ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠪᠤᠭᠤᠲᠤ ᠬᠤᠳᠠ ᠲᠡᠯᠡᠬᠡᠢ ᠲᠡᠬᠡᠷᠡᠬᠢ ᠤᠤᠭ᠋ᠠᠨ ᠲᠦᠮᠡᠨ ᠮᠦ᠍ ᠵᠢᠨ ᠲᠡᠰ᠎ᠤᠨ 《5G ᠵᠢᠨ ᠲᠤᠭ᠋ᠠᠴᠢᠯᠠᠬᠰᠠᠨ ᠪᠤᠷᠤ ᠴᠠᠷᠭ᠋ᠠᠰᠤ ᠵᠢᠨ ᠪᠡᠯᠴᠢᠭᠡᠷ》᠎ᠢ ᠪᠦᠳᠦᠬᠡᠡ ᠪᠠᠶ᠋ᠢᠭᠤᠯᠬᠤ᠎ᠪᠠᠷ ᠪᠠᠶ᠋ᠢᠨ᠎ᠠ
ᠨᠡᠶ᠋ᠢᠲᠡᠯᠡᠭᠰᠡᠨ ᠴᠠᠭ᠄ 2021-08-04

      ᠤᠢ᠍ᠢ᠍ᠷ᠎ᠡ ᠵᠢᠨ ᠡᠳᠦᠷ᠂ ᠪᠤᠭᠤᠲᠤ ᠬᠤᠳᠠ ᠵᠢᠨ 《ᠲᠦᠮᠡᠨ ᠮᠦ᠍ ᠵᠢᠨ 5G ᠵᠢᠨ ᠲᠤᠭ᠋ᠠᠴᠢᠯᠠᠬᠰᠠᠨ ᠪᠤᠷᠤ ᠴᠠᠷᠭ᠋ᠠᠰᠤ ᠵᠢᠨ ᠵᠢᠱ᠌ᠢᠶ᠎ᠠ ᠦᠵᠡᠬᠦᠯᠬᠦ ᠪᠡᠯᠴᠢᠭᠡᠷ᠎ᠤᠨ ᠪᠦᠳᠦᠭᠡᠨ ᠪᠠᠶ᠋ᠢᠭᠤᠯᠤᠯᠳᠠ ᠵᠢᠨ ᠲᠦᠷᠦᠯ ᠵᠦᠢ᠍ᠯ》᠎ᠨᠢ ᠦᠪᠡᠷᠳᠡᠭᠡᠨ ᠵᠠᠰᠠᠬᠤ ᠤᠷᠤᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠠ ᠵᠢ ᠡᠬᠦᠳᠬᠦ᠎ᠪᠠᠷ ᠮᠠᠯ ᠠᠵᠤ ᠠᠬᠤᠢ ᠲᠡᠷᠢᠶᠠᠯᠠᠩ ᠤᠢ ᠰᠢᠭᠤᠢ ᠡᠪᠡᠰᠦ ᠪᠡᠯᠴᠢᠭᠡᠷ᠎ᠤᠨ ᠠᠵᠤ ᠦᠢ᠍ᠯᠡᠰ᠎ᠤᠨ ᠴᠢᠨᠠᠷ ᠰᠠᠶ᠋ᠢᠳᠠᠢ ᠬᠦᠭᠵᠢᠯᠳᠡ᠎ᠳᠤ ᠦᠢ᠍ᠯᠡᠴᠢᠯᠡᠬᠦ ᠵᠤᠯᠭ᠋ᠠᠯᠴᠠᠭᠤᠯᠬᠤ ᠶᠠᠷᠢᠯᠴᠠᠬᠤ ᠬᠤᠷᠠᠯ ᠲᠡᠭᠡᠷ᠎ᠠ ᠭᠡᠷ᠎ᠠ ᠲᠤᠭᠳᠠᠪᠠ᠃

