ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠰᠢᠩ ᠾᠧ ᠰᠢᠶᠠᠨ 《ᠳᠡᠯᠡᠬᠡᠢ ᠵᠢᠨ ᠨᠤᠭᠤ ᠭᠠᠵᠠᠷ᠎ᠤᠨ ᠡᠳᠦᠷ》᠎ᠤᠨ ᠭᠤᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2022-01-29

      ᠡᠨᠡ ᠵᠢᠯ᠎ᠤᠨ 2 ᠰᠠᠷ᠎ᠠ ᠵᠢᠨ 2᠎ᠤᠨ ᠡᠳᠦᠷ ᠪᠣᠯ ᠳᠡᠯᠡᠬᠡᠶ ᠵᠢᠨ ᠬᠤᠷᠢᠨ ᠵᠢᠷᠭᠤᠳᠡᠬᠢ ᠨᠤᠭᠤ ᠭᠠᠵᠠᠷ᠎ᠤᠨ ᠡᠳᠦᠷ ᠮᠥᠨ᠂ ᠮᠠᠨ᠎ᠤ ᠤᠯᠤᠰ᠎ᠤᠨ 《ᠨᠤᠭᠤ ᠭᠠᠵᠠᠷ᠎ᠤᠨ ᠨᠡᠶ᠋ᠢᠲᠡ ᠵᠢᠨ ᠭᠡᠷ᠎ᠡ》᠎ᠳᠤ ᠣᠷᠣᠯᠴᠠᠭᠰᠠᠨ 30 ᠵᠢᠯ᠎ᠤᠨ ᠣᠶ ᠪᠣᠯᠤᠨ᠎ᠠ᠃ 1 ᠰᠠᠷ᠎ᠠ ᠵᠢᠨ 25᠎ᠤ ᠡᠳᠦᠷ᠂ ᠰᠢᠩ ᠡᡁᠧ ᠰᠢᠶᠠᠨ 《ᠳᠡᠯᠡᠬᠡᠢ ᠵᠢᠨ ᠨᠤᠭᠤ ᠭᠠᠵᠠᠷ᠎ᠤᠨ ᠡᠳᠦᠷ》 — ᠨᠤᠭᠤ ᠭᠠᠵᠠᠷ᠎ᠢ ᠨᠠᠨᠳᠢᠩᠨᠠᠨ ᠬᠠᠶ᠋ᠢᠷᠠᠯᠠᠬᠤ᠂ ᠬᠥᠮᠦᠨ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠭᠤᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ᠃ ᠳᠡᠯᠡᠬᠡᠶ ᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠬᠥᠲᠥᠯᠪᠦᠷᠢ᠎ᠳᠤ ᠨᠤᠭᠤ ᠭᠠᠵᠠᠷ ᠪᠠ ᠣᠶ ᠰᠢᠭᠤᠶ᠂ ᠳᠠᠯᠠᠶ ᠲᠠᠩᠭᠢᠰ᠎ᠢ ᠬᠠᠮᠲᠤ᠎ᠪᠠᠷ ᠪᠦᠬᠦ ᠪᠥᠮᠪᠥᠷᠴᠡᠭ᠎ᠤᠨ ᠭᠤᠷᠪᠠᠨ ᠶᠡᠭᠡ ᠠᠮᠢ ᠠᠬᠤᠶ ᠵᠢᠨ ᠰᠢᠰᠲ᠋ᠧᠮ ᠭᠡᠳᠡᠭ᠃ ᠣᠲᠣ ᠦᠶ᠎ᠡ ᠵᠢᠨ ᠰᠢᠨᠵᠢᠯᠡᠬᠦ ᠤᠬᠠᠭ᠋ᠠᠨ᠎ᠳᠤ ᠨᠤᠭᠤ ᠭᠠᠵᠠᠷ᠎ᠲᠤ ᠮᠠᠰᠢ ᠣᠯᠠᠨ ᠲᠦᠢ᠍ᠯ᠎ᠤᠨ ᠴᠢᠬᠤᠯᠠ ᠴᠢᠳᠠᠮᠵᠢ ᠪᠠᠶ᠋ᠢᠬᠤ ᠵᠢ ᠭᠡᠷᠡᠴᠢᠯᠡᠬᠦ ᠬᠦᠢ᠍ᠴᠡᠳ ᠭᠡᠷᠡᠴᠢ ᠪᠠᠷᠢᠮᠲᠠ᠎ᠲᠠᠢ᠂ ᠲᠡᠷᠡ᠎ᠨᠢ ᠬᠥᠮᠦᠨ ᠲᠥᠷᠥᠯᠬᠢᠲᠡᠨ᠎ᠤ ᠣᠷᠣᠰᠢᠨ ᠠᠮᠢᠳᠤᠷᠠᠬᠤ ᠣᠷᠴᠢᠨ ᠲᠣᠭᠤᠷᠢᠨ᠎ᠳᠤ ᠬᠤᠯᠪᠣᠭᠳᠠᠳᠠᠭ᠃ ᠡᠶ᠋ᠢᠮᠦ᠎ᠠᠴᠠ ᠨᠤᠭᠤ ᠭᠠᠵᠠᠷ᠎ᠢ ᠬᠠᠮᠠᠭ᠋ᠠᠯᠠᠬᠤ᠎ᠨᠢ ᠳᠠᠷᠤᠶ ᠬᠥᠮᠦᠨ ᠲᠥᠷᠥᠯᠬᠢᠲᠡᠨ᠎ᠤ ᠣᠷᠣᠰᠢᠨ ᠠᠮᠢᠳᠤᠷᠠᠬᠤ ᠣᠷᠴᠢᠨ ᠲᠣᠭᠤᠷᠢᠨ᠎ᠢ ᠬᠠᠮᠠᠭ᠋ᠠᠯᠠᠵᠤ ᠪᠠᠶ᠋ᠢᠭ᠎ᠠ ᠶᠠᠪᠤᠳᠠᠯ ᠪᠣᠯᠤᠨ᠎ᠠ᠃ ᠠᠵᠢᠯᠯᠠᠭ᠎ᠠ ᠵᠢᠨ ᠲᠤᠬᠠᠶ ᠵᠢᠨ ᠲᠠᠯᠠᠪᠤᠷ᠎ᠲᠤ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠵᠢᠨ ