ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠰᠢᠪᠠᠭᠤ ᠵᠢ ᠬᠠᠢ᠌ᠷᠠᠯᠠᠨ ᠬᠠᠮᠠᠭ᠋ᠠᠯᠠᠵᠤ᠂ ᠬᠦᠮᠦᠨ ᠪᠠᠢ᠌ᠭ᠋ᠠᠯᠢ ᠵᠢᠨ ᠡᠶ᠎ᠡ ᠵᠤᠬᠢᠴᠠᠯ᠎ᠢ ᠪᠤᠢ ᠪᠤᠯᠭ᠋ᠠᠶ᠎ᠠ
ᠨᠡᠶ᠋ᠢᠲᠡᠯᠡᠭᠰᠡᠨ ᠴᠠᠭ᠄ 2021-05-20

     5 ᠰᠠᠷ᠎ᠠ ᠵᠢᠨ 15᠎ᠤ ᠡᠳᠦᠷ᠎ᠠᠴᠠ 5 ᠰᠠᠷ᠎ᠠ ᠵᠢᠨ 21᠎ᠤ ᠡᠳᠦᠷ ᠪᠣᠯᠲᠠᠯ᠎ᠠ᠂ ᠪᠤᠭᠤᠲᠤ ᠬᠣᠲᠠ ᠵᠢᠨ 40 ᠳ᠋ᠦ᠍ᠭᠡᠷ 《ᠰᠢᠪᠠᠭᠤ ᠵᠢ ᠬᠠᠶ᠋ᠢᠷᠠᠯᠠᠬᠤ ᠭᠠᠷᠠᠭ》 ᠪᠣᠯᠤᠨ᠎ᠠ᠃ 5 ᠰᠠᠷ᠎ᠠ ᠵᠢᠨ 15᠎ᠤ ᠡᠳᠦᠷ᠎ᠤᠨ ᠦᠳᠡ ᠵᠢᠨ ᠡᠮᠦᠨ᠎ᠡ᠂ 《ᠰᠢᠪᠠᠭᠤ ᠵᠢ ᠬᠠᠢ᠌ᠷᠠᠯᠠᠨ ᠬᠠᠮᠠᠭ᠋ᠠᠯᠠᠵᠤ᠂ ᠬᠦᠮᠦᠨ ᠪᠠᠢ᠌ᠭ᠋ᠠᠯᠢ ᠵᠢᠨ ᠡᠶ᠎ᠡ ᠵᠤᠬᠢᠴᠠᠯ᠎ᠢ ᠪᠤᠢ ᠪᠤᠯᠭ᠋ᠠᠶ᠎ᠠ》᠎ᠪᠠᠷ ᠭᠤᠤᠯ ᠰᠡᠳᠦᠪ ᠪᠣᠯᠭ᠋ᠠᠭᠰᠠᠨ ᠤᠬᠠᠭᠤᠯᠭ᠎ᠠ ᠵᠢᠨ ᠠᠵᠢᠯᠯᠠᠭ᠎ᠠ ᠰᠠᠶ᠋ᠢᠬᠠᠨᠲᠠᠯ᠎ᠠ ᠵᠢᠨ ᠠᠮᠢ ᠠᠬᠤᠶ ᠵᠢᠨ ᠬᠦᠷᠢᠶᠡᠯᠡᠩ᠎ᠳᠤ ᠵᠢᠩᠬᠢᠨᠢ᠎ᠪᠠᠷ ᠡᠬᠢᠯᠡᠪᠡ᠃ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠵᠢᠯᠲᠠᠳ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠤᠬᠠᠭᠤᠯᠭ᠎ᠠ ᠵᠢᠨ ᠭᠠᠷ ᠳᠡᠪᠲᠡᠷ᠂ ᠤᠬᠠᠭᠤᠯᠭ᠎ᠠ ᠵᠢᠨ ᠬᠠᠭᠤᠳᠠᠰᠤ ᠮᠢᠩᠭ᠎ᠠ ᠭᠠᠷᠤᠶ ᠬᠤᠪᠢ ᠲᠠᠶ᠋ᠢᠯᠪᠤᠷᠢᠯᠠᠨ ᠲᠠᠷᠬᠠᠭ᠋ᠠᠵᠤ᠂ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠰᠢᠪᠠᠭᠤ ᠵᠢ ᠬᠠᠢ᠌ᠷᠠᠯᠠᠨ ᠬᠠᠮᠠᠭ᠋ᠠᠯᠠᠬᠤ ᠮᠡᠳᠡᠯᠭᠡ ᠵᠢ ᠤᠬᠠᠭᠤᠯᠪᠠ᠃ ᠠᠵᠢᠯᠯᠠᠭ᠎ᠠ᠎ᠳᠤ ᠰᠢᠪᠠᠭᠤᠨ᠎ᠤ ᠲᠥᠷᠥᠯ᠎ᠤᠨ ᠬᠡᠷᠡᠯ ᠵᠢᠷᠤᠭ ᠵᠢᠴᠢ ᠰᠢᠪᠠᠭᠤᠨ᠎ᠤ ᠲᠥᠷᠥᠯ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠪᠢᠴᠢᠯᠭᠡ᠂ ᠰᠢᠪᠠᠭᠤᠨ᠎ᠤ ᠲᠥᠷᠥᠯ᠎ᠤᠨ ᠬᠠᠮᠠᠭ᠋ᠠᠯᠠᠯᠲᠠ ᠵᠢᠨ ᠲᠣᠭᠯᠠᠯᠲᠠ᠂ ᠰᠢᠪᠠᠭᠤᠳ᠎ᠤᠨ ᠲᠤᠬᠠᠢ ᠤᠷᠢᠶᠠᠮᠠᠯ ᠵᠢᠷᠤᠭ ᠵᠡᠷᠭᠡ ᠣᠯᠠᠨ ᠲᠦᠷᠦᠯ ᠬᠡᠯᠪᠡᠷᠢ ᠵᠢᠨ ᠤᠬᠠᠭᠤᠯᠭ᠎ᠠ ᠵᠢ ᠦᠷᠨᠢᠬᠦᠯᠵᠦ᠂ ᠦᠶ ᠣᠯᠠᠨ ᠬᠣᠲᠠ ᠵᠢᠨ ᠠᠷᠠᠳ ᠵᠢᠴᠢ ᠵᠤᠭ᠋ᠠᠴᠠᠭᠰᠠᠳ᠎ᠢ ᠣᠷᠣᠯᠴᠠᠭᠤᠯᠤᠭᠰᠠᠨ ᠪᠠᠶ᠋ᠢᠨ᠎ᠠ᠃ ᠣᠳᠣᠬᠠᠨ᠎ᠳᠤ᠂ 《ᠰᠢᠪᠠᠭᠤ ᠵᠢ ᠬᠠᠶ᠋ᠢᠷᠠᠯᠠᠬᠤ ᠭᠠᠷᠠᠭ》᠎ᠤᠨ ᠰᠢᠷᠢᠰ ᠤᠬᠠᠭᠤᠯᠭ᠎ᠠ ᠵᠢᠨ ᠠᠵᠢᠯᠯᠠᠭ᠎ᠠ ᠦᠷᠭᠦᠯᠵᠢᠯᠡᠨ ᠥᠷᠨᠢᠵᠦ ᠪᠤᠢ᠃
      ᠪᠤᠭᠤᠲᠤ ᠬᠣᠲᠠ ᠵᠢᠨ ᠠᠮᠢ ᠠᠬᠤᠶ ᠵᠢᠨ ᠰᠢᠰᠲ᠋ᠧᠮ ᠨᠡᠯᠢᠶᠡᠳ ᠪᠦᠷᠢᠨ ᠲᠡᠭᠦᠯᠳᠡᠷ᠂ ᠠᠮᠢ ᠠᠬᠤᠶ ᠵᠢᠨ ᠣᠷᠴᠢᠨ ᠲᠣᠭᠣᠷᠢᠨ ᠭᠣᠶᠣ ᠰᠠᠶ᠋ᠢᠬᠠᠨ ᠪᠠᠶ᠋ᠢᠵᠤ᠂ ᠣᠯᠠᠨ ᠲᠥᠷᠥᠯ᠎ᠤᠨ ᠰᠢᠪᠠᠭᠤᠳ᠎ᠤᠨ ᠦᠷᠡᠵᠢᠨ ᠠᠮᠢᠳᠤᠷᠠᠬᠤ᠎ᠳᠤ ᠲᠤᠬᠢᠷᠠᠮᠵᠢᠳᠠᠢ᠃ ᠮᠠᠨ᠎ᠤ ᠬᠣᠲᠠ ᠤᠳᠤ 17 ᠪᠠᠭ 50 ᠢᠵᠠᠭᠤᠷ 250 ᠲᠦᠷᠦᠯ᠎ᠤᠨ ᠰᠢᠪᠠᠭᠤᠳ ᠪᠤᠢ᠂ ᠰᠢᠪᠠᠭᠤᠳ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠬᠤ᠎ᠨᠢ ᠮᠠᠨ᠎ᠤ ᠬᠣᠲᠠ ᠵᠢᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠨᠢᠭᠡᠨ ᠴᠢᠬᠤᠯᠠ ᠠᠭᠤᠯᠭ᠎ᠠ ᠪᠣᠯᠤᠨ᠎ᠠ᠃
      ᠣᠶ᠋ᠢᠷ᠎ᠠ ᠵᠢᠨ ᠵᠢᠯ᠎ᠳᠤ᠂ ᠪᠥᠬᠥ ᠬᠣᠲᠠ ᠵᠢᠨ ᠡᠯ᠎ᠡ ᠱᠠᠲᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ 《ᠰᠢᠪᠠᠭᠤ ᠵᠢ ᠬᠠᠶ᠋ᠢᠷᠠᠯᠠᠬᠤ ᠭᠠᠷᠠᠭ》 ᠵᠡᠷᠭᠡ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠰᠢᠷᠢᠰ ᠤᠬᠠᠭᠤᠯᠭ᠎ᠠ ᠵᠢᠨ ᠠᠵᠢᠯᠯᠠᠭ᠎ᠠ ᠵᠢ ᠢᠳᠡᠪᠬᠢᠲᠡᠶ ᠥᠷᠨᠢᠭᠦᠯᠵᠦ᠂   ᠭᠣᠶ᠋ᠢᠳᠠ ᠰᠠᠶ᠋ᠢᠬᠠᠨ ᠠᠭᠤᠯᠭ᠎ᠠ ᠪᠦᠬᠦᠢ ᠠᠵᠢᠯᠯᠠᠭ᠎ᠠ᠎ᠪᠠᠷ ᠳᠠᠮᠵᠢᠭᠤᠯᠤᠨ᠂ ᠨᠡᠶ᠋ᠢᠭᠡᠮ ᠨᠡᠶ᠋ᠢᠲᠡ᠎ᠳᠤ ᠰᠢᠪᠠᠭᠤᠨ ᠵᠢ ᠬᠠᠮᠠᠭ᠋ᠠᠯᠠᠬᠤ ᠮᠡᠳᠡᠯᠭᠡ ᠵᠢ ᠤᠬᠠᠭᠤᠯᠤᠨ ᠲᠦᠭᠡᠮᠡᠯᠵᠢᠭᠦᠯᠵᠦ᠂ ᠠᠮᠢ ᠠᠬᠤᠶ ᠵᠢᠨ ᠪᠣᠯᠪᠠᠰᠤᠨ᠎ᠤ ᠣᠨᠣᠯᠵᠢᠬᠤᠨ᠎ᠢ ᠤᠯᠠᠮᠵᠢᠯᠠᠨ ᠳᠡᠯᠭᠡᠷᠡᠭᠦᠯᠵᠦ᠂ ᠣᠯᠠᠨ ᠨᠡᠶ᠋ᠢᠲᠡ ᠵᠢᠨ ᠰᠢᠪᠠᠭᠤᠳ᠎ᠤᠨ ᠣᠷᠣᠰᠢᠨ ᠠᠮᠢᠳᠤᠷᠠᠬᠤ ᠣᠷᠴᠢᠨ ᠲᠣᠭᠣᠷᠢᠨ ᠪᠠ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠠᠵᠢᠯ᠎ᠢ ᠬᠥᠲᠥᠯᠦᠨ ᠵᠢᠯᠣᠭᠣᠳᠴᠤ  ᠂ ᠰᠢᠪᠠᠭᠤ ᠵᠢ ᠬᠠᠢ᠌ᠷᠠᠯᠠᠨ ᠬᠠᠮᠠᠭ᠋ᠠᠯᠠᠬᠤ ᠦᠵᠡᠯ ᠤᠬᠠᠮᠰᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ᠎ᠪᠠᠷ ᠵᠣᠷᠢᠯᠭ᠎ᠠ᠎ᠪᠠᠨ ᠪᠣᠯᠭ᠋ᠠᠵᠠᠶ᠃ ᠲᠠᠷᠠᠭ᠋ᠠᠴᠢ ᠵᠢᠨ ᠠᠯᠬᠤᠮ᠎ᠳᠤ᠂ ᠡᠯ᠎ᠡ ᠱᠠᠲᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠠᠵᠢᠯ᠎ᠢ ᠦᠷᠭᠦᠯᠵᠢᠯᠡᠨ ᠴᠢᠩᠭ᠋ᠠᠳᠬᠠᠵᠤ᠂ ᠬᠡᠭᠡᠷ᠎ᠡ ᠵᠢᠨ ᠠᠮᠢᠲᠠᠨ᠎ᠢ ᠠᠪᠤᠷᠠᠨ ᠲᠤᠰᠠᠯᠠᠬᠤ ᠪᠠ ᠬᠢᠵᠢᠭ᠎ᠤᠨ ᠢᠷᠡᠯᠲᠡ᠂ ᠬᠢᠵᠢᠭ ᠡᠪᠡᠳᠴᠢᠨ᠎ᠢ ᠰᠡᠷᠭᠡᠶ᠋ᠢᠯᠡᠨ ᠬᠢᠵᠠᠭ᠋ᠠᠷᠯᠠᠬᠤ ᠠᠵᠢᠯ᠎ᠢ ᠰᠠᠶ᠋ᠢᠲᠤᠷ ᠬᠢᠵᠦ᠂ ᠨᠡᠶ᠋ᠢᠭᠡᠮ ᠳᠠᠶᠠᠭ᠋ᠠᠷ᠎ᠢ ᠢᠳᠡᠪᠬᠢᠲᠡᠶ ᠳᠠᠶ᠋ᠢᠴᠢᠯᠠᠨ ᠥᠷᠭᠡᠨ ᠵᠶ᠋ᠠᠷ ᠣᠷᠣᠯᠴᠠᠭᠤᠯᠤᠨ᠂ ᠬᠥᠮᠦᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ   ᠤᠷᠤᠰᠢᠭᠰᠠᠨ ᠠᠮᠢ ᠠᠬᠤᠶ ᠵᠢᠨ ᠣᠷᠴᠢᠨ ᠲᠣᠭᠣᠷᠢᠨ᠎ᠢ ᠬᠠᠮᠲᠤ᠎ᠪᠠᠷ ᠪᠠᠶ᠋ᠢᠭᠤᠯᠤᠨ᠎ᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠠᠯᠠᠱ᠌ᠠ ᠵᠡᠭᠦᠨ ᠬᠣᠰᠢᠭᠤᠨ᠎ᠤ 2020 ᠣᠨ᠎ᠤ ᠪᠠᠢ᠌ᠭ᠋ᠠᠯᠢᠯᠢᠭ ᠨᠤᠲᠤᠭ ᠪᠡᠯᠴᠢᠭᠡᠷ᠎ᠤᠨ ᠮᠠᠯᠵᠢᠬᠤ ᠵᠢ ᠵᠣᠭᠰᠣᠭ᠋ᠠᠵᠤ ᠡᠪᠡᠰᠦ ᠪᠡᠯᠴᠢᠭᠡᠷ᠎ᠢ ᠰᠡᠷᠭᠦᠭᠡᠬᠦ ᠢᠨᠵᠧᠨᠧᠷᠢᠩ ᠪᠥᠬᠥ ᠲᠠᠯ᠎ᠠ᠎ᠪᠠᠷ ᠡᠬᠢᠯᠡᠪᠡ
ᠪᠠᠶᠠᠨᠨᠠᠭᠤᠷ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠪᠥᠬᠥ ᠬᠣᠲᠠ ᠵᠢᠨ 2021 ᠣᠨ᠎ᠤ ᠠᠵᠤ ᠠᠬᠤᠶ ᠵᠢᠨ ᠣᠶ ᠵᠢᠨ ᠪᠠᠷᠢᠮᠵᠢᠶᠠᠵᠢᠭᠤᠯᠤᠯᠲᠠ ᠵᠢᠨ ᠵᠢᠱ᠌ᠢᠶ᠎ᠡ ᠦᠵᠡᠭᠦᠯᠬᠦ ᠬᠦᠷᠢᠶᠡᠯᠡᠩ᠎ᠤᠨ ᠪᠥᠲᠥᠭᠡᠨ ᠪᠠᠶ᠋ᠢᠭᠤᠯᠤᠯᠲᠠ ᠵᠢ ᠲᠤᠬᠠᠢ ᠵᠢᠨ ᠭᠠᠵᠠᠷ᠎ᠲᠤᠨᠢ ᠵᠢᠭ᠋ᠠᠨ ᠵᠢᠯᠣᠭᠣᠳᠪᠠ
ᠣᠨᠴᠠᠯᠢᠭᠲᠤ ᠳᠠᠷᠢᠵᠤ ᠲᠡᠵᠢᠭᠡᠬᠦ ᠦᠢ᠍ᠯᠡᠰ᠎ᠨᠢ ᠡᠯᠡᠰᠦ ᠵᠢ ᠨᠣᠭᠤᠭ᠋ᠠᠷᠠᠭᠤᠯᠵᠤ ᠠᠷᠠᠳ᠎ᠢ ᠪᠠᠶᠠᠵᠢᠭᠤᠯᠬᠤ 《ᠰᠢᠵᠢᠷ ᠠᠯᠲᠠᠨ ᠠᠵᠤ ᠦᠢ᠍ᠯᠡᠰ》 ᠪᠣᠯᠪᠠ
ᠭᠠᠳᠠᠰᠤ ᠦᠷᠡᠰ ᠮᠠᠯᠵᠢᠯ᠎ᠤᠨ ᠲᠠᠯᠠᠪᠠᠶ ᠣᠶ ᠰᠢᠭᠤᠶ ᠵᠢᠨ ᠬᠦᠨᠦᠭᠡᠯᠳᠤ ᠠᠮᠢᠳᠤ ᠪᠤᠳᠠᠰ᠎ᠢ ᠰᠡᠷᠭᠡᠶ᠋ᠢᠯᠡᠨ ᠵᠠᠰᠠᠬᠤ ᠠᠵᠢᠯ ᠥᠷᠨᠢᠭᠦᠯᠪᠡ
ᠲᠦᠩᠯᠢᠶᠣᠤ ᠬᠤᠲᠠ 3000 ᠲᠦᠮᠡᠨ ᠮᠥ᠍ ᠡᠯᠡᠰᠦᠷᠬᠡᠭᠵᠢᠭᠰᠡᠨ ᠭᠠᠵᠠᠷ᠎ᠢ ᠪᠦᠲᠦᠮᠵᠢᠲᠡᠶ ᠵᠠᠰᠠᠪᠠ
 
             蒙ICP备05000248号