      ᠤᠢ᠍ᠢ᠍ᠯᠠᠭ᠋ᠠᠬᠰᠠᠨ ᠵᠶ᠋ᠠᠷ᠂ ᠲᠤᠰ ᠲᠦᠷᠤᠯ ᠵᠦᠢ᠍ᠯ ᠲᠡᠯᠡᠬᠡᠢ ᠲᠡᠬᠡᠷᠡᠬᠢ ᠤᠤᠭ᠋ᠠᠨ ᠲᠦᠮᠡᠨ ᠮᠦ᠍ ᠵᠢᠨ ᠲᠡᠰ᠎ᠤᠨ 《5G ᠵᠢᠨ ᠲᠤᠭ᠋ᠠᠴᠢᠯᠠᠬᠰᠠᠨ ᠪᠤᠷᠤ ᠴᠠᠷᠭ᠋ᠠᠰᠤ ᠵᠢᠨ ᠪᠡᠯᠴᠢᠭᠡᠷ》᠎ᠤᠨ ᠪᠦᠳᠦᠬᠡᠡ ᠪᠠᠶ᠋ᠢᠭᠤᠯᠤᠯᠳᠠ ᠵᠢᠨ ᠲᠦᠷᠤᠯ ᠵᠦᠢ᠍ᠯ ᠪᠤᠯᠤᠨ᠎ᠠ᠃ ᠲᠤᠰ ᠲᠦᠷᠤᠯ ᠵᠦᠢ᠍ᠯ 5G᠂ ᠲᠤᠬᠢᠭᠤᠷ ᠲᠤᠯᠤᠭ᠋ᠠᠨ ᠤᠳᠤᠨ᠎ᠤ RTK ᠨᠠᠷᠢᠯᠢᠭ ᠤᠨᠤᠪᠴᠢᠳᠠᠢ ᠪᠠᠶ᠋ᠢᠷᠢ ᠲᠤᠬᠳᠠᠭ᠋ᠠᠯᠳᠠ᠂ ᠲᠠᠭ᠋ᠠᠭᠤᠯᠢ ᠤᠳᠤᠨ᠎ᠤ ᠠᠯᠤᠰ ᠰᠡᠷᠡᠯ᠂ ᠪᠠᠷᠠᠭ᠋ᠠᠨ᠎ᠤ ᠬᠦᠢ᠍ᠯᠭᠡᠭᠡ ᠵᠢᠨ ᠬᠤᠯᠪᠤᠭ᠋ᠠᠳᠤ ᠰᠦᠯᠵᠢᠶ᠎ᠠ᠂ ᠬᠢᠮᠡᠯ ᠤᠶᠤᠨ᠂ ᠰᠢᠨ᠎ᠠ ᠡᠨᠧᠷᠬᠢ ᠵᠢᠨ ᠲᠠᠷᠢᠶᠠᠯᠠᠩ᠎ᠤᠨ ᠮᠠᠰᠢᠨ᠂ L4 ᠲᠡᠰ᠎ᠤᠨ ᠵᠢᠯᠤᠭᠤᠴᠢ ᠦᠭᠡᠢ ᠡᠵᠡᠮᠳᠡᠭᠦᠷ᠂ ᠲᠤᠭ᠋ᠠᠴᠢᠯᠠᠬᠰᠠᠨ ᠲᠡᠷᠢᠶᠠᠯᠠᠩ᠎ᠤᠨ ᠮᠡᠷᠭᠡᠵᠢᠯ ᠵᠡᠷᠭᠡ ᠲᠡᠯᠡᠭᠡᠢ ᠵᠢᠨ ᠤᠷᠦ᠋ᠢ᠍ᠯᠠᠬᠰᠠᠨ ᠤᠯᠠᠨ ᠵᠦᠢ᠍ᠯ᠎ᠤᠨ ᠮᠡᠷᠭᠡᠵᠢᠯ᠎ᠢ ᠬᠡᠷᠡᠭᠯᠡᠵᠦ᠂ 《ᠲᠤᠭ᠋ᠠᠴᠢᠯᠠᠬᠰᠠᠨ ᠲᠠᠷᠢᠶᠠᠨ ᠭᠠᠵᠠᠷ》᠂ 《ᠲᠤᠭ᠋ᠠᠴᠢᠯᠠᠬᠰᠠᠠ ᠲᠠᠷᠢᠶᠠᠯᠠᠩ᠎ᠤᠨ ᠮᠠᠰᠢᠨ》᠂ 《ᠲᠤᠭ᠋ᠠᠴᠢᠯᠠᠬᠰᠠᠨ ᠲᠠᠷᠢᠶᠠᠯᠠᠩ᠎ᠤᠨ ᠮᠡᠷᠭᠡᠵᠢᠯ》 ᠵᠡᠷᠭᠡ ᠭᠤᠷᠪᠠᠨ ᠡᠯᠧᠮᠧᠨ᠋ᠲ᠎ᠤᠨ ᠲᠤᠭᠤᠷᠢᠨ᠎ᠳᠤ᠂ ᠪᠤᠭᠤᠲᠤ ᠬᠤᠳᠠ 5G ᠲᠤᠭ᠋ᠠᠴᠢᠯᠠᠬᠰᠠᠨ ᠴᠠᠷᠭ᠋ᠠᠰᠤ ᠵᠢᠨ ᠪᠡᠯᠴᠢᠭᠡᠷ᠎ᠢ ᠪᠦᠳᠦᠬᠡᠡ ᠪᠠᠶ᠋ᠢᠭᠤᠯᠬᠤ ᠵᠢᠨ ᠵᠡᠷᠬᠡᠪᠠᠷ ᠪᠠᠰᠠ ᠰᠢᠨ᠎ᠠ ᠡᠨᠧᠷᠬᠢ ᠵᠢᠨ ᠲᠠᠷᠢᠶᠠᠯᠠᠩ᠎ᠤᠨ ᠮᠠᠰᠢᠨ᠎ᠢ ᠪᠦᠭᠡᠮ ᠵᠶ᠋ᠠᠷ ᠦᠢ᠍ᠯᠡᠳᠪᠦᠷᠢᠯᠡᠬᠦ ᠦᠢ᠍ᠯᠡᠳᠪᠦᠷᠢᠯᠡᠯ᠎ᠤᠨ ᠱᠤᠭᠤᠮ ᠪᠠ ᠪᠡᠯᠴᠢᠭᠡᠷ ᠡᠪᠡᠰᠤ ᠵᠢ ᠠᠮᠢ ᠠᠬᠤᠢ᠍ᠢ᠍ᠴᠢᠯᠠᠨ ᠲᠠᠷᠢᠵᠦ ᠤᠷᠭᠤᠭᠤᠯᠬᠤ ᠠᠵᠢᠯᠯᠠᠬᠤ ᠦᠷᠳᠡᠭᠡ ᠪᠠᠶ᠋ᠢᠭᠤᠯᠤᠨ᠎ᠠ᠃

      ᠲᠤᠰ ᠲᠦᠷᠤᠯ ᠵᠦᠢ᠍ᠯ᠎ᠢ ᠪᠤᠭᠤᠳᠤ ᠬᠤᠳᠠ᠎ᠳᠠᠬᠢ ᠦᠪᠦᠷ ᠮᠤᠩᠭᠤᠯ᠎ᠤᠨ ᠬᠤᠸᠠ ᠢᠤᠢ ᠮᠠᠯ ᠠᠵᠤ ᠠᠬᠤᠢ ᠲᠡᠷᠢᠶᠠᠯᠠᠩ᠎ᠤᠨ ᠮᠠᠰᠢᠨ ᠮᠧᠬᠠᠨᠢᠭ᠎ᠤᠨ ᠬᠢᠵᠠᠭ᠋ᠠᠷᠳᠤ ᠺᠤᠮᠫᠠᠨᠢ ᠪᠤᠯᠤᠨ ᠲᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠᠭ᠋ᠠᠷ ᠤᠬᠳᠠᠷᠭᠤᠢ ᠵᠢᠨ ᠮᠡᠳᠡᠭᠡ ᠵᠠᠩᠬᠢ ᠵᠢᠨ ᠰᠢᠨ᠎ᠠ ᠵᠢ ᠡᠬᠦᠳᠬᠦ ᠰᠤᠳᠤᠯᠭ᠋ᠠᠨ᠎ᠤ ᠬᠦᠷᠢᠶᠡᠯᠡᠩ᠎ᠤᠨ ᠤᠯᠤᠰ᠎ᠤᠨ ᠠᠯᠤᠰ ᠰᠡᠷᠡᠯ᠎ᠤᠨ ᠢᠨᠵᠧᠨᠧᠷᠢᠩ᠎ᠤᠨ ᠮᠡᠷᠭᠡᠵᠢᠯ᠎ᠤᠨ ᠰᠤᠳᠤᠯᠭ᠋ᠠᠨ᠎ᠤ ᠲᠦᠪ᠎ᠠᠴᠠ ᠬᠠᠮᠳᠤᠷᠠᠨ ᠪᠠᠶ᠋ᠢᠭᠤᠯᠵᠦ᠂ 1 ᠳ᠋ᠦᠩᠰᠢᠭᠤᠷ ᠲᠦᠭᠦᠷᠢᠭ᠎ᠤᠨ ᠪᠠᠯᠠ ᠤᠷᠤᠭᠤᠯᠵᠥ᠂ ᠮᠠᠨ᠎ᠤ ᠤᠷᠤᠨ᠎ᠤ ᠪᠡᠯᠴᠢᠭᠡᠷ᠎ᠤᠨ ᠲᠤᠭ᠋ᠠᠴᠢᠯᠠᠯᠳᠠ᠂ ᠤᠶᠤᠨᠴᠢᠯᠠᠯᠳᠠ ᠵᠢ ᠠᠬᠢᠭᠤᠯᠬᠤ᠎ᠳᠤ ᠴᠢᠬᠤᠯᠠ ᠲᠦᠯᠬᠢᠴᠠ ᠦᠢ᠍ᠯᠡᠳᠤᠯ ᠦᠵᠡᠬᠦᠯᠬᠦ ᠪᠤᠯᠤᠨ᠎ᠠ᠃
 

ᠢᠷᠡᠯᠲᠡ᠄ ᠳᠣᠮᠳᠠᠳᠣ ᠣᠯᠣᠰ᠎ᠤᠨ ᠮᠣᠩᠭᠤᠯ ᠬᠡᠯᠡᠨ᠎ᠤ ᠰᠤᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠤ ᠬᠣᠷᠴᠢᠨ ᠬᠣᠰᠢᠭᠣ ᠠᠮᠢ ᠠᠬᠤᠶ ᠵᠢᠨ ᠬᠠᠮᠠᠭ᠋ᠠᠯᠠᠯᠲᠠ ᠪᠠ ᠪᠥᠲᠥᠭᠡᠨ ᠪᠠᠶ᠋ᠢᠭᠤᠯᠤᠯᠲᠠ ᠵᠢ ᠲᠠᠰᠤᠷᠠᠯᠲᠠ ᠥᠬᠡᠶ ᠴᠢᠩᠭ᠋ᠠᠳᠬᠠᠵᠤ ᠪᠣᠢ
