ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠪᠤᠭᠤᠲᠤ ᠬᠤᠳᠠ ᠵᠢᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ 《ᠦᠷᠡᠭᠳᠡᠭᠰᠡᠨ ᠪᠠᠭ᠋ᠠᠲᠤᠷᠴᠤᠳ ᠵᠶ᠋ᠠᠨ ᠳᠤᠷᠠᠰᠤᠨ ᠰᠠᠨᠠᠭ᠋ᠠᠯᠵᠠᠵᠤ᠂ ᠡᠷᠡᠮᠡᠬᠡᠶ᠋ᠢᠯᠡᠨ ᠤᠷᠤᠭᠰᠢᠯᠠᠵᠤ ᠰᠢᠨ᠎ᠡ ᠪᠠᠶ᠋ᠢᠳᠠᠯ᠎ᠢ ᠡᠭᠦᠳᠬᠦ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠨᠡᠶ᠋ᠢᠲᠡᠯᠡᠭᠰᠡᠨ ᠴᠠᠭ᠄ 2021-04-13

      ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠪᠣᠯᠬᠤ ᠲᠠᠰᠢᠷᠠᠮ᠎ᠳᠤ᠂ ᠨᠠᠮ᠎ᠤᠨ ᠵᠠᠭᠤᠨ ᠵᠢᠯ᠎ᠤᠨ ᠠᠭᠤᠤ ᠶᠡᠬᠡ ᠲᠡᠮᠡᠴᠡᠯ ᠵᠶ᠋ᠡᠷ ᠣᠶ ᠰᠢᠭᠤᠶ ᠨᠤᠳᠤᠭ ᠪᠡᠯᠴᠢᠭᠡᠷ᠎ᠤᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠪᠡᠶᠡᠯᠡᠭᠦᠯᠬᠦ ᠣᠶᠤᠨ ᠰᠠᠨᠠᠭ᠎ᠠ ᠪᠠ ᠬᠦᠴᠦᠨ ᠴᠢᠳᠠᠯ ᠵᠶ᠋ᠠᠨ ᠡᠷᠴᠢᠯᠡᠵᠦ᠂ ᠪᠥᠬᠥ ᠨᠠᠮ᠎ᠤᠨ ᠭᠡᠰᠢᠭᠦᠨ᠎ᠤ ᠤᠯᠤᠰ ᠵᠶ᠋ᠠᠨ ᠬᠠᠶ᠋ᠢᠷᠠᠯᠠᠬᠤ ᠬᠠᠯᠠᠭᠤᠨ ᠰᠡᠳᠬᠢᠯᠭᠡ ᠵᠢ ᠬᠥᠭᠵᠢᠭᠡᠵᠦ᠂ ᠨᠠᠮ᠎ᠤᠨ ᠭᠡᠰᠢᠭᠦᠨ᠎ᠤ ᠬᠦᠰᠡᠯᠡᠩ ᠢᠲᠡᠭᠡᠯ ᠪᠢᠰᠢᠷᠡᠯ᠎ᠢ ᠪᠠᠲᠤᠳᠬᠠᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠠᠭᠤᠷ ᠠᠮᠢᠰᠬᠤᠯ᠎ᠢ ᠪᠣᠶ ᠪᠣᠯᠭ᠋ᠠᠬᠤ ᠵᠢᠨ ᠲᠥᠯᠥᠭᠡ᠂ 4 ᠰᠠᠷ᠎ᠠ ᠵᠢᠨ 8᠎ᠤ ᠦᠳᠡ ᠵᠢᠨ ᠡᠮᠦᠨ᠎ᠡ᠂ ᠪᠤᠭᠤᠲᠤ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠨᠠᠮ᠎ᠤᠨ ᠶᠡᠷᠦᠩᠬᠡᠶ ᠡᠭᠦᠷ 《ᠦᠷᠡᠭᠳᠡᠭᠰᠡᠨ ᠪᠠᠭ᠋ᠠᠲᠤᠷᠴᠤᠳ ᠵᠶ᠋ᠠᠨ ᠳᠤᠷᠠᠰᠤᠨ ᠰᠠᠨᠠᠭ᠋ᠠᠯᠵᠠᠵᠤ᠂ ᠡᠷᠡᠮᠡᠬᠡᠶ᠋ᠢᠯᠡᠨ ᠤᠷᠤᠭᠰᠢᠯᠠᠵᠤ ᠰᠢᠨ᠎ᠡ ᠪᠠᠶ᠋ᠢᠳᠠᠯ᠎ᠢ ᠡᠭᠦᠳᠬᠦ》 ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠵᠦ᠂ ᠲᠣᠪᠴᠢᠶ᠎ᠠ ᠵᠢᠨ ᠤᠳᠤᠷᠢᠳᠬᠤ ᠪᠠᠭ᠎ᠤᠨ ᠪᠦᠷᠢᠯᠳᠦᠬᠦᠨ ᠪᠠ ᠲᠣᠪᠴᠢᠶ᠎ᠠ ᠵᠢᠨ ᠰᠢᠰᠲ᠋ᠧᠮ᠎ᠤᠨ ᠪᠥᠬᠥ ᠨᠠᠮ᠎ᠤᠨ ᠭᠡᠰᠢᠭᠦᠨ ᠠᠵᠢᠯᠯᠠᠭ᠎ᠠ᠎ᠳᠤ ᠣᠷᠣᠯᠴᠠᠪᠠ᠃
      ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠳ᠋ᠦᠩ ᠾᠧ ᠲᠣᠭᠣᠷᠢᠭ᠎ᠤᠨ 《ᠸᠠᠩ ᠷᠦᠸᠸ ᠹᠸᠢ ᠵᠢᠨ ᠳᠤᠷᠠᠰᠬᠠᠯ᠎ᠤᠨ ᠣᠷᠳᠣᠨ》᠎ᠳᠤ ᠶᠠᠪᠤᠭᠳᠠᠪᠠ᠃ ᠪᠦᠬᠦ ᠨᠠᠮ᠎ᠤᠨ ᠭᠡᠰᠢᠭᠦᠳ ᠸᠠᠩ ᠷᠦᠸᠸ ᠹᠸᠢ ᠨᠥᠬᠥᠷ᠎ᠤᠨ ᠪᠠᠭ᠋ᠠᠲᠤᠷᠯᠢᠭ ᠦᠢ᠍ᠯᠡ ᠠᠵᠢᠯᠯᠠᠭ᠎ᠠ ᠵᠢᠨ ᠲᠠᠨᠢᠯᠴᠠᠭᠤᠯᠭ᠎ᠠ ᠵᠢ ᠨᠠᠷᠢᠨ ᠬᠢᠨᠠᠮᠠᠭ᠋ᠠᠢ ᠰᠣᠨᠣᠰᠴᠤ᠂ ᠬᠣᠪᠣᠷ ᠨᠠᠨᠳᠢᠨ ᠵᠢᠷᠤᠭ ᠪᠢᠴᠢᠭ᠎ᠤᠨ ᠮᠠᠲᠸᠷᠢᠶᠠᠯ ᠪᠣᠯᠤᠨ ᠱᠤᠭᠤᠮᠠᠯ᠎ᠢ ᠲᠤᠭᠤᠷᠢᠨ ᠦᠵᠡᠵᠦ᠂ ᠸᠠᠩ ᠷᠦᠸᠸ ᠹᠸᠢ ᠨᠥᠬᠥᠷ᠎ᠤᠨ ᠨᠢᠭᠡ ᠨᠠᠰᠤᠨ᠎ᠤ ᠦᠩᠭᠡ ᠭᠡᠷᠡᠯᠲᠤ ᠦᠢ᠍ᠯᠡ ᠠᠵᠢᠯᠯᠠᠭ᠎ᠠ᠎ᠳᠤ ᠪᠦᠬᠦ ᠲᠠᠯ᠎ᠠ ᠵᠢᠨ ᠣᠶ᠋ᠢᠯᠠᠭ᠋ᠠᠯᠲᠠ᠎ᠲᠠᠢ ᠪᠤᠯᠵᠤ᠂ ᠸᠠᠩ ᠷᠦᠸᠸ ᠹᠸᠢ ᠨᠥᠬᠥᠷ᠎ᠤᠨ 《  ᠠᠷᠠᠳ ᠲᠦᠮᠡᠨ᠎ᠳᠤ ᠦᠢ᠍ᠯᠡᠴᠢᠯᠡᠬᠦ》 ᠡᠷᠬᠢᠮ ᠳᠡᠭᠡᠳᠦ ᠵᠣᠷᠢᠭ ᠰᠠᠨᠠᠭ᠎ᠠ ᠵᠢ ᠭᠦᠨᠵᠡᠭᠡᠢ ᠣᠶ᠋ᠢᠯᠠᠭ᠋ᠠᠬᠤ ᠵᠢᠨ ᠬᠠᠮᠲᠤ ᠨᠠᠮ᠎ᠤᠨ ᠬᠠᠲᠠᠭᠤ ᠪᠡᠷᠬᠡᠰᠢᠶᠠᠯᠳᠤ ᠬᠤᠪᠢᠰᠬᠠᠯᠳᠤ ᠲᠡᠦᠬᠡ ᠵᠢ ᠤᠢ᠌ᠯᠠᠭ᠋ᠠᠪᠠ᠃
ᠲᠣᠭᠣᠷᠢᠨ ᠦᠵᠡᠵᠦ ᠳᠠᠭᠤᠰᠤᠭᠰᠠᠨ᠎ᠤ ᠲᠠᠷᠠᠭ᠎ᠠ᠂ ᠪᠦᠬᠦ ᠨᠠᠮ᠎ᠤᠨ ᠭᠡᠰᠢᠭᠦᠨ ᠭᠠᠯ ᠤᠯᠠᠭ᠋ᠠᠨ ᠨᠠᠮ᠎ᠤᠨ ᠲᠤᠭ ᠪᠣᠯᠤᠨ ᠸᠠᠩ ᠷᠦᠸᠸ ᠹᠸᠢ ᠵᠢᠨ ᠬᠦᠷᠦᠭ᠎ᠲᠤ ᠬᠠᠨᠳᠤᠵᠤ᠂ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ᠎ᠢ ᠲᠠᠬᠢᠨ ᠡᠷᠭᠢᠴᠡᠭᠦᠯᠵᠦ᠂ ᠲᠥᠪ ᠴᠢᠩᠭ᠎ᠠ᠎ᠪᠠᠷ ᠲᠠᠩᠭ᠋ᠠᠷᠢᠭᠯᠠᠵᠤ᠂ ᠡᠪ ᠬᠠᠮᠲᠤᠴᠤᠳ᠎ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠵᠢ ᠭᠦᠨᠵᠡᠭᠡᠢ ᠣᠶ᠋ᠢᠯᠠᠭ᠋ᠠᠪᠠ᠃
      ᠲᠣᠰ ᠤᠳᠠᠭ᠋ᠠᠨ᠎ᠤ ᠠᠵᠢᠯᠯᠠᠭ᠎ᠠ᠎ᠪᠠᠷ ᠳᠡᠮᠵᠢᠨ᠂ ᠪᠥᠬᠥ ᠨᠠᠮ᠎ᠤᠨ ᠭᠡᠰᠢᠭᠦᠳ ᠨᠢᠭᠡ ᠤᠳᠠᠭ᠋ᠠᠨ᠎ᠤ ᠣᠶᠤᠨ ᠰᠠᠨᠠᠭ᠋ᠠᠨ᠎ᠤ ᠠᠷᠢᠭᠤᠳᠬᠠᠯ ᠪᠠ ᠦᠵᠡᠯ ᠰᠠᠨᠠᠭ᠋ᠠᠨ᠎ᠤ ᠳᠡᠭᠡᠭᠰᠢᠯᠡᠯᠲᠡ ᠵᠢ   ᠪᠤᠢ ᠪᠤᠯᠭ᠋ᠠᠵᠤ᠂ ᠨᠠᠮ᠎ᠤᠨ ᠪᠥᠬᠥ ᠰᠡᠳᠬᠢᠯ ᠪᠥᠬᠥ ᠵᠣᠷᠢᠭ ᠵᠶ᠋ᠠᠷ ᠵᠶ᠋ᠠᠨ ᠠᠷᠠᠳ ᠲᠦᠮᠡᠨ᠎ᠳᠤ ᠦᠢ᠍ᠯᠡᠴᠢᠯᠡᠬᠦ ᠵᠣᠷᠢᠯᠲᠠ ᠵᠢ ᠪᠠᠲᠤ ᠴᠡᠭᠡᠵᠢᠯᠡᠵᠦ᠂ ᠬᠤᠪᠢᠰᠬᠠᠯ᠎ᠤᠨ ᠤᠳᠤᠮᠰᠢᠯ᠎ᠢ ᠵᠠᠯᠭ᠋ᠠᠮᠵᠢᠯᠠᠨ᠂ ᠪᠠᠲᠤ ᠴᠢᠩᠭ᠎ᠠ ᠨᠠᠮᠴᠢ ᠴᠢᠨᠠᠷ᠎ᠢ ᠲᠠᠪᠳᠠᠨ ᠪᠣᠯᠪᠠᠰᠤᠷᠠᠭᠤᠯᠵᠤ᠂ ᠣᠶ ᠰᠢᠭᠤᠶ ᠨᠤᠳᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠠᠵᠢᠯ᠎ᠢ ᠰᠠᠶ᠋ᠢᠲᠤᠷ ᠬᠢᠵᠦ᠂ ᠠᠷᠠᠳ ᠲᠦᠮᠡᠨ᠎ᠤ ᠠᠵᠠ ᠵᠢᠷᠭ᠋ᠠᠯ᠎ᠢ ᠲᠠᠰᠤᠷᠠᠯᠲᠠ ᠥᠬᠡᠶ ᠨᠡᠮᠡᠭᠳᠡᠭᠦᠯᠦᠨ᠎ᠡ ᠭᠡᠵᠦ   ᠢᠯᠡᠷᠬᠡᠶ᠋ᠢᠯᠡᠵᠡᠶ᠃

