ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠣᠨᠴᠠᠯᠢᠭᠲᠤ ᠳᠠᠷᠢᠵᠤ ᠲᠡᠵᠢᠭᠡᠬᠦ ᠦᠢ᠍ᠯᠡᠰ᠎ᠨᠢ ᠡᠯᠡᠰᠦ ᠵᠢ ᠨᠣᠭᠤᠭ᠋ᠠᠷᠠᠭᠤᠯᠵᠤ ᠠᠷᠠᠳ᠎ᠢ ᠪᠠᠶᠠᠵᠢᠭᠤᠯᠬᠤ 《ᠰᠢᠵᠢᠷ ᠠᠯᠲᠠᠨ ᠠᠵᠤ ᠦᠢ᠍ᠯᠡᠰ》 ᠪᠣᠯᠪᠠ
ᠨᠡᠶ᠋ᠢᠲᠡᠯᠡᠭᠰᠡᠨ ᠴᠠᠭ᠄ 2021-06-21

      ᠠᠯᠠᠱ᠌ᠠ ᠠᠶ᠋ᠢᠮᠠᠭ᠎ᠤᠨ ᠠᠮᠢ ᠠᠬᠤᠶ ᠲᠦᠢ᠍ᠯ᠎ᠤᠨ ᠬᠡᠪᠡᠷᠡᠭ᠄ 27 ᠲᠦᠮᠡᠨ ᠲᠡᠭᠰᠢ ᠳᠥᠷᠪᠡᠯᠵᠢᠨ ᠺᠢᠯᠤᠮᠸᠲᠷ   ᠨᠤᠲᠤᠭ ᠳᠡᠪᠢᠰᠬᠡᠷ ᠳᠡᠭᠡᠷ᠎ᠡ᠂ ᠡᠯᠡᠰᠦᠨ ᠴᠦᠯ᠂ ᠭᠤᠪᠢ᠂ ᠴᠥᠯᠯᠡᠷᠬᠡᠭᠵᠢᠭᠰᠡᠨ ᠨᠤᠲᠤᠭ ᠪᠡᠯᠴᠢᠭᠡᠷ ᠲᠤᠰ ᠲᠤᠰ ᠭᠤᠷᠪᠠᠨ᠎ᠤ ᠨᠢᠭᠡ ᠵᠢ ᠡᠵᠡᠯᠡᠵᠦ᠂ ᠠᠮᠢ ᠠᠬᠤᠶ ᠵᠢᠨ ᠬᠡᠪᠡᠷᠡᠭ ᠣᠷᠣᠨ ᠪᠦᠬᠦᠯᠢ ᠴᠣᠭᠴᠠ ᠵᠢᠨ ᠲᠠᠯᠠᠪᠠᠶ ᠵᠢᠨ 94% ᠵᠢ ᠡᠵᠡᠯᠡᠪᠡ᠃ ᠡᠶ᠋ᠢᠮᠦᠷᠬᠦ ᠠᠮᠢ ᠠᠬᠤᠢ ᠵᠢᠨ ᠨᠥᠬᠦᠴᠡᠯ᠎ᠤᠨ ᠡᠮᠦᠨ᠎ᠡ᠂ ᠠᠯᠠᠱ᠌ᠠᠴᠤᠳ ᠠᠶᠤᠵᠤ ᠰᠦᠷᠳᠡᠭᠰᠡᠨ ᠦᠭᠡᠢ᠂ ᠬᠠᠷᠢᠨ ᠭᠠᠵᠠᠷ ᠣᠷᠣᠨ᠎ᠤ ᠪᠤᠳᠠᠳᠠᠢ ᠪᠠᠶ᠋ᠢᠳᠠᠯ᠎ᠳᠠᠭᠠᠨ ᠲᠤᠬᠢᠷᠠᠭᠤᠯᠤᠨ᠂ ᠪᠣᠬᠢᠷᠲᠤᠯ ᠦᠭᠡᠢ ᠬᠥᠭᠵᠢᠯᠳᠠ ᠵᠢᠨ ᠵᠠᠮ᠎ᠢ ᠬᠠᠶ᠋ᠢᠵᠤ᠂ ᠲᠠᠪᠠᠭᠤᠯᠢᠭ ᠵᠶ᠋ᠠᠨ ᠪᠠᠳᠠᠷᠠᠭᠤᠯᠤᠨ ᠬᠦᠷᠦᠯᠴᠡᠬᠦ ᠦᠭᠡᠢ ᠲᠠᠯ᠎ᠠ᠎ᠪᠠᠨ ᠨᠥᠬᠦᠪᠥᠷᠢᠯᠡᠵᠦ᠂ ᠡᠯᠡᠰᠦᠨ ᠲᠠᠯᠠᠢ᠎ᠠᠴᠠ ᠠᠯᠳᠠ ᠮᠠᠯᠲᠠᠵᠤ᠂ ᠰᠢᠷᠭ᠋ᠠᠯ ᠡᠯᠡᠰᠦᠨ᠎ᠠᠴᠠ ᠤᠨᠴᠠᠯᠢᠬᠳᠤ 《ᠰᠢᠵᠢᠷ ᠠᠯᠳᠠᠨ ᠠᠵᠤ ᠦᠢ᠍ᠯᠡᠰ》᠎ᠢ ᠬᠠᠶ᠋ᠢᠵᠤ ᠤᠯᠤᠬᠰᠠᠨ ᠪᠠᠶ᠋ᠢᠨ᠎ᠠ᠃



      ᠣᠯᠠᠨ ᠵᠢᠯ᠎ᠤᠨ ᠲᠤᠷᠰᠢ᠂ ᠠᠯᠠᠱ᠌ᠠ ᠠᠶ᠋ᠢᠮᠠᠭ ᠠᠮᠢ ᠠᠬᠤᠶ ᠵᠢᠨ ᠬᠠᠮᠠᠭ᠋ᠠᠯᠠᠯᠲᠠ ᠪᠥᠲᠥᠭᠡᠨ ᠪᠠᠶ᠋ᠢᠭᠤᠯᠤᠯᠲᠠ ᠵᠢᠨ ᠳᠤᠮᠳᠠ ᠴᠦᠯᠯᠡᠷᠭᠡᠭᠵᠢᠯ᠎ᠢ ᠰᠡᠷᠭᠡᠶ᠋ᠢᠯᠡᠨ ᠵᠠᠰᠠᠬᠤ᠂ ᠡᠯᠡᠰᠦᠷᠬᠡᠭᠵᠢᠯ᠎ᠢ ᠰᠡᠷᠭᠡᠶ᠋ᠢᠯᠡᠨ ᠵᠠᠰᠠᠬᠤ ᠪᠠ ᠡᠯᠡᠰᠦᠨ᠎ᠤ ᠠᠵᠤ ᠦᠢ᠍ᠯᠡᠰ᠎ᠤᠨ ᠬᠥᠭᠵᠢᠯᠲᠡ ᠵᠢ ᠣᠷᠭ᠋ᠠᠨᠢᠭ ᠵᠶ᠋ᠠᠷ ᠠᠭᠤᠰᠤᠯᠴᠠᠭᠤᠯᠵᠤ᠂ ᠣᠨᠴᠠᠯᠢᠭᠲᠤ ᠳᠠᠪᠠᠭᠤᠯᠢᠭ ᠠᠵᠤ ᠦᠢ᠍ᠯᠡᠰ᠎ᠲᠤ ᠠᠩᠬᠠᠷᠤᠯ ᠵᠶ᠋ᠠᠨ ᠲᠥᠪᠯᠡᠷᠡᠭᠦᠯᠦᠨ᠂ ᠡᠯᠡᠰᠦᠨ᠎ᠤ ᠡᠬᠢ ᠪᠠᠶᠠᠯᠢᠭ᠎ᠢ ᠬᠦᠢ᠍ᠴᠡᠳ ᠠᠰᠢᠬᠯᠠᠵᠤ᠂ ᠴᠠᠭ᠋ᠠᠨ ᠭᠤᠶᠣᠣ᠂ ᠤᠯᠠᠭ᠋ᠠᠨ ᠭᠤᠶᠣᠣ᠂ ᠡᠯᠡᠰᠦᠷᠬᠡᠭ ᠭᠠᠵᠠᠷ᠎ᠤᠨ ᠦᠵᠦᠮ᠂ ᠬᠤᠤᠰ ᠪᠥᠬᠦᠲᠦ ᠲᠡᠮᠡᠭᠡ ᠵᠡᠷᠭᠡ᠎ᠪᠠᠷ ᠭᠤᠤᠯ ᠪᠣᠯᠭ᠋ᠠᠭᠰᠠᠨ ᠣᠨᠴᠠᠯᠢᠭᠲᠤ ᠡᠯᠡᠰᠦᠨ᠎ᠤ ᠠᠵᠤ ᠦᠢ᠍ᠯᠡᠰ᠎ᠢ ᠢᠳᠡᠪᠬᠢᠲᠡᠶ ᠪᠤᠶ᠋ᠢᠵᠢᠭᠤᠯᠤᠨ ᠬᠥᠭᠵᠢᠭᠦᠯᠵᠦ ᠢᠯᠡᠳᠳᠡ ᠦᠷ᠎ᠡ ᠠᠰᠢᠭ ᠣᠯᠵᠠᠶ᠃ ᠪᠦᠬᠦ ᠠᠶ᠋ᠢᠮᠠᠭ᠎ᠲᠤ ᠡᠯᠡᠰᠦᠨ᠎ᠤ ᠠᠵᠤ ᠦᠢ᠍ᠯᠡᠰ ᠡᠷᠬᠢᠯᠡᠵᠦ ᠪᠠᠶ᠋ᠢᠭ᠎ᠠ ᠬᠡᠪᠴᠢᠶᠡᠵᠢᠭᠰᠡᠨ ᠠᠵᠤ ᠠᠬᠤᠶ᠋ᠢᠯᠠᠯ 44 ᠪᠠᠶ᠋ᠢᠵᠤ᠂ ᠲᠠᠷᠢᠵᠤ ᠤᠷᠭᠤᠭᠤᠯᠬᠤ ᠲᠡᠵᠢᠭᠡᠨ ᠦᠷᠡᠵᠢᠬᠦᠯᠬᠦ ᠲᠤᠰᠬᠠᠢ ᠬᠤᠷᠰᠢᠶ᠎ᠠ 823 ᠪᠠᠶ᠋ᠢᠨ᠎ᠠ᠃ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠬᠤᠭᠤᠴᠠᠭ᠋ᠠᠨ᠎ᠳᠤ᠂ ᠪᠥᠬᠦ ᠠᠶ᠋ᠢᠮᠠᠭ᠎ᠤᠨ ᠣᠶ ᠰᠢᠭᠤᠶ ᠡᠯᠡᠰᠦᠨ᠎ᠤ ᠠᠵᠤ ᠦᠢ᠍ᠯᠡᠰ᠎ᠤᠨ ᠦᠢ᠍ᠯᠡᠳᠬᠦᠨ᠎ᠤ ᠥᠷᠲᠡᠭ 1999.5 ᠳ᠋ᠦᠩᠰᠢᠭᠤᠷ ᠲᠥᠭᠦᠷᠢᠭ᠎ᠲᠤ ᠬᠦᠷᠴᠦ᠂ ᠰᠢᠭᠤᠳ ᠪᠤᠶᠤ ᠳᠠᠮ ᠵᠶ᠋ᠠᠷ ᠡᠯᠡᠰᠦᠨ᠎ᠤ ᠠᠵᠤ ᠦᠢ᠍ᠯᠡᠰ ᠡᠷᠭᠢᠯᠡᠵᠦ ᠪᠠᠶ᠋ᠢᠭ᠎ᠠ ᠮᠠᠯᠴᠢᠨ ᠲᠠᠷᠢᠶᠠᠴᠢᠨ 3 ᠲᠦᠮᠡ ᠭᠠᠷᠤᠶ ᠬᠥᠮᠦᠨ ᠪᠠᠶ᠋ᠢᠵᠤ᠂ ᠬᠥᠮᠦᠨ ᠳᠤᠮᠳᠠᠴᠢ ᠵᠢᠨ ᠵᠢᠯ᠎ᠤᠨ ᠣᠷᠣᠯᠭ᠎ᠠ᠎ᠨᠢ 3᠎ᠠᠴᠠ 5 ᠲᠦᠮᠡᠨ ᠲᠥᠭᠦᠷᠢᠭ᠎ᠲᠤ ᠬᠦᠷᠴᠡᠶ᠃


