ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠣᠲᠣᠭ ᠬᠣᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠤᠬᠠᠭᠤᠯᠭ᠎ᠠ ᠵᠢᠨ ᠠᠵᠢᠯ᠎ᠢ ᠥᠷᠨᠢᠭᠦᠯᠪᠡ
ᠨᠡᠶ᠋ᠢᠲᠡᠯᠡᠭᠰᠡᠨ ᠴᠠᠭ᠄ 2021-07-27

      ᠣᠶ᠋ᠢᠷ᠎ᠠ ᠵᠢᠨ ᠡᠳᠦᠷ᠎ᠤᠳ᠎ᠲᠤ᠂ ᠣᠲᠣᠭ ᠬᠣᠰᠢᠭᠤᠨ᠎ᠤ ᠶᠡᠬᠡᠩᠬᠢ ᠭᠠᠵᠠᠷ ᠣᠷᠣᠨ᠎ᠤ ᠠᠭᠤᠷ ᠠᠮᠢᠰᠬᠤᠯ ᠭᠠᠩ ᠬᠠᠭᠤᠷᠠᠶ᠂ ᠥᠨᠳᠥᠷ ᠳᠤᠯᠠᠭ᠋ᠠᠨ ᠪᠣᠷᠣᠭ᠋ᠠᠨ ᠪᠠᠭ᠎ᠠ᠎ᠠᠴᠠ ᠪᠣᠯᠵᠣ᠂ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠤᠨ ᠠᠶᠤᠯ᠎ᠤᠨ ᠲᠦᠭᠰᠢᠬᠦᠷᠢ᠎ᠳᠤ ᠲᠤᠯᠭ᠋ᠠᠷᠠᠵᠤ᠂ ᠪᠥᠬᠥ ᠬᠣᠰᠢᠭᠤᠨ᠎ᠤ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠳᠪᠦᠷᠢᠯᠡᠯ᠎ᠳᠤ ᠬᠦᠨᠳᠦ ᠶᠡᠬᠡ ᠨᠥᠯᠥᠭᠡ ᠦᠵᠡᠭᠦᠯᠵᠦ ᠪᠠᠶ᠋ᠢᠨ᠎ᠠ᠃
      ᠣᠲᠣᠭ ᠬᠣᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠦᠨᠳᠦᠷ ᠲᠤᠯᠠᠭ᠋ᠠᠨᠲᠤ ᠭᠠᠩ ᠬᠠᠭᠤᠷᠠᠶ ᠴᠠᠭ ᠠᠭ᠋ᠠᠷ᠎ᠤᠨ ᠬᠤᠭᠤᠴᠠᠭ᠋ᠠᠨ᠎ᠳᠤ ᠣᠶ ᠰᠢᠭᠤᠶ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠴᠢᠩᠭ᠎ᠠ ᠰᠡᠷᠭᠡᠶ᠋ᠢᠯᠡᠬᠦ ᠵᠢᠨ ᠲᠥᠯᠥᠭᠡ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠤᠬᠠᠭᠤᠯᠭ᠎ᠠ ᠵᠢᠨ ᠠᠵᠢᠯ᠎ᠢ ᠰᠠᠶ᠋ᠢᠲᠤᠷ ᠬᠢᠵᠦ᠂ ᠪᠥᠬᠥ ᠬᠣᠰᠢᠭᠤᠨ᠎ᠤ ᠭᠤᠤᠯᠳᠠᠯᠭ᠎ᠠ᠎ᠲᠠᠢ ᠭᠠᠯ ᠲᠦᠢ᠍ᠮᠡᠷ᠎ᠤᠨ ᠲᠦᠭᠰᠢᠭᠦᠷᠢ᠎ᠲᠠᠢ ᠣᠷᠣᠨ᠎ᠳᠤ ᠭᠠᠯ᠎ᠢ ᠰᠡᠷᠭᠡᠶ᠋ᠢᠯᠡᠬᠦ ᠤᠬᠠᠭᠤᠯᠭ᠎ᠠ ᠵᠢᠨ ᠠᠵᠢᠯ ᠥᠷᠨᠢᠭᠦᠯᠵᠦ᠂ ᠭᠤᠤᠯᠳᠠᠯᠭ᠎ᠠ᠎ᠲᠠᠢ ᠣᠷᠣᠨ ᠪᠦᠰᠡ᠂ ᠭᠤᠤᠯᠳᠠᠯᠭ᠎ᠠ᠎ᠲᠠᠢ ᠵᠠᠮ᠎ᠳᠤ ᠭᠠᠯ᠎ᠢ ᠰᠡᠷᠭᠡᠶ᠋ᠢᠯᠡᠬᠦ ᠤᠬᠠᠭᠤᠯᠭ᠎ᠠ ᠵᠢᠨ ᠳᠣᠬᠢᠶ᠎ᠡ ᠲᠡᠮᠳᠡᠭ ᠪᠠ ᠤᠷᠢᠶ᠎ᠠ ᠡᠯᠭᠦᠵᠦ᠂ ᠥᠩᠭᠡᠲᠦ ᠲᠣᠭ ᠲᠠᠷᠬᠠᠭ᠋ᠠᠬᠤ ᠵᠢᠨ ᠬᠠᠮᠲᠤ ᠤᠯᠠᠭ᠋ᠠᠨ ᠤᠰᠤ᠂ ᠬᠦᠷᠢᠶ᠎ᠡ ᠬᠤᠳᠳᠤᠭ ᠵᠡᠷᠭᠡ ᠦᠢ᠍ᠯᠡᠴᠢᠯᠡᠭᠡᠨ᠎ᠤ ᠲᠣᠭᠣᠷᠢᠭ᠎ᠲᠤ ᠭᠦᠨᠵᠡᠭᠡᠶ᠋ᠢᠷᠡᠨ ᠥᠷᠭᠡᠨ ᠣᠯᠠᠨ ᠮᠠᠯᠴᠢᠨ ᠲᠠᠷᠢᠶᠠᠴᠢᠨ᠂ ᠵᠢᠭᠤᠯᠴᠢᠯᠠᠭᠴᠢᠳ᠎ᠤᠨ ᠣᠶ ᠰᠢᠭᠤᠶ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠢ᠌ᠯᠡᠬᠦ ᠤᠬᠠᠮᠰᠠᠷ᠎ᠢ ᠲᠡᠭᠡᠭᠰᠢᠯᠡᠭᠦᠯᠪᠡ᠃
      ᠬᠣᠰᠢᠭᠤᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠭᠠᠩ ᠬᠠᠭᠤᠷᠠᠶ᠂ ᠶᠡᠬᠡ ᠰᠠᠯᠬᠢ᠂ ᠠᠭ᠋ᠠᠷ᠎ᠤᠨ ᠳᠤᠯᠠᠭ᠋ᠠᠨ ᠥᠨᠳᠥᠷ᠂ ᠠᠭ᠋ᠠᠷ᠎ᠤᠨ ᠴᠢᠭᠢᠭᠴᠡ ᠳᠤᠤᠷ᠎ᠠ ᠪᠠᠢ᠌ᠭ᠎ᠠ ᠠᠭᠤᠷ ᠠᠮᠢᠰᠬᠤᠯ᠎ᠳᠤ ᠬᠡᠭᠡᠷ᠎ᠡ ᠭᠠᠳᠠᠨ᠎ᠠ ᠭᠠᠯ ᠬᠡᠷᠡᠭᠯᠡᠵᠦ ᠪᠣᠯᠬᠤ ᠦᠭᠡᠢ ᠭᠡᠵᠦ ᠰᠠᠨᠠᠭᠤᠯᠪᠠ᠃ ᠬᠡᠭᠡᠷ᠎ᠡ ᠭᠠᠳᠠᠨ᠎ᠠ ᠭᠠᠯ ᠵᠶ᠋ᠠᠷ ᠨᠠᠭ᠋ᠠᠳᠬᠤ᠂ ᠲᠠᠮᠠᠬᠢ ᠲᠠᠲᠠᠬᠤ᠂ ᠬᠤᠸᠠᠷ ᠫᠤᠤᠵᠢᠩ ᠲᠠᠯᠪᠢᠬᠤ᠂ ᠭᠠᠯ ᠪᠠᠮᠪᠠᠷ ᠠᠰᠠᠭ᠋ᠠᠬᠤ᠂ ᠴᠠᠭ᠋ᠠᠰᠤ ᠵᠡᠷᠭᠡ ᠡᠯᠳᠡᠪ ᠶᠠᠭᠤᠮ᠎ᠠ ᠰᠢᠲᠠᠭ᠋ᠠᠬᠤ᠂ ᠪᠤᠷᠳᠤᠭᠤᠷ ᠴᠤᠭᠯᠠᠭᠤᠯᠬᠤ ᠵᠡᠷᠭᠡ ᠪᠣᠯ ᠭᠣᠣᠯ ᠪᠣᠯᠬᠤ ᠭᠠᠯ᠎ᠤᠨ ᠰᠤᠷᠪᠤᠯᠵᠢ ᠪᠣᠯᠤᠨ᠎ᠠ᠂ ᠭᠠᠯ ᠬᠡᠷᠡᠭᠯᠡᠬᠦ ᠵᠢ ᠬᠢᠴᠢᠶᠡᠵᠦ᠂ ᠭᠠᠯ ᠬᠡᠷᠡᠭᠯᠡᠬᠦ᠎ᠳᠤ ᠠᠮᠤᠷ ᠲᠦᠪᠰᠢᠨ᠎ᠢ ᠠᠩᠬᠠᠷᠬᠤ ᠬᠡᠷᠡᠭᠲᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠪᠤᠭᠤᠲᠤ ᠬᠤᠳᠠ ᠲᠡᠯᠡᠬᠡᠢ ᠲᠡᠬᠡᠷᠡᠬᠢ ᠤᠤᠭ᠋ᠠᠨ ᠲᠦᠮᠡᠨ ᠮᠦ᠍ ᠵᠢᠨ ᠲᠡᠰ᠎ᠤᠨ 《5G ᠵᠢᠨ ᠲᠤᠭ᠋ᠠᠴᠢᠯᠠᠬᠰᠠᠨ ᠪᠤᠷᠤ ᠴᠠᠷᠭ᠋ᠠᠰᠤ ᠵᠢᠨ ᠪᠡᠯᠴᠢᠭᠡᠷ》᠎ᠢ ᠪᠦᠳᠦᠬᠡᠡ ᠪᠠᠶ᠋ᠢᠭᠤᠯᠬᠤ᠎ᠪᠠᠷ ᠪᠠᠶ᠋ᠢᠨ᠎ᠠ
ᠠᠷᠤ ᠬᠣᠷᠴᠢᠨ ᠬᠣᠰᠢᠭᠣ ᠠᠮᠢ ᠠᠬᠤᠶ ᠵᠢᠨ ᠬᠠᠮᠠᠭ᠋ᠠᠯᠠᠯᠲᠠ ᠪᠠ ᠪᠥᠲᠥᠭᠡᠨ ᠪᠠᠶ᠋ᠢᠭᠤᠯᠤᠯᠲᠠ ᠵᠢ ᠲᠠᠰᠤᠷᠠᠯᠲᠠ ᠥᠬᠡᠶ ᠴᠢᠩᠭ᠋ᠠᠳᠬᠠᠵᠤ ᠪᠣᠢ
ᠬᠢᠩᠭ᠋ᠠᠨ ᠠᠶ᠋ᠢᠮᠠᠭ ᠠᠩᠬᠠᠳᠤᠭ᠋ᠠᠷ ᠤᠳᠠᠭ᠎ᠠ ᠵᠢᠨ ᠤᠢ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠠᠯᠪᠠᠨ ᠭᠡᠷ᠎ᠤᠨ ᠡᠷᠬᠢᠯᠡᠭᠴᠢᠳ᠎ᠤᠨ ᠬᠤᠷᠠᠯ ᠬᠤᠷᠠᠯᠳᠤᠭᠤᠯᠪᠠ
《ᠤᠯᠠᠭ᠋ᠠᠨᠴᠠᠪ ᠬᠤᠲᠠ ᠵᠢᠨ ᠳᠠᠭ᠎ᠠ ᠵᠢᠨ ᠨᠠᠭᠤᠷ᠎ᠤᠨ ᠤᠰᠤᠨ᠎ᠤ ᠠᠮᠢ ᠠᠬᠤᠶ ᠵᠢᠨ ᠬᠠᠮᠠᠭ᠋ᠠᠯᠠᠯᠲᠠ ᠵᠢᠨ ᠲᠥᠯᠥᠪᠵᠢᠭᠦᠯᠭᠡ (ᠵᠠᠰᠠᠪᠤᠷᠢ ᠣᠷᠣᠭᠤᠯᠤᠭᠰᠠᠨ)》 ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠬᠤ ᠴᠢᠳᠠᠪᠤᠷᠢ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠪᠥᠬᠦ ᠪᠥᠲᠥᠭᠡᠨ ᠪᠠᠶ᠋ᠢᠭᠤᠯᠤᠯᠲᠠ ᠵᠢᠨ ᠡᠭᠦᠷᠭᠡ ᠵᠢ ᠤᠷᠢᠳᠴᠢᠯᠠᠨ ᠪᠡᠶᠡᠯᠡᠭᠦᠯᠪᠡ
ᠰᠢᠩ ᠾᠧ ᠰᠢᠶᠠᠨ 《ᠳᠡᠯᠡᠬᠡᠢ ᠵᠢᠨ ᠨᠤᠭᠤ ᠭᠠᠵᠠᠷ᠎ᠤᠨ ᠡᠳᠦᠷ》᠎ᠤᠨ ᠭᠤᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
 
             蒙ICP备05000248号