ᠢᠷᠡᠯᠲᠡ᠄
          
ᠬᠠᠮᠢᠶ᠎ᠡ ᠪᠦᠬᠦᠢ ᠰᠣᠨᠢᠨ
ᠰᠢᠪᠠᠭᠤ ᠵᠢ ᠬᠠᠢ᠌ᠷᠠᠯᠠᠨ ᠬᠠᠮᠠᠭ᠋ᠠᠯᠠᠵᠤ᠂ ᠬᠦᠮᠦᠨ ᠪᠠᠢ᠌ᠭ᠋ᠠᠯᠢ ᠵᠢᠨ ᠡᠶ᠎ᠡ ᠵᠤᠬᠢᠴᠠᠯ᠎ᠢ ᠪᠤᠢ ᠪᠤᠯᠭ᠋ᠠᠶ᠎ᠠ
ᠠᠯᠠᠱ᠌ᠠ ᠵᠡᠭᠦᠨ ᠬᠣᠰᠢᠭᠤᠨ᠎ᠤ 2020 ᠣᠨ᠎ᠤ ᠪᠠᠢ᠌ᠭ᠋ᠠᠯᠢᠯᠢᠭ ᠨᠤᠲᠤᠭ ᠪᠡᠯᠴᠢᠭᠡᠷ᠎ᠤᠨ ᠮᠠᠯᠵᠢᠬᠤ ᠵᠢ ᠵᠣᠭᠰᠣᠭ᠋ᠠᠵᠤ ᠡᠪᠡᠰᠦ ᠪᠡᠯᠴᠢᠭᠡᠷ᠎ᠢ ᠰᠡᠷᠭᠦᠭᠡᠬᠦ ᠢᠨᠵᠧᠨᠧᠷᠢᠩ ᠪᠥᠬᠥ ᠲᠠᠯ᠎ᠠ᠎ᠪᠠᠷ ᠡᠬᠢᠯᠡᠪᠡ
ᠪᠠᠶᠠᠨᠨᠠᠭᠤᠷ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠪᠥᠬᠥ ᠬᠣᠲᠠ ᠵᠢᠨ 2021 ᠣᠨ᠎ᠤ ᠠᠵᠤ ᠠᠬᠤᠶ ᠵᠢᠨ ᠣᠶ ᠵᠢᠨ ᠪᠠᠷᠢᠮᠵᠢᠶᠠᠵᠢᠭᠤᠯᠤᠯᠲᠠ ᠵᠢᠨ ᠵᠢᠱ᠌ᠢᠶ᠎ᠡ ᠦᠵᠡᠭᠦᠯᠬᠦ ᠬᠦᠷᠢᠶᠡᠯᠡᠩ᠎ᠤᠨ ᠪᠥᠲᠥᠭᠡᠨ ᠪᠠᠶ᠋ᠢᠭᠤᠯᠤᠯᠲᠠ ᠵᠢ ᠲᠤᠬᠠᠢ ᠵᠢᠨ ᠭᠠᠵᠠᠷ᠎ᠲᠤᠨᠢ ᠵᠢᠭ᠋ᠠᠨ ᠵᠢᠯᠣᠭᠣᠳᠪᠠ
ᠣᠨᠴᠠᠯᠢᠭᠲᠤ ᠳᠠᠷᠢᠵᠤ ᠲᠡᠵᠢᠭᠡᠬᠦ ᠦᠢ᠍ᠯᠡᠰ᠎ᠨᠢ ᠡᠯᠡᠰᠦ ᠵᠢ ᠨᠣᠭᠤᠭ᠋ᠠᠷᠠᠭᠤᠯᠵᠤ ᠠᠷᠠᠳ᠎ᠢ ᠪᠠᠶᠠᠵᠢᠭᠤᠯᠬᠤ 《ᠰᠢᠵᠢᠷ ᠠᠯᠲᠠᠨ ᠠᠵᠤ ᠦᠢ᠍ᠯᠡᠰ》 ᠪᠣᠯᠪᠠ
ᠭᠠᠳᠠᠰᠤ ᠦᠷᠡᠰ ᠮᠠᠯᠵᠢᠯ᠎ᠤᠨ ᠲᠠᠯᠠᠪᠠᠶ ᠣᠶ ᠰᠢᠭᠤᠶ ᠵᠢᠨ ᠬᠦᠨᠦᠭᠡᠯᠳᠤ ᠠᠮᠢᠳᠤ ᠪᠤᠳᠠᠰ᠎ᠢ ᠰᠡᠷᠭᠡᠶ᠋ᠢᠯᠡᠨ ᠵᠠᠰᠠᠬᠤ ᠠᠵᠢᠯ ᠥᠷᠨᠢᠭᠦᠯᠪᠡ
 
             蒙ICP备05000248号