《ᠪᠢ ᠣᠯᠠᠨ ᠲᠦᠮᠡᠨ᠎ᠳᠤ ᠦᠢ᠍ᠯᠡᠴᠢᠯᠡᠬᠦ》 ᠠᠵᠢᠯᠯᠠᠭ᠎ᠠ ᠵᠢ ᠦᠷᠭᠦᠯᠵᠢᠯᠡᠨ ᠠᠬᠢᠭᠤᠯᠵᠤ᠂ ᠪᠥᠬᠥ ᠬᠣᠲᠠ ᠵᠢᠨ ᠠᠵᠤ ᠠᠬᠤᠶ ᠵᠢᠨ ᠣᠶ ᠵᠢᠨ ᠪᠠᠷᠢᠮᠵᠢᠶᠠᠵᠢᠭᠤᠯᠤᠭᠰᠠᠨ ᠵᠢᠱ᠌ᠢᠶ᠎ᠡ ᠦᠵᠡᠭᠦᠯᠬᠦ ᠬᠦᠷᠢᠶᠡᠯᠡᠩ᠎ᠤᠨ ᠪᠥᠲᠥᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠵᠢᠨ ᠲᠥᠯᠥᠭᠡ᠂ 6 ᠰᠠᠷ᠎ᠠ ᠵᠢᠨ 24᠎ᠤ ᠡᠳᠦᠷ ᠪᠣᠯᠲᠠᠯ᠎ᠠ᠂ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠠᠵᠤ ᠦᠢ᠍ᠯᠡᠰ᠎ᠤᠨ ᠰᠠᠯᠠᠭ᠎ᠠ᠎ᠨᠢ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠡᠯ᠎ᠡ ᠬᠣᠰᠢᠭᠤ ᠰᠢᠶᠠᠨ ᠲᠣᠭᠣᠷᠢᠭ᠎ᠲᠤ ᠭᠦᠨᠵᠡᠭᠡᠶ᠋ᠢᠷᠡᠨ 2021 ᠣᠨ᠎ᠤ ᠰᠢᠨ᠎ᠡ᠎ᠪᠠᠷ ᠪᠠᠶ᠋ᠢᠭᠤᠯᠤᠭᠰᠠᠨ ᠠᠵᠤ ᠠᠬᠤᠶ ᠵᠢᠨ ᠣᠶ ᠵᠢᠨ ᠪᠠᠷᠢᠮᠵᠢᠶᠠᠵᠢᠭᠤᠯᠤᠭᠰᠠᠨ ᠵᠢᠱ᠌ᠢᠶ᠎ᠡ ᠦᠵᠡᠭᠦᠯᠬᠦ ᠬᠦᠷᠢᠶᠡᠯᠡᠩ᠎ᠳᠤ ᠮᠡᠷᠭᠡᠵᠢᠯ᠎ᠤᠨ ᠵᠢᠯᠣᠭᠣᠳᠣᠯᠭ᠎ᠠ ᠬᠢᠪᠡ᠃
ᠵᠢᠷᠭᠤᠭ᠋ᠠᠨ ᠰᠠᠷ᠎ᠠ ᠪᠣᠯ ᠰᠢᠨ᠎ᠡ᠎ᠪᠠᠷ ᠲᠠᠷᠢᠭᠰᠠᠨ ᠵᠢᠮᠢᠰ᠎ᠤᠨ ᠮᠣᠳᠣᠨ᠎ᠤ ᠤᠷᠭᠤᠯᠲᠠ ᠵᠢᠨ ᠵᠠᠩᠭᠢᠯᠠᠭ᠎ᠠ ᠵᠢᠨ ᠬᠤᠭᠤᠴᠠᠭ᠎ᠠ ᠪᠣᠯᠤᠨ᠎ᠠ᠂ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ᠎ᠤᠨ᠎ᠬᠢᠨ 15 ᠵᠢᠱ᠌ᠢᠶ᠎ᠡ ᠦᠵᠡᠭᠦᠯᠬᠦ ᠬᠦᠷᠢᠶᠡᠯᠡᠩ᠎ᠳᠤ ᠭᠦᠨᠵᠡᠭᠡᠶ᠋ᠢᠷᠡᠵᠦ᠂ ᠴᠢᠬᠢ ᠮᠣᠳᠣᠨ᠎ᠤ ᠤᠷᠭᠤᠯᠲᠠ ᠪᠠ ᠤᠷᠭᠤᠯᠲᠠ ᠵᠢᠨ ᠪᠠᠶ᠋ᠢᠳᠠᠯ᠎ᠢ ᠨᠠᠷᠢᠨ ᠬᠢᠨᠠᠮᠠᠭ᠋ᠠᠶ ᠪᠠᠶ᠋ᠢᠴᠠᠭ᠋ᠠᠨ ᠦᠵᠡᠪᠡ᠃ ᠣᠨᠴᠠ ᠵᠠᠷᠢᠮ ᠡᠳᠡᠭᠡᠷᠡᠯᠲᠡ ᠵᠢᠨ ᠨᠣᠷᠮ᠎ᠠ ᠥᠨᠳᠥᠷ ᠪᠤᠰᠤ ᠠᠰᠠᠭᠤᠳᠠᠯ᠎ᠤᠨ ᠰᠢᠯᠲᠠᠭ᠋ᠠᠨ᠎ᠢ᠎ᠨᠢ ᠡᠷᠢᠨ ᠭᠠᠷᠭ᠋ᠠᠵᠤ᠂ ᠠᠷᠠᠴᠢᠯᠠᠨ ᠤᠷᠭᠤᠭᠤᠯᠬᠤ ᠠᠷᠭ᠎ᠠ ᠬᠡᠮᠵᠢᠶ᠎ᠡ ᠳᠤᠷᠠᠳᠪᠠ᠃ ᠡᠭᠦᠨ᠎ᠤ ᠬᠠᠮᠲᠤ᠂ ᠲᠤᠰᠬᠠᠶ ᠮᠡᠷᠭᠡᠵᠢᠯᠲᠡᠳ ᠵᠢᠮᠢᠰ᠎ᠤᠨ ᠬᠦᠷᠢᠶᠡᠯᠡᠩ᠎ᠤᠨ ᠭᠤᠤ ᠰᠤᠪᠠᠭ᠎ᠤᠨ ᠲᠥᠯᠥᠪᠵᠢᠭᠦᠯᠭᠡ᠂ ᠬᠠᠯᠬᠠᠪᠴᠢ ᠣᠶ ᠵᠢᠨ ᠪᠥᠲᠥᠭᠡᠨ ᠪᠠᠶ᠋ᠢᠭᠤᠯᠤᠯᠲᠠ᠂ ᠵᠢᠮᠢᠰ᠎ᠤᠨ ᠮᠣᠳᠣᠨ᠎ᠤ ᠵᠠᠯᠭ᠋ᠠᠭ᠋ᠠᠳᠠᠰᠤ ᠵᠢ ᠰᠣᠩᠭᠣᠬᠤ᠂ ᠵᠠᠰᠠᠵᠤ ᠬᠠᠢ᠌ᠴᠢᠯᠠᠬᠤ᠂ ᠡᠪᠡᠳᠴᠢᠨ ᠬᠣᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠵᠡᠷᠭᠡ ᠲᠠᠯ᠎ᠠ᠎ᠪᠠᠷ ᠵᠢᠱ᠌ᠢᠶ᠎ᠡ ᠦᠵᠡᠭᠦᠯᠬᠦ ᠬᠦᠷᠢᠶᠡᠯᠡᠩ᠎ᠤᠨ ᠮᠡᠷᠭᠡᠵᠢᠯᠲᠡᠨ᠎ᠲᠠᠢ ᠭᠦᠨᠵᠡᠭᠡᠶ ᠰᠣᠯᠢᠯᠴᠠᠵᠤ᠂ ᠵᠠᠷᠢᠮ ᠪᠤᠷᠤᠭᠤ ᠠᠷᠠᠴᠢᠯᠠᠭ᠎ᠠ ᠵᠢ ᠲᠤᠬᠠᠶ ᠵᠢᠨ ᠲᠠᠯᠠᠪᠠᠶ᠎ᠳᠤ᠎ᠨᠢ ᠵᠠᠯᠠᠷᠠᠭᠤᠯᠵᠤ᠂ ᠪᠣᠳᠠᠲᠠᠶ ᠣᠷᠣᠰᠢᠵᠤ ᠪᠠᠶ᠋ᠢᠭ᠎ᠠ ᠲᠥᠭᠡᠷᠢᠭᠳᠡᠯ ᠪᠣᠯᠤᠨ ᠮᠡᠷᠭᠡᠵᠢᠯ᠎ᠤᠨ ᠬᠦᠴᠢᠷ ᠠᠰᠠᠭᠤᠳᠠᠯ᠎ᠢ ᠰᠢᠢ᠍ᠳᠪᠦᠷᠢᠯᠡᠪᠡ᠃
ᠲᠠᠷᠠᠭ᠋ᠠᠴᠢ ᠵᠢᠨ ᠠᠯᠬᠤᠮ᠎ᠳᠤ᠂ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠠᠵᠢᠯᠲᠠᠨ ᠪᠠ ᠮᠡᠷᠭᠡᠵᠢᠯ᠎ᠤᠨ ᠳᠠᠪᠠᠭᠤᠯᠢᠭ ᠵᠶ᠋ᠠᠨ ᠬᠦᠢ᠍ᠴᠡᠳ ᠪᠠᠳᠠᠷᠠᠭᠤᠯᠵᠤ᠂ ᠦᠷᠭᠦᠯᠵᠢᠯᠡᠨ ᠪᠥᠬᠥ ᠬᠣᠲᠠ ᠵᠢᠨ ᠠᠵᠤ ᠠᠬᠤᠶ ᠵᠢᠨ ᠣᠶ ᠵᠢᠨ ᠪᠠᠷᠢᠮᠵᠢᠶᠠᠵᠢᠭᠤᠯᠤᠭᠰᠠᠨ ᠵᠢᠱ᠌ᠢᠶ᠎ᠡ ᠦᠵᠡᠭᠦᠯᠬᠦ ᠬᠦᠷᠢᠶᠡᠯᠡᠩ᠎ᠤᠨ ᠪᠥᠲᠥᠭᠡᠨ ᠪᠠᠶ᠋ᠢᠭᠤᠯᠤᠯᠲᠠ ᠵᠢᠨ ᠪᠤᠳᠠᠲᠠᠢ᠎ᠳᠤ ᠰᠠᠭᠤᠷᠢᠯᠠᠵᠤ᠂ ᠪᠤᠯᠪᠠᠰᠤᠷᠠᠭᠤᠯᠤᠯ᠂ ᠬᠢᠴᠢᠶᠡᠯᠡᠯᠬᠡ᠂ ᠲᠤᠬᠠᠢ ᠵᠢᠨ ᠲᠠᠯᠠᠪᠠᠢ ᠵᠢᠨ ᠵᠢᠯᠤᠭᠤᠳᠤᠯᠭ᠎ᠠ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ ᠥᠷᠭᠡᠨ ᠣᠯᠠᠨ ᠠᠵᠤ ᠠᠬᠤᠶ ᠵᠢᠨ ᠣᠶ ᠵᠢᠨ ᠠᠵᠤ ᠠᠬᠤᠶ᠋ᠢᠯᠠᠯ ᠪᠠ ᠵᠢᠮᠢᠰ᠎ᠤᠨ ᠲᠠᠷᠢᠶᠠᠴᠢᠳ᠎ᠲᠤ ᠮᠡᠷᠭᠡᠵᠢᠯ᠎ᠤᠨ ᠵᠢᠯᠣᠭᠣᠳᠣᠯᠭ᠎ᠠ ᠬᠠᠩᠭ᠋ᠠᠵᠤ᠂ ᠪᠥᠬᠥ ᠬᠣᠲᠠ ᠵᠢᠨ ᠠᠵᠤ ᠠᠬᠤᠶ ᠵᠢᠨ ᠣᠶ ᠵᠢᠨ ᠪᠠᠷᠢᠮᠵᠢᠶᠠᠵᠢᠭᠤᠯᠤᠭᠰᠠᠨ ᠵᠢᠱ᠌ᠢᠶ᠎ᠡ ᠦᠵᠡᠭᠦᠯᠬᠦ ᠬᠦᠷᠢᠶᠡᠯᠡᠩ᠎ᠤᠨ ᠪᠥᠲᠥᠭᠡᠨ ᠪᠠᠶ᠋ᠢᠭᠤᠯᠤᠯᠲᠠ᠎ᠳᠤ ᠪᠠᠲᠤᠯᠠᠭ᠎ᠠ ᠬᠠᠩᠭ᠋ᠠᠵᠤ᠂ ᠪᠥᠲᠥᠭᠡᠨ ᠪᠠᠶ᠋ᠢᠭᠤᠯᠤᠯᠲᠠ ᠵᠢᠨ ᠦᠷ᠎ᠡ ᠪᠦᠲᠦᠮᠵᠢ ᠵᠢ ᠪᠠᠲᠤᠯᠠᠪᠠ᠃ (ᠨᠢ ᠸᠧᠢ)