠎ᠤᠨ ᠤᠯᠠᠮᠵᠢᠯᠠᠯᠲᠤ ᠣᠩᠭᠣᠨ ᠲᠠᠬᠢᠯᠭ᠎ᠠ ᠵᠢᠨ ᠠᠵᠢᠯᠯᠠᠭ᠎ᠠ ᠣᠯᠠᠨ ᠶᠠᠪᠤᠭᠳᠠᠵᠤ᠂ ᠵᠠᠩᠭᠢᠯᠠᠭ᠎ᠠ ᠵᠢᠨ ᠬᠤᠭᠤᠴᠠᠭ᠋ᠠᠨ᠎ᠳᠤ ᠴᠢᠭᠯᠡᠭᠦᠯᠦᠨ᠂ ᠲᠠᠬᠢᠯᠭ᠎ᠠ ᠵᠢᠨ ᠣᠷᠣᠨ ᠲᠣᠭᠣᠷᠢᠭ ᠭᠠᠷᠭ᠋ᠠᠵᠤ᠂ ᠲᠠᠬᠢᠯᠭ᠎ᠠ ᠵᠢᠨ ᠬᠠᠶ᠋ᠢᠷᠴᠠᠭ ᠲᠣᠬᠢᠷᠠᠭᠤᠯᠵᠤ᠂ ᠭᠠᠯ᠎ᠤᠨ ᠰᠤᠷᠪᠤᠯᠵᠢ ᠵᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠪᠠ᠃