ᠬᠢᠩᠭ᠋ᠠᠨ ᠠᠶ᠋ᠢᠮᠠᠭ ᠠᠩᠬᠠᠳᠤᠭ᠋ᠠᠷ ᠤᠳᠠᠭ᠎ᠠ ᠵᠢᠨ ᠤᠢ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠠᠯᠪᠠᠨ ᠭᠡᠷ᠎ᠤᠨ ᠡᠷᠬᠢᠯᠡᠭᠴᠢᠳ᠎ᠤᠨ ᠬᠤᠷᠠᠯ ᠬᠤᠷᠠᠯᠳᠤᠭᠤᠯᠪᠠ
《ᠤᠯᠠᠭ᠋ᠠᠨᠴᠠᠪ ᠬᠤᠲᠠ ᠵᠢᠨ ᠳᠠᠭ᠎ᠠ ᠵᠢᠨ ᠨᠠᠭᠤᠷ᠎ᠤᠨ ᠤᠰᠤᠨ᠎ᠤ ᠠᠮᠢ ᠠᠬᠤᠶ ᠵᠢᠨ ᠬᠠᠮᠠᠭ᠋ᠠᠯᠠᠯᠲᠠ ᠵᠢᠨ ᠲᠥᠯᠥᠪᠵᠢᠭᠦᠯᠭᠡ (ᠵᠠᠰᠠᠪᠤᠷᠢ ᠣᠷᠣᠭᠤᠯᠤᠭᠰᠠᠨ)》 ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠬᠤ ᠴᠢᠳᠠᠪᠤᠷᠢ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠪᠥᠬᠦ ᠪᠥᠲᠥᠭᠡᠨ ᠪᠠᠶ᠋ᠢᠭᠤᠯᠤᠯᠲᠠ ᠵᠢᠨ ᠡᠭᠦᠷᠭᠡ ᠵᠢ ᠤᠷᠢᠳᠴᠢᠯᠠᠨ ᠪᠡᠶᠡᠯᠡᠭᠦᠯᠪᠡ
ᠰᠢᠩ ᠾᠧ ᠰᠢᠶᠠᠨ 《ᠳᠡᠯᠡᠬᠡᠢ ᠵᠢᠨ ᠨᠤᠭᠤ ᠭᠠᠵᠠᠷ᠎ᠤᠨ ᠡᠳᠦᠷ》᠎ᠤᠨ ᠭᠤᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠰᠢᠭᠤᠶ᠋ᠢᠲᠣ ᠵᠡᠭᠡᠯᠢ ᠭᠤᠳᠤᠮᠵᠢ ᠵᠢᠨ᠎ᠬᠢᠨ ᠭᠠᠯ ᠤᠨᠲᠠᠷᠠᠭ᠋ᠠᠬᠤ ᠮᠡᠳᠡᠯᠭᠡ ᠵᠢᠨ ᠲᠠᠶ᠋ᠢᠯᠤᠮᠵᠢ ᠵᠢ ᠰᠤᠷᠤᠯᠴᠠᠨ᠎ᠠ
 
             蒙ICP备05000248号