      ᠠᠮᠢ ᠠᠬᠤᠢ ᠵᠢᠨ ᠡᠯᠡᠰᠦ᠎ᠠᠴᠠ ᠰᠢᠨ᠎ᠡ ᠠᠵᠤ ᠦᠢ᠍ᠯᠡᠰ ᠪᠤᠢ ᠪᠤᠯᠵᠦ ᠡᠯᠡᠰᠦ ᠵᠢ ᠨᠤᠭᠤᠭ᠋ᠠᠷᠠᠭᠤᠯᠵᠤ ᠠᠷᠠᠳ᠎ᠢ ᠪᠠᠶᠠᠵᠢᠭᠤᠯᠪᠠ

      ᠸᠠᠩ ᠬᠤᠢ ᠵᠢᠶᠦ᠋ᠨ ᠪᠣᠯ ᠠᠯᠠᠱ᠌ᠠ ᠵᠡᠭᠦᠨ ᠬᠤᠰᠢᠭᠤᠨ᠎ᠤ ᠵᠡᠬᠦᠨ ᠪᠡᠯ ᠪᠠᠯᠭ᠋ᠠᠰᠤᠨ᠎ᠤ ᠮᠠᠩᠯᠠᠢ ᠭᠠᠴᠠᠭ᠎ᠠ ᠵᠢᠨ ᠮᠠᠯᠴᠢᠨ᠃ ᠡᠨᠡ ᠬᠡᠳᠦᠨ ᠡᠳᠦᠷ᠂ ᠲᠡᠭᠦᠨ᠎ᠤ ᠲᠠᠷᠢᠭᠰᠠᠨ 3000 ᠮᠦ᠍ ᠴᠠᠭ᠋ᠠᠨ ᠭᠤᠶᠣᠣ ᠡᠯᠪᠡᠭ ᠬᠤᠷᠢᠶᠠᠯᠲᠠ ᠣᠯᠵᠠᠢ᠃ 《ᠡᠨᠡ ᠤᠳᠠᠭ᠎ᠠ ᠨᠡᠶ᠋ᠢᠲᠡ 5000 ᠭᠠᠷᠤᠶ ᠵᠢᠩ ᠴᠠᠭ᠋ᠠᠨ ᠭᠤᠶᠣᠣ ᠬᠤᠷᠢᠶᠠᠵᠦ᠂ ᠵᠠᠬ᠎ᠠ ᠳᠡᠯᠭᠡᠭᠦᠷ᠎ᠤᠨ ᠦᠨ᠎ᠡ᠎ᠪᠠᠷ ᠨᠢᠭᠡ ᠺᠢᠯᠣᠭ᠌ᠷᠠᠮ᠎ᠢ᠎ᠨᠢ 20 ᠲᠥᠭᠦᠷᠢᠭ ᠵᠶ᠋ᠠᠷ ᠬᠤᠳᠠᠯᠳᠤᠬᠤ᠎ᠳᠤ 5 ᠲᠦᠮᠡ ᠭᠠᠷᠤᠶ ᠲᠥᠭᠦᠷᠢᠭ ᠤᠷᠤᠯᠭ᠎ᠠ ᠤᠯᠬᠤ᠎ᠳᠤ ᠠᠰᠠᠭᠤᠳᠠᠯ ᠦᠭᠡᠶ᠃ ᠨᠠᠮᠤᠷ ᠪᠠᠰᠠ ᠨᠢᠭᠡ ᠤᠳᠠᠭ᠎ᠠ ᠬᠤᠷᠢᠶᠠᠬᠤ ᠤᠴᠢᠷ᠎ᠠᠴᠠ ᠵᠢᠯ᠎ᠳᠤ ᠴᠠᠭ᠋ᠠᠨ ᠭᠤᠶᠣᠣ ᠬᠤᠳᠠᠯᠳᠤᠭ᠋ᠠᠳ 8 ᠲᠦᠮᠡ ᠭᠠᠷᠤᠶ ᠲᠥᠭᠦᠷᠢᠭ ᠣᠯᠤᠨ᠎ᠠ᠂ ᠡᠭᠦᠨ᠎ᠤ ᠳᠡᠭᠡᠷ᠎ᠡ ᠮᠠᠨ᠎ᠤ ᠭᠤᠷᠪᠠᠨ ᠠᠮᠠ ᠪᠦᠯᠢ ᠵᠢᠨ ᠪᠡᠯᠴᠢᠭᠡᠷᠯᠡᠭᠦᠯᠬᠦ ᠵᠢ ᠵᠤᠬᠰᠤᠭ᠋ᠠᠬᠤ ᠨᠥᠬᠦᠪᠥᠷᠢ ᠪᠣᠯᠤᠨ ᠮᠢᠨᠦ ᠣᠢ ᠬᠠᠮᠠᠭ᠋ᠠᠯᠠᠭᠴᠢ ᠵᠢᠨ ᠴᠠᠯᠢᠩ᠎ᠢ ᠨᠡᠮᠡᠪᠡᠯ᠂ ᠵᠢᠯ᠎ᠳᠤ ᠠᠷᠪᠠᠨ ᠳᠥᠷᠪᠡ ᠲᠠᠪᠤᠨ ᠲᠦᠮᠡᠨ ᠲᠥᠭᠦᠷᠢᠭ ᠤᠯᠵᠦ ᠲᠡᠶ᠋ᠢᠯᠦᠨ᠎ᠡ》 ᠭᠡᠵᠦ ᠴᠠᠭ᠋ᠠᠨ ᠭᠤᠶᠣᠣ ᠳᠠᠷᠢᠵᠦ ᠠᠮᠢᠳᠤᠷᠠᠯ ᠵᠶ᠋ᠠᠨ ᠦᠬᠡᠳᠡ ᠲᠠᠲᠠᠬᠰᠠᠨ ᠲᠤᠬᠠᠢ ᠶᠠᠷᠢᠬᠤ᠎ᠳᠤ ᠸᠠᠩ ᠬᠤᠢ ᠵᠢᠶᠦ᠋ᠨ᠎ᠤ ᠴᠢᠷᠠᠢ᠎ᠳᠤ ᠪᠠᠶᠠᠷ ᠪᠠᠭ᠍ᠠᠳᠤᠯ ᠵᠶ᠋ᠠᠷ ᠪᠢᠯᠬᠠᠮ᠎ᠠ ᠪᠠᠶ᠋ᠢᠯ᠎ᠠ᠃

      ᠣᠶ᠋ᠢᠷ᠎ᠠ ᠵᠢᠨ ᠵᠢᠯ᠎ᠳᠤ᠂ ᠠᠯᠠᠱ᠌ᠠ ᠠᠶ᠋ᠢᠮᠠᠭ ᠠᠮᠢ ᠠᠬᠤᠶ ᠵᠢ ᠳᠡᠷᠢᠬᠦᠨ᠎ᠳᠤ ᠳᠠᠯᠪᠢᠭᠰᠠᠨ ᠪᠣᠬᠢᠷᠲᠤᠯ ᠦᠭᠡᠶ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ᠂ ᠨᠣᠭᠤᠭ᠋ᠠᠷᠠᠭᠤᠯᠤᠯᠲᠠ ᠵᠢᠨ ᠠᠬᠢᠴᠠ ᠪᠠ ᠠᠮᠢ ᠠᠬᠤᠶ ᠵᠢᠨ ᠪᠠᠶ᠋ᠢᠭᠤᠯᠤᠯᠲᠠ ᠵᠢᠨ ᠠᠯᠬᠤᠴᠠ ᠵᠢ ᠲᠦᠷᠭᠡᠳᠬᠡᠨ ᠠᠬᠢᠭᠤᠯᠵᠤ᠂ ᠵᠠᠬ᠎ᠤᠨ ᠤᠢ ᠵᠡᠷᠭᠡ ᠡᠯᠪᠡᠭ ᠪᠠᠶᠠᠯᠢᠭ ᠡᠯᠡᠰᠦᠨ᠎ᠤ ᠤᠷᠭᠤᠮᠠᠯ᠎ᠤᠨ ᠡᠬᠢ ᠪᠠᠶᠠᠯᠢᠭ᠎ᠲᠤ ᠲᠦᠰᠢᠭᠯᠡᠨ᠂ ᠦᠷ᠎ᠡ ᠠᠰᠢᠬ᠎ᠢ ᠨᠡᠮᠡᠭᠳᠡᠬᠦᠯᠤᠨ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤ ᠳᠣᠭᠢᠷᠠᠭᠤᠯᠤᠨ ᠴᠠᠭ᠋ᠠᠨ ᠭᠤᠶᠣᠣ᠂ ᠤᠯᠠᠭ᠋ᠠᠨ ᠭᠤᠶᠤᠤ᠂ ᠡᠯᠡᠰᠦᠷᠬᠡᠭ ᠭᠠᠵᠠᠷ᠎ᠤᠨ ᠦᠵᠦᠮ ᠵᠡᠷᠭᠡ᠎ᠪᠠᠷ ᠭᠤᠤᠯ ᠪᠣᠯᠭ᠋ᠠᠭᠰᠠᠨ ᠣᠨᠴᠠᠯᠢᠠᠠᠳᠣ ᠡᠯᠡᠰᠦᠨ᠎ᠤ ᠠᠵᠤ ᠦᠢ᠍ᠯᠡᠰ᠎ᠢ ᠬᠦᠴᠦᠯᠡᠨ ᠪᠤᠶ᠋ᠢᠵᠢᠭᠤᠯᠵᠤ᠂ ᠠᠮᠢ ᠠᠬᠤᠶ ᠵᠢᠨ ᠵᠠᠰᠠᠯᠲᠠ ᠪᠠ ᠣᠷᠴᠢᠨ ᠲᠣᠭᠤᠷᠢᠨ᠎ᠤ ᠬᠠᠮᠠᠭ᠋ᠠᠯᠠᠯᠲᠠ ᠬᠢᠭᠡᠳ ᠠᠵᠤ ᠠᠬᠤᠢ ᠵᠢᠨ ᠬᠥᠭᠵᠢᠯᠲᠡ ᠵᠢᠨ ᠬᠠᠮᠲᠤ᠎ᠪᠠᠷ ᠠᠰᠢᠭ ᠭᠥᠷᠳᠡᠬᠦ ᠵᠢ ᠪᠡᠶᠡᠯᠡᠭᠦᠯᠪᠡ᠃


     《ᠠᠮᠢ ᠠᠬᠤᠢ ᠨᠤᠭᠤᠭ᠋ᠠᠨ ᠵᠶ᠋ᠠᠷ ᠵᠶ᠋ᠠᠨ ᠪᠠᠶ᠋ᠢᠪᠠᠯ ᠪᠢᠳᠠ ᠵᠢᠷᠭ᠋ᠠᠯᠳᠤ ᠠᠮᠢᠳᠤᠷᠠᠯ᠎ᠢ ᠡᠳ᠋ᠯᠡᠵᠦ ᠲᠡᠶ᠋ᠢᠯᠦᠨ᠎ᠡ》 ᠭᠡᠵᠦ ᠸᠠᠩ ᠬᠤᠢ ᠵᠢᠶᠦ᠋ᠨ ᠲᠤᠬᠳᠤᠯᠤᠬᠰᠠᠨ ᠰᠡᠳᠬᠢᠯ ᠵᠶ᠋ᠠᠨ ᠲᠠᠷᠤᠵᠤ ᠶᠠᠳᠠᠨ ᠶᠠᠷᠢᠨ᠎ᠠ᠃ ᠥᠩᠭᠡᠷᠡᠭᠰᠡᠨ᠎ᠳᠤ᠂ ᠮᠠᠩᠯᠠᠢ ᠭᠠᠴᠠᠭ᠋ᠠᠨ᠎ᠳᠤ ᠡᠯᠡᠰᠦ ᠰᠢᠷᠣᠢ ᠪᠤᠵᠢᠬᠢᠨᠠᠨ᠂ ᠸᠠᠩ ᠬᠤᠢ ᠵᠢᠶᠦ᠋ᠨ᠎ᠤ᠎ᠬᠢᠨ ᠬᠤᠨᠢ ᠲᠡᠵᠢᠭᠡᠨ ᠠᠮᠢᠲᠤᠷᠠᠯ ᠵᠶ᠋ᠠᠨ ᠠᠷᠭ᠋ᠠᠴᠠᠭ᠋ᠠᠵᠦ ᠪᠠᠶ᠋ᠢᠪᠠ᠃ ᠭᠡᠪᠡᠴᠦ ᠨᠤᠲᠤᠭ ᠪᠡᠯᠴᠢᠭᠡᠷ ᠲᠠᠴᠢᠷᠰᠢᠬᠰᠠᠨ ᠪᠤᠯᠬᠤᠷ ᠡᠪᠡᠰᠦ ᠪᠣᠷᠳᠤᠭ᠎ᠠ ᠬᠤᠳᠠᠯᠳᠤᠨ ᠠᠪᠴᠤ ᠬᠤᠨᠢ᠎ᠪᠠᠨ ᠲᠡᠵᠢᠭᠡᠨ᠂ ᠵᠢᠯ᠎ᠳᠡᠭᠡᠨ ᠰᠤᠬᠤᠷ ᠵᠣᠭᠤᠰ᠎ᠤᠨ ᠤᠷᠤᠯᠭ᠎ᠠ ᠴᠤ᠌ ᠤᠯᠬᠤ ᠦᠭᠡᠢ ᠪᠤᠯᠬᠤᠷ 2003 ᠣᠨ᠎ᠳᠤ ᠠᠷᠭ᠎ᠠ ᠪᠤᠰᠤ ᠭᠠᠳᠠᠨ᠎ᠠ ᠭᠠᠷᠴᠤ ᠬᠥᠯᠥᠰᠥᠨ ᠠᠵᠢᠯ ᠬᠢᠬᠦ᠎ᠪᠠᠷ ᠶᠠᠪᠤᠪᠠ᠃ 2011 ᠣᠨ᠎ᠳᠤ᠂ ᠠᠯᠠᠱ᠌ᠠ ᠵᠡᠭᠦᠨ ᠬᠤᠰᠢᠭᠤ ᠵᠠᠭᠤᠨ ᠲᠦᠮᠡᠨ ᠮᠦ᠍ ᠵᠠᠬ ᠮᠤᠳᠤ ᠴᠠᠭ᠋ᠠᠨ ᠭᠤᠶᠣᠣ ᠵᠢᠨ ᠠᠵᠤ ᠦᠢ᠍ᠯᠡᠰ᠎ᠤᠨ ᠰᠠᠭᠤᠷᠢᠨ᠎ᠤ ᠪᠦᠲᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠡᠬᠢᠯᠡᠭᠦᠯᠦᠭᠰᠡᠨ᠎ᠠᠴᠠ ᠲᠡᠷᠡ ᠨᠤᠲᠤᠭ᠎ᠲᠠᠭᠠᠨ ᠪᠤᠴᠠᠵᠤ᠂ ᠵᠠᠬ ᠮᠤᠳᠤ ᠵᠠᠶ᠋ᠢᠯᠠᠵᠤ ᠴᠠᠭ᠋ᠠᠨ ᠭᠤᠶᠣᠣ ᠲᠠᠷᠢᠵᠦ ᠡᠬᠢᠯᠡᠭᠡᠳ ᠤᠳᠤᠬᠠᠨ᠂ ᠸᠠᠩ ᠬᠤᠶ ᠵᠢᠶᠦ᠋ᠨ᠎ᠤ ᠣᠷᠤᠯᠭ᠎ᠠ ᠲᠠᠰᠤᠷᠠᠯᠲᠠ ᠦᠭᠡᠶ ᠨᠡᠮᠡᠭᠳᠡᠵᠦ᠂ ᠠᠮᠢᠳᠤᠷᠠᠯ᠎ᠳᠤᠨᠢ ᠯᠤᠲᠤ ᠶᠡᠭᠡ ᠬᠤᠪᠢᠷᠠᠯᠲᠠ ᠭᠠᠷᠪᠠ᠃

      ᠠᠮᠢ ᠠᠬᠤᠶ ᠵᠢᠨ ᠡᠯᠡᠰᠦᠨ᠎ᠤ ᠰᠢᠨ᠎ᠡ ᠠᠵᠤ ᠦᠢ᠍ᠯᠡᠰ᠎ᠤᠨ ᠬᠥᠭᠵᠢᠯᠲᠡ᠎ᠨᠢ ᠮᠥᠨ ᠴᠦ᠍ ᠲᠠᠭ᠋ᠠᠭᠤᠯᠤᠭᠴᠢ ᠠᠵᠤ ᠠᠬᠤᠶ᠋ᠢᠯᠠᠯ᠎ᠤᠨ ᠳᠠᠶ᠋ᠢᠴᠢᠯᠠᠯᠲᠠ᠎ᠠᠴᠠ ᠰᠠᠯᠵᠤ ᠴᠢᠳᠠᠬᠤ ᠥᠬᠡᠶ ᠶᠤᠮ᠃

     《ᠡᠯᠡᠰᠦᠨ᠎ᠤ ᠠᠵᠤ ᠦᠢ᠍ᠯᠡᠰ᠎ᠢ ᠲᠦᠷᠭᠡᠳᠭᠡᠨ ᠪᠤᠶ᠋ᠢᠵᠢᠭᠤᠯᠬᠤ ᠵᠢᠨ ᠬᠠᠮᠲᠤ ᠨᠡᠩ ᠤᠯᠠᠨ ᠮᠠᠯᠴᠢᠨ ᠲᠠᠷᠢᠶᠠᠴᠢᠨ᠎ᠢ ᠲᠠᠶ᠋ᠢᠴᠢᠯᠠᠵᠤ ᠠᠵᠤ ᠦᠢ᠍ᠯᠡᠰᠵᠢᠯᠲᠡ ᠵᠢᠨ ᠬᠡᠯᠬᠢᠶᠡᠵᠢᠯ᠎ᠳᠤ ᠣᠷᠣᠯᠴᠠᠭᠤᠯᠬᠤ ᠵᠢᠨ ᠲᠥᠯᠥᠭᠡ᠂ ᠮᠠᠨ᠎ᠤ ᠪᠦᠯᠦᠭᠯᠡᠯ 2011 ᠣᠨ᠎ᠳᠤ ᠮᠠᠯ ᠠᠵᠤ ᠠᠬᠤᠢ ᠲᠠᠷᠢᠶᠠᠯᠠᠩ᠎ᠤᠨ ᠠᠵᠤ ᠦᠢ᠍ᠯᠡᠰᠵᠢᠯᠲᠡ ᠵᠢᠨ ᠴᠠᠭ᠋ᠠᠨ ᠭᠤᠶᠣᠣ — ᠵᠠᠬ ᠮᠤᠲᠤᠨ᠎ᠤ ᠰᠠᠭᠤᠷᠢᠨ᠎ᠢ ᠪᠠᠶ᠋ᠢᠭᠤᠯᠵᠤ᠂ ᠮᠠᠯᠴᠢᠨ ᠲᠠᠷᠢᠶᠠᠴᠢᠨ᠎ᠤ ᠴᠠᠭ᠋ᠠᠨ ᠭᠤᠶᠤᠤ ᠵᠢ ᠠᠵᠤ ᠠᠬᠤᠶ᠋ᠢᠯᠠᠯ ᠵᠠᠬ᠎ᠠ ᠳᠡᠯᠭᠡᠭᠦᠷ᠎ᠤᠨ ᠦᠨ᠎ᠡ᠎ᠪᠠᠷ ᠬᠤᠳᠠᠯᠳᠤᠨ ᠠᠪᠴᠤ ᠡᠳ᠋ᠰᠢᠬᠦᠯᠦᠨ ᠪᠤᠯᠪᠠᠰᠤᠷᠠᠭᠤᠯᠳᠠᠬ᠃ ᠣᠳᠣᠬᠠᠨ ᠪᠤᠯᠳᠠᠯ᠎ᠠ ᠪᠢᠳᠡ ᠨᠢᠭᠡᠨᠲᠡ 2 ᠲᠦᠮᠡ ᠭᠠᠷᠤᠶ ᠮᠠᠯᠴᠢᠨ ᠲᠠᠷᠢᠶᠠᠴᠢᠨ᠎ᠢ ᠳᠠᠶ᠋ᠢᠴᠢᠯᠠᠨ ᠡᠯᠡᠰᠦᠨ᠎ᠤ ᠠᠵᠤ ᠦᠢ᠍ᠯᠡᠰ ᠡᠷᠬᠢᠯᠡᠭᠦᠯᠵᠦ ᠣᠷᠣᠯᠭ᠎ᠠ ᠵᠢ᠎ᠨᠢ ᠨᠡᠮᠡᠭᠳᠡᠭᠦᠯᠪᠡ》 ᠭᠡᠵᠦ ᠦᠪᠦᠷ ᠮᠤᠩᠭᠤᠯ᠎ᠤᠨ ᠬᠤᠩ ᠺᠦᠢ ᠴᠠᠭ᠋ᠠᠨ ᠭᠤᠶᠣᠣ ᠵᠢᠨ ᠪᠦᠯᠦᠭᠯᠡᠯ᠎ᠤᠨ ᠨᠠᠮ᠎ᠤᠨ ᠬᠤᠷᠢᠶᠠᠨ᠎ᠤ ᠳᠡᠳ᠋ ᠱᠦᠵᠢ ᠷᠧᠨ ᠼᠦᠨ ᠹᠦ᠋ ᠲᠠᠨᠢᠯᠴᠠᠭᠤᠯᠪᠠ᠃


      ᠠᠮᠢ ᠠᠬᠤᠢ ᠵᠢᠨ ᠡᠯᠡᠰᠦᠨ᠎ᠤ ᠠᠵᠤ ᠦᠢ᠍ᠯᠡᠰ᠎ᠤᠨ ᠠᠵᠤ ᠦᠢ᠍ᠯᠡᠰᠵᠢᠯᠳᠡ ᠵᠢ ᠪᠡᠶᠡᠯᠡᠬᠦᠯᠬᠦ ᠵᠢᠨ ᠲᠤᠰᠡᠳᠡ᠂ ᠠᠯᠠᠱ᠌ᠠ ᠠᠶ᠋ᠢᠮᠠᠭ ᠤᠷᠢᠳ ᠬᠤᠵᠢᠳ 48 ᠠᠵᠤ ᠠᠬᠤᠶ᠋ᠢᠯᠠᠯ᠎ᠢ ᠪᠤᠶ᠋ᠢᠵᠢᠭᠤᠯᠤᠭᠰᠡᠨ ᠪᠠ ᠤᠷᠤᠭᠤᠯᠤᠨ ᠠᠪᠴᠢᠷᠠᠵᠦ ᠡᠯᠡᠰᠦᠨ᠎ᠤ ᠠᠵᠤ ᠦᠢ᠍ᠯᠡᠰ᠎ᠲᠤ ᠪᠡᠯᠡ ᠣᠷᠣᠭᠤᠯᠤᠨ᠂ 《ᠠᠵᠤ ᠠᠬᠤᠶ᠋ᠢᠯᠠᠯ + ᠰᠠᠭᠤᠷᠢᠨ + ᠰᠢᠨᠵᠢᠯᠡᠬᠦ ᠤᠬᠠᠭ᠋ᠠᠨ᠎ᠤ ᠰᠤᠳᠤᠯᠭ᠋ᠠᠨ + ᠬᠤᠷᠰᠢᠶ᠎ᠠ + ᠮᠠᠯᠴᠢᠨ ᠲᠠᠷᠢᠶᠠᠴᠢᠨ》᠎ᠤ ᠠᠵᠤ ᠦᠢ᠍ᠯᠡᠰᠵᠢᠯᠳᠡ ᠵᠢᠨ ᠬᠡᠪ ᠵᠠᠭᠪᠤᠷ᠎ᠢ ᠶᠡᠭᠡ᠎ᠪᠠᠷ ᠬᠡᠷᠡᠭᠵᠢᠭᠦᠯᠦᠨ ᠡᠯᠡᠰᠦᠨ᠎ᠤ ᠠᠵᠤ ᠦᠢ᠍ᠯᠡᠰ᠎ᠢ ᠬᠥᠭᠵᠢᠭᠦᠯᠵᠦ᠂ ᠮᠠᠯᠴᠢᠨ ᠲᠠᠷᠢᠶᠠᠴᠢᠨ᠎ᠤ ᠡᠯᠡᠰᠦᠨ᠎ᠤ ᠠᠵᠤ ᠦᠢ᠍ᠯᠡᠰ ᠡᠷᠬᠢᠯᠡᠵᠦ ᠣᠷᠣᠯᠭ᠎ᠠ᠎ᠪᠠᠨ ᠨᠡᠮᠡᠭᠳᠡᠬᠦᠯᠬᠦ ᠵᠢ ᠪᠦᠲᠦᠮᠵᠢᠲᠡᠶ ᠪᠠᠲᠤᠯᠠᠨ ᠲᠣᠭᠲᠠᠪᠤᠷᠢᠵᠢᠭᠤᠯᠤᠭᠰᠡᠡ ᠵᠶ᠋ᠠᠷ ᠪᠠᠷᠠᠬᠤ ᠦᠬᠡᠢ᠂ ᠡᠯᠡᠰᠦᠨ᠎ᠤ ᠠᠵᠤ ᠦᠢ᠍ᠯᠡᠰ᠎ᠤᠨ ᠭᠦᠨᠵᠡᠭᠡᠶ ᠡᠳ᠋ᠰᠢᠭᠦᠯᠬᠦ ᠨᠡᠮᠡᠯᠲᠡ ᠥᠷᠲᠡᠭ᠎ᠢ ᠳᠡᠭᠡᠭᠰᠢᠯᠡᠭᠦᠯᠵᠦ᠂ ᠨᠡᠩ ᠴᠤ᠌ ᠡᠯᠡᠰᠦᠨ᠎ᠤ ᠠᠵᠤ ᠦᠢ᠍ᠯᠡᠰ᠎ᠤᠨ ᠬᠦᠭᠵᠢᠯᠳᠡ ᠵᠢᠨ ᠰᠢᠨ᠎ᠠ ᠬᠡᠪ ᠵᠠᠭᠪᠤᠷ᠎ᠢ ᠪᠣᠶ ᠪᠣᠯᠭ᠋ᠠᠭᠰᠠᠨ ᠪᠠᠶ᠋ᠢᠨ᠎ᠠ᠃ ᠣᠳᠣᠬᠠᠨ ᠪᠣᠯᠲᠠᠯ᠎ᠠ᠂ 508.3 ᠲᠦᠮᠡᠨ ᠮᠦ᠍ ᠵᠠᠬ ᠲᠠᠷᠢᠵᠦ᠂ 76.2 ᠲᠦᠮᠡᠨ ᠮᠦ᠍ ᠴᠠᠭ᠋ᠠᠨ ᠭᠤᠶᠣᠣ ᠳᠡᠷᠢᠨ᠂ ᠵᠢᠯ᠎ᠳᠤ 1500 ᠲᠣᠨ ᠴᠠᠭ᠋ᠠᠨ ᠭᠤᠶᠣᠣ ᠦᠢ᠍ᠯᠡᠳᠪᠦᠷᠢᠯᠡᠵᠤ ᠪᠤᠢ; 24 ᠲᠦᠮᠡᠨ ᠮᠥ᠍ ᠤᠯᠠᠭ᠋ᠠᠨ ᠭᠤᠶᠤᠤ ᠵᠠᠶ᠋ᠢᠯᠠᠵᠦ᠂ ᠵᠢᠯ᠎ᠳᠤ 2000 ᠭᠠᠷᠤᠢ ᠲᠣᠨ ᠤᠯᠠᠭ᠋ᠠᠨ ᠭᠤᠶᠤᠤ ᠬᠤᠷᠢᠶᠠᠵᠦ ᠪᠤᠢ; 8.8 ᠲᠦᠮᠡᠨ ᠮᠥ᠍ ᠴᠢᠨ᠋ᠸ᠎ᠠ ᠵᠢᠨ ᠬᠠᠷᠮᠠᠭ᠎ᠢ ᠪᠢᠲᠡᠭᠦᠮᠵᠢᠯᠡᠨ ᠬᠠᠮᠠᠭ᠋ᠠᠯᠠᠪᠠ; 7.6 ᠲᠦᠮᠡᠨ ᠮᠦ᠍ ᠴᠢᠨ᠋ᠸ᠎ᠠ ᠵᠢᠨ ᠬᠠᠷᠮᠠᠭ᠂ ᠡᠯᠡᠰᠦᠨ ᠦᠵᠦᠮ ᠵᠡᠷᠭᠡ ᠵᠢᠮᠢᠰ ᠲᠠᠷᠢᠵᠠᠢ; ᠲᠠᠷᠢᠬᠤ᠂ ᠡᠳ᠋ᠰᠢᠭᠦᠯᠬᠦ᠂ ᠦᠢ᠍ᠯᠡᠳᠪᠦᠷᠢᠯᠡᠬᠦ᠂ ᠪᠣᠷᠣᠯᠠᠭᠤᠯᠬᠤ ᠵᠢ ᠨᠢᠭᠡ ᠴᠣᠭᠴᠠᠵᠢᠭᠤᠯᠤᠭᠰᠠᠨ ᠠᠵᠤ ᠦᠢ᠍ᠯᠡᠰ᠎ᠤᠨ ᠬᠡᠯᠬᠢᠶ᠎ᠡ ᠵᠢ ᠪᠦᠷᠢᠯᠳᠦᠭᠦᠯᠵᠦ᠂ ᠡᠳ᠋ᠰᠢᠭᠦᠯᠦᠨ ᠣᠨᠳᠣᠣᠰᠢᠭᠤᠯᠬᠤ ᠨᠣᠷᠮ᠎ᠠ 68%᠎ᠳᠤ ᠬᠦᠷᠪᠡ᠃ ᠣᠶ ᠰᠢᠭᠤᠶ ᠡᠯᠡᠰᠦᠨ᠎ᠤ ᠠᠵᠤ ᠦᠢ᠍ᠯᠡᠰ᠎ᠤᠨ ᠵᠢᠯ᠎ᠤᠨ ᠦᠢ᠍ᠯᠡᠳᠬᠦᠨ᠎ᠤ ᠥᠷᠲᠡᠭ 32.6 ᠳ᠋ᠦᠩᠰᠢᠭᠤᠷ ᠲᠥᠭᠦᠷᠢᠭ᠎ᠲᠤ ᠬᠥᠷᠴᠡᠢ᠃

      ᠥᠷᠨᠢᠩᠭᠦᠶ ᠬᠥᠭᠵᠢᠵᠦ ᠪᠠᠶ᠋ᠢᠭ᠎ᠠ ᠠᠮᠢ ᠠᠬᠤᠢ ᠵᠢᠨ ᠡᠯᠡᠰᠦᠨ᠎ᠤ ᠠᠵᠤ ᠦᠢ᠍ᠯᠡᠰ ᠣᠳᠣ ᠨᠢᠭᠡᠨᠲᠡ ᠮᠠᠯᠴᠢᠨ ᠲᠠᠷᠢᠶᠠᠴᠢᠨ᠎ᠤ ᠣᠷᠣᠯᠭ᠎ᠠ᠎ᠪᠠᠨ ᠨᠡᠮᠡᠭᠳᠡᠭᠦᠯᠬᠦ ᠪᠠᠶᠠᠵᠢᠯ᠎ᠤᠨ ᠵᠠᠮ ᠪᠣᠯᠵᠠᠶ᠃ ᠠᠯᠠᠱ᠌ᠠ 《ᠺᠣᠮᠫᠠᠨᠢ + ᠰᠠᠭᠤᠷᠢᠨ + ᠰᠢᠨᠵᠢᠯᠡᠬᠦ ᠤᠬᠠᠭ᠋ᠠᠨ᠎ᠤ ᠰᠤᠳᠤᠯᠭ᠋ᠠᠨ + ᠬᠤᠷᠰᠢᠶ᠎ᠠ + ᠮᠠᠯᠴᠢᠨ ᠳᠠᠷᠢᠶᠡᠴᠢᠨ》᠎ᠤ ᠵᠠᠭᠪᠤᠷ ᠵᠶ᠋ᠠᠷ ᠳᠠᠮᠵᠢᠭᠤᠯᠤᠨ ᠠᠮᠢ ᠠᠬᠤᠶ ᠵᠢᠨ ᠡᠯᠡᠰᠦᠨ᠎ᠤ ᠠᠵᠤ ᠦᠢ᠍ᠯᠡᠰ᠎ᠢ ᠰᠢᠭᠤᠳ ᠪᠠ ᠳᠠᠮ ᠵᠶ᠋ᠠᠷ ᠡᠷᠭᠢᠯᠡᠵᠦ ᠪᠠᠶ᠋ᠢᠭ᠎ᠠ ᠮᠠᠯᠴᠢᠨ ᠲᠠᠷᠢᠶᠠᠴᠢᠨ᠎ᠢ 2 ᠲᠦᠮᠡᠨ ᠬᠥᠮᠦᠨ᠎ᠳᠤ ᠬᠦᠷᠬᠡᠵᠦ᠂ ᠬᠥᠮᠦᠨ ᠳᠤᠮᠳᠠᠴᠢ ᠵᠢᠨ ᠵᠢᠯ᠎ᠤᠨ ᠣᠷᠣᠯᠭ᠎ᠠ᠎ᠨᠢ 3᠎ᠠᠴᠠ 5 ᠲᠦᠮᠡᠨ ᠲᠥᠭᠦᠷᠢᠭ᠂ ᠵᠠᠷᠢᠮ ᠮᠠᠯᠵᠢᠬᠤ ᠡᠷᠦᠬᠡ᠎ᠨᠢ 10᠎ᠠᠴᠠ 30 ᠲᠦᠮᠡᠨ ᠲᠥᠭᠦᠷᠢᠭ᠎ᠲᠤ ᠬᠦᠷᠴᠤ᠂ 《ᠡᠯᠡᠰᠦ ᠮᠠᠩᠬ᠎ᠠ ᠵᠢ ᠨᠣᠭᠤᠭ᠋ᠠᠷᠠᠭᠤᠯᠬᠤ᠂ ᠠᠵᠤ ᠦᠢ᠍ᠯᠡᠰ᠎ᠤᠨ ᠥᠷᠲᠡᠭ᠎ᠢ ᠨᠡᠮᠡᠭᠳᠡᠭᠦᠯᠬᠦ᠂ ᠠᠵᠤ ᠠᠬᠤᠶ᠋ᠢᠯᠠᠯ᠎ᠤᠨ ᠦᠷ᠎ᠡ ᠠᠰᠢᠭ᠎ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ》 ᠦᠷᠭᠦᠯᠵᠢᠯᠡᠬᠦ ᠬᠥᠭᠵᠢᠯᠲᠡ ᠵᠢ ᠪᠡᠶᠡᠯᠡᠭᠦᠯᠪᠠ᠃


