ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠭᠠᠳᠠᠰᠤ ᠦᠷᠡᠰ ᠮᠠᠯᠵᠢᠯ᠎ᠤᠨ ᠲᠠᠯᠠᠪᠠᠶ ᠣᠶ ᠰᠢᠭᠤᠶ ᠵᠢᠨ ᠬᠦᠨᠦᠭᠡᠯᠳᠤ ᠠᠮᠢᠳᠤ ᠪᠤᠳᠠᠰ᠎ᠢ ᠰᠡᠷᠭᠡᠶ᠋ᠢᠯᠡᠨ ᠵᠠᠰᠠᠬᠤ ᠠᠵᠢᠯ ᠥᠷᠨᠢᠭᠦᠯᠪᠡ
ᠨᠡᠶ᠋ᠢᠲᠡᠯᠡᠭᠰᠡᠨ ᠴᠠᠭ᠄ 2021-06-22

      ᠵᠠᠷᠤᠳ ᠬᠤᠰᠢᠭᠤᠨ᠎ᠤ ᠭᠠᠳᠠᠰᠣ ᠵᠢᠨ ᠡᠷᠳᠡᠨ᠎ᠤ ᠬᠠᠶ᠋ᠢᠯᠠᠰᠤ ᠵᠢᠨ ᠬᠦᠷᠢᠶᠡᠯᠡᠩ᠎ᠤᠨ ᠤᠷᠤᠨ᠎ᠨᠢ ᠤᠯᠤᠰ᠎ᠤᠨ ᠲᠡᠰ᠎ᠤᠨ ᠨᠡᠶ᠋ᠢᠲᠡ ᠵᠢᠨ ᠠᠰᠠᠷᠠᠮᠵᠢ ᠵᠢᠨ ᠣᠢ᠎ᠳᠤ ᠬᠠᠷᠢᠶᠠᠯᠠᠭᠳᠠᠨ᠎ᠠ᠃ ᠦᠢ᠍ᠷ᠎ᠡ᠎ᠳᠤ᠂ ᠲᠤᠰ ᠮᠠᠯᠵᠢᠯ᠎ᠤᠨ ᠲᠠᠯᠠᠪᠠᠢ᠎ᠨᠢ ᠤᠢ ᠰᠢᠭᠤᠢ ᠵᠢᠨ ᠡᠬᠢ ᠪᠠᠶᠠᠯᠢᠭ᠎ᠢ ᠬᠠᠮᠠᠭ᠋ᠠᠯᠠᠵᠤ᠂ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠵᠢᠨ ᠲᠥᠯᠥᠭᠡ᠂ ᠬᠡᠳᠦᠨ ᠡᠳᠦᠷ᠎ᠤᠨ ᠲᠤᠷᠰᠢ᠂ ᠭᠠᠳᠠᠰᠤ ᠦᠷᠡᠰ ᠮᠠᠯᠵᠢᠯ᠎ᠤᠨ ᠲᠠᠯᠠᠪᠠᠶ᠂ ᠵᠠᠷᠤᠳ ᠬᠤᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠲᠤᠰᠬᠠᠶ ᠮᠡᠷᠭᠡᠵᠢᠯᠳᠡᠨ᠎ᠲᠠᠢ ᠬᠤᠯᠪᠤᠭ᠋ᠠᠯᠠᠨ ᠡᠭᠴᠡ ᠪᠤᠰᠬᠤ ᠨᠢᠰᠬᠡᠯ ᠵᠶ᠋ᠠᠷ ᠬᠤᠷᠣᠬᠠᠶ ᠵᠢᠨ ᠬᠥᠨᠥᠭᠡᠯ᠎ᠳᠤ ᠤᠴᠠᠷᠠᠭᠰᠠᠨ ᠡᠷᠳᠡᠨ᠎ᠤ ᠬᠠᠶ᠋ᠢᠯᠠᠰᠤᠨ ᠮᠤᠳᠤᠨ᠎ᠳᠤ ᠡᠮ ᠰᠦᠷᠴᠢᠵᠦ ᠬᠦᠨᠦᠭᠡᠯᠳᠤ ᠬᠤᠷᠤᠬᠠᠢ ᠵᠢ ᠰᠡᠷᠭᠡᠶ᠋ᠢᠯᠡᠨ ᠵᠠᠰᠠᠬᠤ ᠠᠵᠢᠯ ᠥᠷᠨᠢᠭᠦᠯᠪᠡ᠃ ᠭᠠᠳᠠᠰᠤ ᠥᠷᠡᠰ ᠮᠠᠯᠵᠢᠯ᠎ᠤᠨ ᠲᠠᠯᠠᠪᠠᠢ ᠵᠢᠨ ᠨᠡᠶ᠋ᠢᠲᠡ ᠵᠢᠨ ᠠᠰᠠᠷᠠᠮᠵᠢ ᠵᠢᠨ ᠣᠶ ᠰᠢᠭᠤᠶ ᠵᠢᠨ ᠬᠠᠮᠢᠶᠠᠷᠤᠯᠲᠠ ᠵᠢᠨ ᠥᠷᠲᠡᠭᠡ ᠵᠢᠨ ᠠᠵᠢᠯᠲᠠᠳ ᠡᠳᠦᠷ ᠲᠤᠲᠤᠮ᠎ᠤᠨ ᠣᠶ ᠰᠢᠭᠤᠶ ᠬᠠᠮᠠᠭ᠋ᠠᠯᠠᠬᠤ ᠠᠵᠢᠯ᠎ᠢ ᠥᠷᠨᠢᠭᠦᠯᠬᠦ ᠦᠶ᠎ᠡ᠎ᠳᠤ᠂ ᠡᠷᠲᠡᠨ᠎ᠤ ᠬᠠᠶ᠋ᠢᠯᠠᠰᠤᠨ ᠮᠤᠳᠤᠨ᠎ᠳᠤ ᠬᠠᠪᠤᠷ᠎ᠤᠨ ᠢᠷᠣᠬᠠᠶ ᠵᠡᠷᠭᠡ ᠣᠶ ᠰᠢᠭᠤᠶ ᠵᠢᠨ ᠬᠦᠨᠦᠭᠡᠯᠳᠤ ᠬᠤᠷᠤᠬᠠᠢ ᠪᠠᠶ᠋ᠢᠬᠤ ᠮᠦᠷᠳᠡᠭᠡᠨ ᠬᠤᠷᠣᠬᠠᠶ ᠵᠢᠨ ᠬᠥᠨᠥᠭᠡᠯ᠎ᠤᠨ ᠲᠠᠯᠠᠪᠠᠶ 70%᠎ᠠᠴᠠ ᠳᠡᠭᠡᠭᠰᠢ᠎ᠳᠤ ᠬᠦᠷᠴᠦ᠂ ᠬᠠᠶ᠋ᠢᠯᠠᠰᠤᠨ ᠮᠣᠳᠣᠨ᠎ᠤ ᠥᠰᠥᠯᠲᠡ ᠪᠤᠶ᠋ᠢᠵᠢᠯᠲᠠ ᠵᠢ ᠬᠦᠨᠳᠦ ᠨᠣᠴᠢᠲᠠᠶ ᠨᠥᠯᠥᠭᠡᠯᠡᠵᠦ ᠪᠠᠶ᠋ᠢᠬᠤ ᠵᠢ ᠣᠯᠵᠤ ᠮᠡᠳᠡᠵᠡᠶ᠃ ᠣᠶ ᠰᠢᠭᠤᠶ ᠵᠢᠨ ᠡᠬᠢ ᠪᠠᠶᠠᠯᠢᠭ᠎ᠢ ᠬᠠᠮᠠᠭ᠋ᠠᠯᠠᠵᠤ᠂ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠵᠢᠨ ᠲᠥᠯᠥᠭᠡ᠂ ᠬᠡᠳᠦᠨ ᠡᠳᠦᠷ᠎ᠤᠨ ᠲᠤᠷᠰᠢ᠂ ᠭᠠᠳᠠᠰᠤ ᠦᠷᠡᠰ ᠮᠠᠯᠵᠢᠯ᠎ᠤᠨ ᠲᠠᠯᠠᠪᠠᠶ᠂ ᠵᠠᠷᠤᠳ ᠬᠤᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠲᠤᠰᠬᠠᠶ ᠮᠡᠷᠭᠡᠵᠢᠯᠳᠡᠨ᠎ᠲᠠᠢ ᠬᠤᠯᠪᠤᠭ᠋ᠠᠯᠠᠨ ᠡᠭᠴᠡ ᠪᠤᠰᠬᠤ ᠨᠢᠰᠬᠡᠯ ᠵᠶ᠋ᠠᠷ ᠬᠤᠷᠣᠬᠠᠶ ᠵᠢᠨ ᠬᠥᠨᠥᠭᠡᠯ᠎ᠳᠤ ᠤᠴᠠᠷᠠᠭᠰᠠᠨ ᠡᠷᠳᠡᠨ᠎ᠤ ᠬᠠᠶ᠋ᠢᠯᠠᠰᠤᠨ᠎ᠳᠤ ᠡᠮ ᠰᠦᠷᠴᠢᠵᠦ ᠬᠦᠨᠦᠭᠡᠯᠳᠤ ᠬᠤᠷᠤᠬᠠᠢ ᠵᠢ ᠰᠡᠷᠭᠡᠶ᠋ᠢᠯᠡᠨ ᠵᠠᠰᠠᠬᠤ ᠠᠵᠢᠯ ᠵᠶ᠋ᠠᠨ ᠡᠬᠢᠯᠡᠬᠦᠯᠪᠡ᠃ ᠡᠭᠴᠡ ᠪᠤᠰᠬᠤ ᠨᠢᠰᠭᠡᠯ ᠵᠶ᠋ᠠᠷ ᠡᠮ ᠰᠠᠴᠤᠬᠤ᠎ᠨᠢ ᠠᠵᠢᠯ᠎ᠳᠤ ᠠᠷᠪᠢᠲᠠᠶ᠂ ᠥᠨᠳᠥᠷ ᠪᠦᠲᠦᠮᠵᠢᠲᠡᠶ᠂ ᠡᠯ᠎ᠡ ᠵᠦᠢ᠍ᠯ᠎ᠤᠨ ᠬᠦᠨᠦᠭᠡᠯᠳᠤ ᠬᠤᠷᠣᠬᠠᠶ ᠵᠢ ᠵᠡᠷᠭᠡ᠎ᠪᠠᠷ ᠵᠠᠰᠠᠵᠦ᠂ ᠴᠠᠭ ᠲᠤᠬᠠᠶ᠎ᠳᠤᠨᠢ ᠭᠠᠵᠠᠷ ᠳᠡᠭᠡᠷᠡᠬᠢ ᠰᠡᠷᠭᠡᠶ᠋ᠢᠯᠡᠨ ᠵᠠᠰᠠᠯᠲᠠ᠎ᠲᠠᠢ ᠵᠡᠷᠭᠡ᠎ᠪᠠᠷ ᠵᠠᠰᠠᠨ ᠰᠠᠶ᠋ᠢᠵᠢᠷᠠᠭᠤᠯᠬᠤ ᠵᠢ ᠪᠡᠶᠡᠯᠡᠭᠦᠯᠵᠦ᠂ ᠣᠬᠤᠷ ᠬᠤᠭᠤᠴᠠᠭ᠋ᠠᠨ᠎ᠳᠤ ᠬᠤᠷᠣᠬᠠᠶ ᠵᠢᠨ ᠨᠢᠭᠲᠠᠴᠠ ᠵᠢ ᠲᠦᠷᠭᠡᠨ ᠪᠠᠭᠤᠷᠠᠭᠤᠯᠬᠤ ᠵᠠᠷᠭᠡ ᠠᠴᠢ ᠲᠤᠰᠠ᠎ᠲᠠᠢ ᠪᠠᠶ᠋ᠢᠳᠠᠭ ᠪᠤᠯᠬᠤᠷ ᠬᠤᠤᠷᠳᠥᠯ ᠦᠭᠡᠢ᠎ᠪᠠᠷ ᠰᠡᠷᠭᠡᠶ᠋ᠢᠯᠡᠨ ᠵᠠᠰᠠᠬᠤ ᠠᠵᠢᠯ᠎ᠳᠤ ᠢᠯᠡᠷᠭᠡᠢ ᠦᠷ᠎ᠡ ᠪᠦᠲᠦᠮᠵᠢ ᠤᠯᠵᠦ᠂ ᠬᠤᠷᠣᠬᠠᠶ ᠵᠢᠨ ᠬᠥᠨᠥᠭᠡᠯ᠎ᠢ ᠪᠦᠲᠦᠮᠵᠢᠲᠡᠶ ᠬᠢᠵᠠᠭ᠋ᠠᠷᠯᠠᠵᠤ᠂ ᠡᠷᠳᠡᠨ᠎ᠤ ᠬᠠᠶ᠋ᠢᠯᠠᠰᠣᠨ ᠮᠤᠳᠤᠨ᠎ᠤ ᠬᠤᠷᠣᠬᠠᠶ ᠵᠢᠨ ᠬᠥᠨᠥᠭᠡᠯ᠎ᠳᠤ ᠤᠴᠠᠷᠠᠬᠤ ᠬᠡᠮᠵᠢᠶ᠎ᠡ ᠵᠢ ᠶᠡᠭᠡ᠎ᠪᠠᠷ ᠪᠠᠭᠤᠷᠠᠭᠤᠯᠵᠤ᠂ ᠣᠶ ᠰᠢᠭᠤᠶ ᠵᠢᠨ ᠡᠬᠢ ᠪᠠᠶᠠᠯᠢᠭ᠎ᠢ ᠬᠠᠮᠠᠭ᠋ᠠᠯᠠᠵᠦ ᠴᠢᠳᠠᠭᠰᠠᠨ ᠪᠠᠶ᠋ᠢᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠲᠦᠩᠯᠢᠶᠣᠤ ᠬᠤᠲᠠ 3000 ᠲᠦᠮᠡᠨ ᠮᠥ᠍ ᠡᠯᠡᠰᠦᠷᠬᠡᠭᠵᠢᠭᠰᠡᠨ ᠭᠠᠵᠠᠷ᠎ᠢ ᠪᠦᠲᠦᠮᠵᠢᠲᠡᠶ ᠵᠠᠰᠠᠪᠠ
ᠠᠯᠠᠱ᠌ᠠ ᠪᠠᠷᠠᠭᠤᠨ ᠬᠣᠰᠢᠭᠤᠨ᠎ᠤ 2020 ᠣᠨ᠎ᠤ ᠮᠠᠯᠵᠢᠬᠤ ᠵᠢ ᠵᠣᠭᠰᠣᠭ᠋ᠠᠵᠤ ᠡᠪᠡᠰᠦ ᠪᠡᠯᠴᠢᠭᠡᠷ᠎ᠢ ᠰᠡᠷᠭᠦᠭᠡᠬᠦ ᠢᠨᠵᠧᠨᠧᠷᠢᠩ᠎ᠤᠨ ᠪᠡᠯᠴᠢᠭᠡᠷ᠎ᠢ ᠰᠡᠷᠬᠦᠭᠡᠬᠦ ᠲᠤᠤᠷ ᠬᠡᠷᠡᠰᠭᠡ ᠵᠢᠨ ᠲᠥᠷᠥᠯ ᠵᠦᠢ᠍ᠯ᠎ᠤᠨ ᠠᠬᠢᠴᠠ ᠤᠷᠤᠭᠰᠢᠲᠠᠶ ᠪᠠᠶ᠋ᠢᠨ᠎ᠠ
ᠣᠲᠣᠭ ᠬᠣᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠤᠬᠠᠭᠤᠯᠭ᠎ᠠ ᠵᠢᠨ ᠠᠵᠢᠯ᠎ᠢ ᠥᠷᠨᠢᠭᠦᠯᠪᠡ
ᠪᠤᠭᠤᠲᠤ ᠬᠤᠳᠠ ᠲᠡᠯᠡᠬᠡᠢ ᠲᠡᠬᠡᠷᠡᠬᠢ ᠤᠤᠭ᠋ᠠᠨ ᠲᠦᠮᠡᠨ ᠮᠦ᠍ ᠵᠢᠨ ᠲᠡᠰ᠎ᠤᠨ 《5G ᠵᠢᠨ ᠲᠤᠭ᠋ᠠᠴᠢᠯᠠᠬᠰᠠᠨ ᠪᠤᠷᠤ ᠴᠠᠷᠭ᠋ᠠᠰᠤ ᠵᠢᠨ ᠪᠡᠯᠴᠢᠭᠡᠷ》᠎ᠢ ᠪᠦᠳᠦᠬᠡᠡ ᠪᠠᠶ᠋ᠢᠭᠤᠯᠬᠤ᠎ᠪᠠᠷ ᠪᠠᠶ᠋ᠢᠨ᠎ᠠ
ᠠᠷᠤ ᠬᠣᠷᠴᠢᠨ ᠬᠣᠰᠢᠭᠣ ᠠᠮᠢ ᠠᠬᠤᠶ ᠵᠢᠨ ᠬᠠᠮᠠᠭ᠋ᠠᠯᠠᠯᠲᠠ ᠪᠠ ᠪᠥᠲᠥᠭᠡᠨ ᠪᠠᠶ᠋ᠢᠭᠤᠯᠤᠯᠲᠠ ᠵᠢ ᠲᠠᠰᠤᠷᠠᠯᠲᠠ ᠥᠬᠡᠶ ᠴᠢᠩᠭ᠋ᠠᠳᠬᠠᠵᠤ ᠪᠣᠢ
 
             蒙ICP备05000248号