ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠰᠢᠯᠢ ᠵᠢᠨ ᠭᠣᠣᠯ ᠠᠶ᠋ᠢᠮᠠᠭ᠎ᠤᠨ ᠬᠤᠯᠠᠨ ᠰᠢᠷᠭ᠎ᠠ ᠳᠠᠭ᠎ᠠ ᠵᠢᠨ ᠬᠡᠪᠴᠢᠶᠡᠵᠢᠭᠰᠡᠨ ᠣᠢ ᠰᠢᠭᠤᠢ ᠵᠢᠨ ᠲᠠᠯᠠᠪᠠᠢ ᠵᠢᠨ ᠪᠦᠲᠦᠭᠡᠨ ᠪᠠᠶ᠋ᠢᠭᠤᠯᠤᠯᠲᠠ ᠤᠷᠤᠭᠰᠢᠲᠠᠢ ᠠᠬᠢᠪᠠ
ᠨᠡᠶ᠋ᠢᠲᠡᠯᠡᠭᠰᠡᠨ ᠴᠠᠭ᠄ 2021-03-23

      ᠮᠠᠨ᠎ᠤ ᠠᠶ᠋ᠢᠮᠠᠭ ᠬᠤᠯᠠᠨ ᠰᠢᠷᠭ᠎ᠠ ᠳᠠᠭ᠎ᠠ ᠵᠢᠨ ᠬᠡᠪᠴᠢᠶᠡᠵᠢᠭᠰᠡᠨ ᠣᠶ ᠰᠢᠭᠤᠶ ᠵᠢᠨ ᠲᠠᠯᠠᠪᠠᠶ ᠵᠢᠨ ᠪᠥᠲᠥᠭᠡᠨ ᠪᠠᠶ᠋ᠢᠭᠤᠯᠤᠯᠲᠠ ᠵᠢᠨ ᠡᠭᠦᠷᠭᠡ ᠵᠢ 150.5 ᠲᠦᠮᠡᠨ ᠮᠥ᠍ (2018—2025 ᠤᠨ) ᠪᠡᠶᠡᠯᠡᠭᠦᠯᠬᠦ᠎ᠪᠠᠷ ᠲᠥᠯᠥᠪᠵᠢᠭᠦᠯᠵᠦ᠂ ᠡᠭᠦᠨ᠎ᠳᠤ 91.5 ᠲᠦᠮᠡᠨ ᠮᠥ᠍ ᠵᠢ ᠰᠢᠨ᠎ᠡ᠎ᠪᠠᠷ ᠣᠶ᠋ᠢᠵᠢᠭᠤᠯᠵᠤ᠂ 43 ᠲᠦᠮᠡᠨ ᠮᠥ᠍ ᠮᠠᠭᠤᠳᠠᠯᠳᠠ᠎ᠲᠠᠢ ᠣᠶ ᠵᠢ ᠵᠠᠰᠠᠨ ᠰᠡᠷᠭᠦᠭᠡᠵᠦ᠂ 15 ᠲᠦᠮᠡᠨ ᠮᠥ᠍ ᠣᠶ ᠰᠢᠭᠤᠶ ᠵᠢ ᠠᠷᠠᠴᠢᠯᠠᠨ ᠤᠷᠭᠤᠭᠤᠯᠵᠤ᠂ 1 ᠲᠦᠮᠡᠨ ᠮᠥ᠍ ᠨᠤᠲᠤᠭ ᠪᠡᠯᠴᠢᠭᠡᠷ᠎ᠢ ᠵᠠᠰᠠᠨ ᠰᠡᠷᠭᠦᠭᠡᠨ᠎ᠡ᠃ ᠣᠳᠣᠬᠠᠨ ᠪᠣᠯᠲᠠᠯ᠎ᠠ᠂ 75 ᠲᠦᠮᠡᠨ ᠮᠥ᠍ ᠤᠢ᠌ᠵᠢᠭᠤᠯᠤᠯᠳᠠ ᠵᠢᠨ ᠡᠭᠦᠷᠭᠡ ᠵᠢ   ᠦᠨᠳᠦᠷ ᠪᠠᠷᠢᠮᠵᠢᠶ᠎ᠠ᠎ᠪᠠᠷ ᠪᠠᠲᠤᠯᠠᠭ᠎ᠠ᠎ᠲᠠᠢ ᠪᠡᠶᠡᠯᠡᠭᠦᠯᠪᠡ᠂ ᠡᠭᠦᠨ᠎ᠳᠤ 33.6 ᠲᠦᠮᠡᠨ ᠮᠥ᠍ ᠵᠢ ᠰᠢᠨ᠎ᠡ᠎ᠪᠠᠷ ᠣᠶ᠋ᠢᠵᠢᠭᠤᠯᠵᠤ᠂ 27.7 ᠲᠦᠮᠡᠨ ᠮᠥ᠍ ᠮᠠᠭᠤᠳᠠᠯᠳᠠ᠎ᠲᠠᠢ ᠣᠶ ᠵᠢ ᠵᠠᠰᠠᠨ ᠰᠡᠷᠭᠦᠭᠡᠵᠦ᠂ 13.7 ᠲᠦᠮᠡᠨ ᠮᠥ᠍ ᠣᠶ ᠰᠢᠭᠤᠶ ᠵᠢ ᠠᠷᠠᠴᠢᠯᠠᠨ ᠤᠷᠭᠤᠭᠤᠯᠪᠠ᠃
      ᠲᠠᠷᠠᠭ᠋ᠠᠴᠢ ᠵᠢᠨ ᠠᠯᠬᠤᠮ᠎ᠳᠤ᠂ ᠴᠠᠭ ᠠᠭᠤᠷ ᠠᠭ᠋ᠠᠵᠢᠮ ᠵᠶ᠋ᠠᠷ ᠳᠤᠯᠠᠭ᠋ᠠᠷᠠᠬᠤ ᠵᠢ ᠳᠠᠭ᠋ᠠᠯᠳᠤᠨ᠂ 2021 ᠣᠨ᠎ᠤ ᠬᠡᠪᠴᠢᠶᠡᠵᠢᠭᠰᠡᠨ ᠣᠶ ᠰᠢᠭᠤᠶ ᠵᠢᠨ ᠲᠠᠯᠠᠪᠠᠶ ᠵᠢᠨ ᠲᠥᠷᠥᠯ ᠵᠦᠢ᠍ᠯ᠎ᠤᠨ ᠣᠶ᠋ᠢᠵᠢᠭᠤᠯᠤᠯᠲᠠ ᠵᠢᠨ ᠠᠬᠢᠴᠠ ᠪᠠ ᠶᠠᠰᠤ ᠴᠢᠨᠠᠷ᠎ᠢ ᠪᠠᠲᠤᠯᠠᠬᠤ ᠵᠢᠨ ᠲᠥᠯᠥᠭᠡ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠰᠠᠶ᠋ᠢᠲᠤᠷ ᠠᠳᠬᠤᠵᠤ᠂   ᠤᠷᠢᠳᠴᠢᠯᠠᠨ ᠬᠥᠳᠡᠯᠦᠯᠴᠡᠵᠦ᠂ ᠦᠷ᠎ᠡ ᠴᠢᠬᠢ᠂ ᠮᠠᠰᠢᠨ ᠲᠦᠬᠦᠭᠡᠷᠦᠮᠵᠢ ᠵᠡᠷᠭᠡ ᠪᠡᠯᠡᠳᠬᠡᠯ ᠠᠵᠢᠯ᠎ᠢ ᠴᠠᠭ ᠲᠤᠬᠠᠶ᠎ᠳᠤᠨᠢ ᠰᠠᠶ᠋ᠢᠲᠤᠷ ᠬᠢᠬᠦ ᠵᠢᠨ ᠬᠠᠮᠲᠤ ᠴᠠᠭ ᠲᠣᠬᠢᠶᠠᠯ᠎ᠢ ᠠᠮᠵᠢᠨ ᠭᠠᠵᠠᠷ ᠲᠡᠭᠰᠢᠯᠡᠬᠦ ᠪᠠ ᠣᠶ᠋ᠢᠵᠢᠭᠤᠯᠬᠤ ᠠᠵᠢᠯ᠎ᠢ ᠥᠷᠨᠢᠭᠦᠯᠵᠦ᠂ ᠣᠨ᠎ᠤ ᠣᠶ ᠰᠢᠭᠤᠶ ᠵᠢᠨ ᠪᠥᠲᠥᠭᠡᠨ ᠪᠠᠶ᠋ᠢᠭᠤᠯᠤᠯᠲᠠ ᠵᠢᠨ ᠡᠭᠦᠷᠭᠡ᠎ᠪᠠᠨ ᠡᠷᠲᠡᠬᠡᠨ ᠪᠡᠶᠡᠯᠡᠭᠦᠯᠬᠦ᠎ᠪᠠᠷ   ᠴᠢᠷᠮᠠᠢ᠌ᠵᠤ ᠪᠤᠢ᠃

ᠢᠷᠡᠯᠲᠡ᠄ ᠰᠢᠯᠢ ᠵᠢᠨ ᠭᠣᠣᠯ ᠠᠶ᠋ᠢᠮᠠᠭ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠠᠭᠤᠯᠠ ᠤᠰᠤ ᠡᠪᠡᠰᠤ ᠤᠷᠭᠤᠮᠠᠯ ᠬᠦᠬᠡᠷᠡᠨ ᠨᠤᠭᠤᠭ᠋ᠠᠷᠠᠵᠤ ᠤᠮᠠᠷᠠᠳᠤ ᠬᠢᠯᠢ ᠵᠢ ᠴᠢᠮᠡᠭᠯᠡᠨ᠎ᠡ
ᠪᠤᠭᠤᠲᠤ ᠬᠤᠳᠠ ᠵᠢᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ 《ᠦᠷᠡᠭᠳᠡᠭᠰᠡᠨ ᠪᠠᠭ᠋ᠠᠲᠤᠷᠴᠤᠳ ᠵᠶ᠋ᠠᠨ ᠳᠤᠷᠠᠰᠤᠨ ᠰᠠᠨᠠᠭ᠋ᠠᠯᠵᠠᠵᠤ᠂ ᠡᠷᠡᠮᠡᠬᠡᠶ᠋ᠢᠯᠡᠨ ᠤᠷᠤᠭᠰᠢᠯᠠᠵᠤ ᠰᠢᠨ᠎ᠡ ᠪᠠᠶ᠋ᠢᠳᠠᠯ᠎ᠢ ᠡᠭᠦᠳᠬᠦ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠰᠢᠪᠠᠭᠤ ᠵᠢ ᠬᠠᠢ᠌ᠷᠠᠯᠠᠨ ᠬᠠᠮᠠᠭ᠋ᠠᠯᠠᠵᠤ᠂ ᠬᠦᠮᠦᠨ ᠪᠠᠢ᠌ᠭ᠋ᠠᠯᠢ ᠵᠢᠨ ᠡᠶ᠎ᠡ ᠵᠤᠬᠢᠴᠠᠯ᠎ᠢ ᠪᠤᠢ ᠪᠤᠯᠭ᠋ᠠᠶ᠎ᠠ
ᠠᠯᠠᠱ᠌ᠠ ᠵᠡᠭᠦᠨ ᠬᠣᠰᠢᠭᠤᠨ᠎ᠤ 2020 ᠣᠨ᠎ᠤ ᠪᠠᠢ᠌ᠭ᠋ᠠᠯᠢᠯᠢᠭ ᠨᠤᠲᠤᠭ ᠪᠡᠯᠴᠢᠭᠡᠷ᠎ᠤᠨ ᠮᠠᠯᠵᠢᠬᠤ ᠵᠢ ᠵᠣᠭᠰᠣᠭ᠋ᠠᠵᠤ ᠡᠪᠡᠰᠦ ᠪᠡᠯᠴᠢᠭᠡᠷ᠎ᠢ ᠰᠡᠷᠭᠦᠭᠡᠬᠦ ᠢᠨᠵᠧᠨᠧᠷᠢᠩ ᠪᠥᠬᠥ ᠲᠠᠯ᠎ᠠ᠎ᠪᠠᠷ ᠡᠬᠢᠯᠡᠪᠡ
ᠪᠠᠶᠠᠨᠨᠠᠭᠤᠷ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠪᠥᠬᠥ ᠬᠣᠲᠠ ᠵᠢᠨ 2021 ᠣᠨ᠎ᠤ ᠠᠵᠤ ᠠᠬᠤᠶ ᠵᠢᠨ ᠣᠶ ᠵᠢᠨ ᠪᠠᠷᠢᠮᠵᠢᠶᠠᠵᠢᠭᠤᠯᠤᠯᠲᠠ ᠵᠢᠨ ᠵᠢᠱ᠌ᠢᠶ᠎ᠡ ᠦᠵᠡᠭᠦᠯᠬᠦ ᠬᠦᠷᠢᠶᠡᠯᠡᠩ᠎ᠤᠨ ᠪᠥᠲᠥᠭᠡᠨ ᠪᠠᠶ᠋ᠢᠭᠤᠯᠤᠯᠲᠠ ᠵᠢ ᠲᠤᠬᠠᠢ ᠵᠢᠨ ᠭᠠᠵᠠᠷ᠎ᠲᠤᠨᠢ ᠵᠢᠭ᠋ᠠᠨ ᠵᠢᠯᠣᠭᠣᠳᠪᠠ
 
             蒙ICP备05000248号