    《ᠡᠯᠡᠰᠦᠨ ᠴᠦᠯ᠎ᠤᠨ ᠤᠩᠭᠤᠴᠠ》 ᠡᠷᠡᠬᠦᠯᠵᠢᠯ᠎ᠤᠨ ᠠᠵᠦ ᠦᠢ᠍ᠯᠡᠰ᠎ᠤᠨ ᠰᠢᠨ᠎ᠠ ᠡᠬᠦᠷᠭᠡ ᠵᠢ ᠠᠴᠢᠶᠠᠯᠠᠬᠤ ᠪᠤᠯᠪᠠ

      ᠪᠥᠬᠦ ᠤᠯᠤᠰ᠎ᠤᠨ ᠬᠤᠤᠰ ᠪᠥᠬᠦᠲᠦ ᠲᠡᠮᠡᠭᠡᠨ᠎ᠤ ᠭᠤᠤᠯ ᠭᠠᠷᠤᠯᠲᠠ ᠵᠢᠨ ᠣᠷᠣᠨ ᠪᠣᠯᠤᠭᠰᠠᠨ᠎ᠤ ᠬᠤᠪᠢ᠎ᠳᠤ᠂ ᠠᠯᠠᠱ᠌ᠠ ᠠᠶ᠋ᠢᠮᠠᠭ ᠠᠳᠠᠨ ᠲᠡᠮᠡᠭᠡᠨ᠎ᠤ ᠨᠤᠲᠤᠭ ᠬᠡᠮᠡᠭᠳᠡᠵᠦ᠂ ᠪᠥᠬᠦ ᠤᠯᠤᠰ᠎ᠤᠨ ᠲᠡᠮᠡᠭᠡᠨ᠎ᠤ ᠬᠠᠭ᠋ᠠᠰ᠎ᠠᠴᠠ ᠳᠡᠭᠡᠭᠰᠢᠬᠢ ᠵᠢ ᠡᠵᠡᠯᠡᠵᠦ ᠪᠠᠶ᠋ᠢᠵᠠᠶ᠃ ᠭᠡᠲᠡᠯ᠎ᠡ᠂ ᠲᠡᠮᠡᠭᠡᠨ ᠵᠢᠩ᠎ᠤᠨ ᠲᠤᠤᠨᠢᠯ ᠤᠳᠤᠬᠢᠴᠢᠯᠠᠬᠰᠠᠨ ᠵᠠᠮ ᠬᠠᠷᠢᠯᠴᠠᠭ᠋ᠠᠨ᠎ᠤ ᠪᠠᠭ᠋ᠠᠵᠢ᠎ᠪᠠᠷ ᠰᠤᠯᠢᠬᠳᠠᠨ 《ᠡᠯᠡᠰᠦᠨ ᠴᠦᠯ᠎ᠤᠨ ᠤᠩᠭᠤᠴᠠ》 ᠦᠢ᠍ᠯᠡᠳᠦᠯ ᠵᠶ᠋ᠠᠨ ᠠᠯᠳᠠᠬᠤ ᠵᠢ ᠲᠠᠭ᠋ᠠᠯᠳᠤᠨ᠂ ᠮᠠᠯᠴᠢᠳ᠎ᠤᠨ ᠲᠡᠮᠡᠭᠡ ᠲᠡᠵᠢᠭᠡᠬᠦ ᠢᠳᠡᠪᠬᠢᠵᠢᠯ ᠨᠡᠶ᠋ᠢᠳᠡᠮ᠎ᠳᠡᠭᠡᠨ ᠪᠠᠭᠤᠷᠠᠵᠤ᠂ ᠬᠤᠤᠰ ᠪᠥᠬᠦᠲᠦ ᠲᠡᠮᠡᠭᠡ᠎ᠨᠢ ᠨᠢᠭᠡ ᠦᠶ᠎ᠡ ᠤᠰᠠᠳᠬᠤ ᠠᠶᠤᠯ᠎ᠳᠤ ᠲᠤᠯᠭ᠋ᠠᠷᠠᠵᠠᠶ᠃

      ᠡᠨᠡ ᠬᠦ᠌ 《ᠬᠦᠨ ᠨᠦᠢ᠍ᠷᠰᠤᠭᠰᠠᠨ ᠡᠬᠢ ᠪᠠᠶᠠᠯᠢᠭ》᠎ᠢ 《ᠲᠠᠭᠤᠳᠠᠨ ᠰᠡᠷᠢᠭᠡᠬᠦ》 ᠵᠢᠨ ᠲᠥᠯᠥᠭᠡ᠂ ᠣᠶ᠋ᠢᠷ᠎ᠠ ᠵᠢᠨ ᠵᠢᠯ᠎ᠳᠤ ᠠᠯᠠᠱ᠌ᠠ ᠠᠶ᠋ᠢᠮᠠᠭ ᠲᠡᠮᠡᠭᠡᠨ᠎ᠤ ᠠᠵᠤ ᠦᠢ᠍ᠯᠡᠰ᠎ᠢ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠪᠡᠶ᠎ᠡ᠎ᠪᠠᠨ ᠳᠠᠭ᠋ᠠᠭ᠋ᠠᠭᠰᠠᠨ ᠠᠵᠤ ᠦᠢ᠍ᠯᠡᠰ ᠪᠣᠯᠭ᠋ᠠᠨ ᠨᠠᠶ᠋ᠢᠳᠠᠪᠤᠷᠢᠵᠢᠭᠤᠯᠬᠤ ᠵᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠵᠤ᠂ ᠲᠥᠷᠥ ᠵᠢᠨ ᠪᠣᠳᠣᠯᠭ᠎ᠠ᠎ᠪᠠᠷ ᠬᠥᠲᠥᠯᠥᠨ ᠵᠢᠯᠣᠭᠤᠳᠬᠤ᠂ ᠪᠠᠯᠠ ᠮᠥᠩᠭᠦ᠎ᠪᠠᠷ ᠳᠡᠮᠵᠢᠬᠦ᠂ ᠵᠣᠬᠢᠴᠠᠭᠤᠯᠤᠨ ᠦᠢ᠍ᠯᠡᠴᠢᠯᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠲᠡᠮᠡᠭᠡᠨ᠎ᠤ ᠠᠵᠤ ᠦᠢ᠍ᠯᠡᠰ᠎ᠢ ᠪᠤᠶ᠋ᠢᠵᠢᠭᠤᠯᠤᠨ ᠲᠡᠳᠬᠦᠬᠦ ᠡᠷᠴᠢᠮ ᠵᠶ᠋ᠠᠨ ᠴᠢᠩᠭ᠋ᠠᠷᠠᠭᠤᠯᠤᠭᠰᠠᠨ᠎ᠠᠴᠠ 《ᠡᠯᠡᠰᠦᠨ ᠴᠥᠯ᠎ᠤᠨ ᠤᠩᠭᠤᠴᠠ》 ᠡᠷᠡᠬᠦᠯᠵᠢᠯ᠎ᠤᠨ ᠠᠵᠤ ᠦᠢ᠍ᠯᠡᠰ᠎ᠤᠨ ᠰᠢᠨ᠎ᠡ ᠡᠭᠦᠷᠭᠡ ᠵᠢ ᠡᠭᠦᠷᠭᠡᠯᠡᠨ᠂ ᠰᠢᠨ᠎ᠡ ᠠᠶᠠᠨ ᠵᠠᠮ᠎ᠳᠠᠭᠠᠨ ᠳᠠᠬᠢᠨ ᠮᠣᠷᠳᠠᠵᠤ᠂ ᠰᠢᠨ᠎ᠡ ᠭᠠᠶ᠋ᠢᠬᠠᠮᠰᠢᠭ᠎ᠢ ᠦᠷᠭᠦᠯᠵᠢᠯᠡᠨ ᠪᠢᠴᠢᠭᠯᠡᠪᠡ᠃

     《ᠳᠠᠭ᠋ᠠᠭᠤᠯᠤᠭᠴᠢ ᠠᠵᠤ ᠠᠬᠤᠶ᠋ᠢᠯᠠᠯ᠎ᠢ ᠨᠠᠶ᠋ᠢᠳᠠᠪᠤᠷᠢᠵᠢᠭᠤᠯᠤᠭᠰᠠᠨ᠎ᠠᠴᠠ ᠳᠠᠶ᠋ᠢᠴᠢᠯᠠᠬᠤ ᠬᠦᠴᠦᠨ ᠴᠢᠩᠭ᠋ᠠᠷᠠᠵᠤ᠂ ᠮᠠᠯᠴᠢᠳ᠎ᠤᠨ ᠦᠵᠡᠯᠳᠡ ᠲᠠᠨᠢᠯᠳᠠ ᠬᠤᠪᠢᠷᠠᠵᠦ᠂ ᠢᠡᠭᠬᠡᠨ ᠰᠦ ᠪᠣᠷᠣᠯᠠᠭᠤᠯᠬᠤ᠎ᠪᠠᠷ ᠳᠡᠮᠵᠢᠨ ᠣᠷᠣᠯᠭ᠎ᠠ᠎ᠪᠠᠨ ᠨᠡᠮᠡᠭᠳᠡᠭᠦᠯᠵᠦ ᠪᠠᠶ᠋ᠢᠨ᠎ᠠ》 ᠭᠡᠵᠦ ᠥᠪᠥᠷ ᠮᠣᠩᠭᠤᠯ᠎ᠤᠨ ᠭᠤᠪᠢ ᠡᠷᠳᠡᠨᠢ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠶᠡᠷᠦᠩᠬᠡᠢ ᠳᠠᠭ᠋ᠠᠭ᠋ᠠᠮᠠᠯ ᠷᠠᠨ ᠴᠢ ᠸᠧᠢ ᠬᠡᠯᠡᠪᠡ᠃ ᠷᠠᠨ ᠴᠢ ᠸᠧᠶ ᠪᠠᠰᠠ᠄ 《ᠪᠢᠳᠡ ᠺᠢᠯᠣᠭ᠌ᠷᠠᠮ ᠪᠦᠷᠢ᠎ᠳᠡᠭᠡᠨ 30 ᠲᠥᠭᠦᠷᠢᠭ᠎ᠤᠨ ᠦᠨ᠎ᠡ᠎ᠪᠠᠷ ᠢᠩᠭᠡᠨ ᠰᠦ ᠬᠤᠷᠢᠶᠠᠨ ᠠᠪᠴᠤ ᠪᠤᠢ᠂ ᠢᠩᠭᠡ ᠪᠦᠷᠢ᠎ᠠᠴᠠ ᠡᠳᠦᠷ᠎ᠲᠤ 7 — 8 ᠵᠢᠩ ᠰᠦ ᠭᠠᠷᠳᠠᠭ᠃ ᠨᠢᠭᠡ ᠲᠡᠮᠡᠭᠡᠨ᠎ᠤ ᠨᠢᠭᠡ ᠡᠳᠦᠷ᠎ᠤᠨ ᠠᠰᠢᠭ ᠬᠤᠨᠵᠢᠪᠣᠷᠢ᠎ᠨᠢ 200 ᠰᠢᠬᠠᠮ ᠲᠥᠭᠦᠷᠢᠭ ᠬᠦᠷᠴᠦ᠂ ᠨᠢᠭᠡ ᠰᠠᠷ᠎ᠠ᠎ᠳᠤ 3000 ᠲᠥᠭᠦᠷᠢᠭ ᠣᠯᠤᠨ᠎ᠠ᠂ ᠣᠲᠣ ᠢᠩᠭᠡᠨ ᠰᠦ ᠵᠢ ᠬᠤᠳᠠᠯᠳᠤᠬᠤ᠎ᠨᠢ ᠤᠷᠤᠯᠭ᠎ᠠ᠎ᠪᠠᠨ ᠨᠡᠮᠡᠭᠳᠡᠬᠦᠯᠬᠦ ᠵᠤᠷ ᠪᠤᠯᠵᠠᠢ》 ᠭᠡᠪᠡ᠃


      ᠣᠳᠣᠬᠠᠨ᠎ᠳᠤ᠂ ᠠᠯᠠᠱ᠌ᠠ ᠠᠶ᠋ᠢᠮᠠᠬ ᠠᠯᠠᠱ᠌ᠠ ᠵᠢᠨ ᠬᠤᠤᠰ ᠪᠥᠬᠦᠲᠦ ᠲᠡᠮᠡᠭᠡᠨ᠎ᠤ ᠦᠢ᠍ᠯᠡᠳᠪᠦᠷᠢᠯᠡᠯ᠎ᠤᠨ ᠪᠠᠷᠢᠮᠵᠢᠶ᠎ᠠ ᠵᠢᠨ ᠰᠢᠰᠲ᠋ᠧᠮ᠎ᠢ 16 ᠵᠦᠢ᠍ᠯ ᠲᠣᠭᠲᠠᠭ᠋ᠠᠵᠤ᠂ ᠮᠠᠯᠵᠢᠬᠤ ᠣᠷᠣᠨ᠎ᠳᠤ 54 ᠲᠡᠮᠡᠭᠡ ᠲᠡᠵᠢᠭᠡᠬᠦ ᠲᠤᠰᠬᠠᠶ ᠬᠤᠷᠰᠢᠶ᠎ᠠ ᠪᠠᠶ᠋ᠢᠭᠤᠯᠤᠨ᠂ 167 ᠬᠤᠤᠰ ᠪᠥᠬᠦᠲᠦ ᠲᠡᠮᠡᠭᠡᠨ᠎ᠤ ᠠᠮᠢ ᠠᠬᠤᠶ ᠵᠢᠨ ᠮᠠᠯᠵᠢᠯ᠎ᠤᠨ ᠲᠠᠯᠠᠪᠠᠶ ᠵᠢ ᠭᠡᠷᠡᠴᠢᠯᠡᠨ ᠳᠤᠭᠳᠠᠭ᠋ᠠᠵᠦ᠂ 10000 ᠢᠡᠭᠬᠡ ᠰᠠᠭ᠋ᠠᠵᠤ᠂ 20 ᠰᠠᠭ᠋ᠠᠯᠢ ᠵᠢᠨ ᠢᠷᠡᠯᠲᠡ ᠵᠢᠨ ᠰᠠᠭᠤᠷᠢᠨ᠂ 7 ᠰᠦ ᠳᠠᠮᠵᠢᠭᠤᠯᠬᠤ ᠥᠷᠲᠡᠭᠡ ᠪᠠᠶ᠋ᠢᠭᠤᠯᠤᠨ᠂ 400 ᠭᠠᠷᠤᠶ ᠰᠠᠭ᠋ᠠᠯᠢᠴᠢᠨ ᠡᠷᠦᠬᠡ ᠵᠢ ᠬᠥᠭᠵᠢᠭᠦᠯᠵᠦ᠂ 900 ᠭᠠᠷᠤᠶ ᠲᠡᠮᠡᠭᠡ ᠮᠠᠯᠵᠢᠬᠤ ᠡᠷᠦᠬᠡ ᠵᠢ ᠳᠠᠶ᠋ᠢᠴᠢᠯᠠᠨ᠂ ᠡᠷᠦᠬᠡ ᠳᠤᠮᠳᠠᠴᠢ ᠣᠷᠣᠯᠭ᠎ᠠ ᠵᠢ 2 ᠲᠦᠮᠡᠨ ᠲᠥᠭᠦᠷᠢᠭ ᠨᠡᠮᠡᠭᠳᠡᠭᠦᠯᠵᠦ᠂ ᠡᠨᠡ ᠬᠦ᠌ ᠠᠵᠢᠯ ᠦᠢ᠍ᠯᠡᠰ᠎ᠢ ᠡᠷᠭᠢᠯᠡᠵᠦ ᠪᠠᠶ᠋ᠢᠭ᠎ᠠ ᠮᠠᠯᠴᠢᠨ ᠲᠠᠷᠢᠶᠠᠴᠢᠨ 2500 ᠭᠠᠷᠤᠶ ᠬᠥᠮᠦᠨ᠎ᠳᠤ ᠬᠥᠷᠪᠡ᠃

      ᠠᠯᠠᠱ᠌ᠠ ᠠᠶ᠋ᠢᠮᠠᠭ ᠨᠡᠶ᠋ᠢᠳᠡ 3986.4 ᠲᠦᠮᠡᠨ ᠲᠥᠭᠦᠷᠢᠭ ᠦᠨᠳᠦᠰᠦᠲᠡᠨ᠎ᠤ ᠬᠥᠭᠵᠢᠯᠲᠡ ᠵᠢᠨ ᠪᠠᠯᠠ ᠣᠷᠣᠭᠤᠯᠵᠤ᠂ ᠲᠡᠮᠡᠭᠡᠨ᠎ᠤ ᠠᠵᠤ ᠦᠢ᠍ᠯᠡᠰ᠎ᠤᠨ ᠲᠥᠷᠥᠯ᠎ᠤᠨ 40 ᠲᠥᠷᠥᠯ ᠵᠦᠢ᠍ᠯ᠎ᠢ ᠬᠡᠷᠡᠭᠵᠢᠭᠦᠯᠪᠡ᠃ ᠪᠦᠬᠦ ᠣᠷᠣᠨ᠎ᠤ ᠠᠩᠬᠠᠳᠠᠭᠴᠢ ᠲᠡᠮᠡᠭᠡᠨ᠎ᠤ ᠠᠵᠤ ᠦᠢ᠍ᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠯᠡᠩ᠂ ᠪᠦᠬᠦ ᠤᠯᠤᠰ᠎ᠤᠨ ᠠᠩᠬᠠᠳᠠᠭᠴᠢ ᠲᠡᠮᠡᠭᠡᠨ᠎ᠤ ᠰᠤᠳᠤᠯᠭ᠋ᠠᠨ᠎ᠤ ᠬᠦᠷᠢᠶᠡᠯᠡᠩ᠎ᠢ ᠪᠠᠶ᠋ᠢᠭᠤᠯᠵᠤ᠂ ᠲᠡᠮᠡᠭᠡᠨ᠎ᠤ ᠠᠵᠤ ᠦᠢ᠍ᠯᠡᠰ᠎ᠤᠨ ᠦᠢ᠍ᠯᠡᠳᠪᠦᠷᠢᠯᠡᠯ ᠵᠢᠭ᠋ᠠᠨ ᠰᠤᠷᠭ᠋ᠠᠯᠲᠠ ᠰᠤᠳᠤᠯᠭ᠋ᠠᠨ᠎ᠢ ᠨᠢᠭᠡ ᠴᠤᠬ᠍ᠴᠠᠵᠢᠭᠤᠯᠤᠨ ᠬᠥᠭᠵᠢᠭᠦᠯᠬᠦ ᠵᠢ ᠠᠬᠢᠭᠤᠯᠵᠠᠢ᠃ ᠣᠲᠣ ᠨᠢᠭᠡᠨᠲᠡ ᠢᠡᠭᠬᠡᠨ ᠲᠦᠬᠦᠭᠡᠢ ᠰᠦ᠂ ᠪᠦᠷᠢᠨ ᠥᠭᠡᠬᠦᠲᠦ ᠲᠡᠮᠡᠭᠡᠨ ᠰᠦ ᠵᠢᠨ ᠲᠠᠯᠬ᠎ᠠ᠂ ᠪᠦᠷᠢᠨ ᠥᠭᠡᠬᠦᠲᠦ ᠢᠰᠬᠡᠭᠰᠡᠨ ᠰᠦᠨ ᠲᠠᠯᠬ᠎ᠠ ᠵᠡᠷᠭᠡ 4 ᠰᠢᠷᠢᠰ 20 ᠭᠠᠷᠤᠶ ᠵᠦᠢ᠍ᠯ᠎ᠤᠨ ᠦᠢ᠍ᠯᠡᠳᠬᠦᠨ ᠵᠠᠯᠭ᠋ᠠᠭ᠎ᠠ᠎ᠪᠠᠷ ᠵᠠᠬ᠎ᠠ ᠳᠡᠯᠭᠡᠭᠦᠷ᠎ᠲᠤ ᠭᠠᠷᠴᠤ᠂ ᠪᠤᠰᠤᠳ 5 ᠰᠢᠷᠢᠰ 17 ᠵᠦᠢ᠍ᠯ᠎ᠤᠨ ᠦᠢ᠍ᠯᠡᠳᠬᠦᠨ ᠨᠢᠭᠡᠨᠲᠡ ᠭᠦᠨ ᠳᠠᠪᠬᠤᠷᠭ᠎ᠠ ᠵᠢᠨ ᠰᠤᠳᠤᠯᠭ᠋ᠠᠨ᠎ᠳᠤ ᠣᠷᠣᠵᠤ᠂ ᠲᠡᠮᠡᠭᠡᠨ᠎ᠤ ᠠᠰᠢᠬ ᠰᠢᠮ᠎ᠠ ᠵᠢᠨ ᠦᠢ᠍ᠯᠡᠳᠬᠦᠨ᠎ᠤ ᠨᠡᠮᠡᠯᠲᠡ ᠥᠷᠲᠡᠭ᠎ᠨᠢ ᠳᠡᠭᠡᠭᠰᠢᠯᠡᠭᠰᠡᠨ ᠪᠠᠶ᠋ᠢᠨ᠎ᠠ᠃


      ᠠᠯᠠᠱ᠌ᠠ ᠠᠶ᠋ᠢᠮᠠᠭ ᠲᠡᠮᠡᠭᠡᠨ ᠰᠤᠶᠤᠯ᠎ᠤᠨ ᠪᠣᠳᠠᠰ᠎ᠤᠨ ᠪᠤᠰᠤ ᠰᠣᠶᠣᠯ᠎ᠢ ᠡᠯᠡᠰᠦᠨ ᠴᠥᠯ᠎ᠤᠨ ᠰᠣᠶᠣᠯ᠂ ᠵᠢᠭᠤᠯᠴᠢᠯᠠᠯ᠎ᠤᠨ ᠰᠣᠶᠣᠯ᠎ᠲᠠᠢ ᠭᠦᠨᠵᠡᠭᠡᠶ ᠠᠭᠤᠰᠤᠯᠴᠠᠭᠤᠯᠵᠤ᠂ ᠥᠪᠡᠷᠮᠢᠴᠡ ᠣᠨᠴᠠᠯᠢᠭ᠎ᠲᠠᠢ᠂ ᠠᠭᠤᠰᠤᠯᠴᠠᠨ ᠬᠥᠭᠵᠢᠭᠰᠡᠨ ᠦᠨᠳᠦᠰᠦᠲᠡᠨ᠎ᠤ ᠰᠣᠶᠣᠯ᠎ᠤᠨ ᠬᠥᠭᠵᠢᠯᠲᠡ ᠵᠢᠨ ᠰᠢᠨ᠎ᠡ ᠪᠠᠶ᠋ᠢᠷᠢᠰᠢᠯ᠎ᠢ ᠪᠦᠷᠢᠯᠳᠦᠭᠦᠯᠵᠦ᠂ ᠲᠡᠮᠡᠭᠡᠨ ᠰᠣᠶᠣᠯ᠎ᠤᠨ ᠨᠠᠷᠠᠲᠤ ᠲᠥᠷᠥᠯ ᠲᠡᠮᠳᠡᠭ᠎ᠢ ᠠᠯᠳᠠᠷᠰᠢᠭᠤᠯᠵᠦ ᠪᠤᠢ᠃ ᠣᠳᠣᠬᠠᠨ᠎ᠳᠤ᠂ ᠪᠥᠬᠦ ᠠᠶ᠋ᠢᠮᠠᠭ᠎ᠤᠨ ᠲᠡᠮᠡᠭᠡᠨ᠎ᠤ ᠠᠵᠤ ᠦᠢ᠍ᠯᠡᠰ᠎ᠤᠨ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ 33 ᠪᠣᠯᠵᠣ᠂ ᠨᠢᠭᠡᠨᠲᠡ ᠨᠠᠷᠠᠲᠤ ᠲᠡᠮᠳᠡᠭ᠎ᠠᠴᠠ ᠦᠷ᠎ᠡ ᠠᠰᠢᠭ ᠣᠯᠤᠭᠰᠠᠨ ᠠᠵᠤ ᠠᠬᠤᠶ᠋ᠢᠯᠠᠯ 13 ᠪᠠᠶ᠋ᠢᠵᠤ᠂ ᠪᠥᠬᠦ ᠠᠶ᠋ᠢᠮᠠᠭ᠎ᠤᠨ ᠲᠡᠮᠡᠭᠡᠨ᠎ᠤ ᠠᠵᠤ ᠦᠢ᠍ᠯᠡᠰ᠎ᠤᠨ ᠵᠢᠯ᠎ᠤᠨ ᠦᠢ᠍ᠯᠡᠳᠬᠦᠨ᠎ᠤ ᠥᠷᠲᠡᠭ᠎ᠨᠢ 3 ᠳ᠋ᠦᠩᠰᠢᠭᠤᠷ ᠲᠥᠭᠦᠷᠢᠭ᠎ᠢ ᠳᠠᠪᠠᠭᠰᠠᠨ ᠪᠠᠶ᠋ᠢᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠭᠠᠳᠠᠰᠤ ᠦᠷᠡᠰ ᠮᠠᠯᠵᠢᠯ᠎ᠤᠨ ᠲᠠᠯᠠᠪᠠᠶ ᠣᠶ ᠰᠢᠭᠤᠶ ᠵᠢᠨ ᠬᠦᠨᠦᠭᠡᠯᠳᠤ ᠠᠮᠢᠳᠤ ᠪᠤᠳᠠᠰ᠎ᠢ ᠰᠡᠷᠭᠡᠶ᠋ᠢᠯᠡᠨ ᠵᠠᠰᠠᠬᠤ ᠠᠵᠢᠯ ᠥᠷᠨᠢᠭᠦᠯᠪᠡ
ᠲᠦᠩᠯᠢᠶᠣᠤ ᠬᠤᠲᠠ 3000 ᠲᠦᠮᠡᠨ ᠮᠥ᠍ ᠡᠯᠡᠰᠦᠷᠬᠡᠭᠵᠢᠭᠰᠡᠨ ᠭᠠᠵᠠᠷ᠎ᠢ ᠪᠦᠲᠦᠮᠵᠢᠲᠡᠶ ᠵᠠᠰᠠᠪᠠ
ᠠᠯᠠᠱ᠌ᠠ ᠪᠠᠷᠠᠭᠤᠨ ᠬᠣᠰᠢᠭᠤᠨ᠎ᠤ 2020 ᠣᠨ᠎ᠤ ᠮᠠᠯᠵᠢᠬᠤ ᠵᠢ ᠵᠣᠭᠰᠣᠭ᠋ᠠᠵᠤ ᠡᠪᠡᠰᠦ ᠪᠡᠯᠴᠢᠭᠡᠷ᠎ᠢ ᠰᠡᠷᠭᠦᠭᠡᠬᠦ ᠢᠨᠵᠧᠨᠧᠷᠢᠩ᠎ᠤᠨ ᠪᠡᠯᠴᠢᠭᠡᠷ᠎ᠢ ᠰᠡᠷᠬᠦᠭᠡᠬᠦ ᠲᠤᠤᠷ ᠬᠡᠷᠡᠰᠭᠡ ᠵᠢᠨ ᠲᠥᠷᠥᠯ ᠵᠦᠢ᠍ᠯ᠎ᠤᠨ ᠠᠬᠢᠴᠠ ᠤᠷᠤᠭᠰᠢᠲᠠᠶ ᠪᠠᠶ᠋ᠢᠨ᠎ᠠ
ᠣᠲᠣᠭ ᠬᠣᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠤᠬᠠᠭᠤᠯᠭ᠎ᠠ ᠵᠢᠨ ᠠᠵᠢᠯ᠎ᠢ ᠥᠷᠨᠢᠭᠦᠯᠪᠡ
ᠪᠤᠭᠤᠲᠤ ᠬᠤᠳᠠ ᠲᠡᠯᠡᠬᠡᠢ ᠲᠡᠬᠡᠷᠡᠬᠢ ᠤᠤᠭ᠋ᠠᠨ ᠲᠦᠮᠡᠨ ᠮᠦ᠍ ᠵᠢᠨ ᠲᠡᠰ᠎ᠤᠨ 《5G ᠵᠢᠨ ᠲᠤᠭ᠋ᠠᠴᠢᠯᠠᠬᠰᠠᠨ ᠪᠤᠷᠤ ᠴᠠᠷᠭ᠋ᠠᠰᠤ ᠵᠢᠨ ᠪᠡᠯᠴᠢᠭᠡᠷ》᠎ᠢ ᠪᠦᠳᠦᠬᠡᠡ ᠪᠠᠶ᠋ᠢᠭᠤᠯᠬᠤ᠎ᠪᠠᠷ ᠪᠠᠶ᠋ᠢᠨ᠎ᠠ
 
             蒙ICP备05000248号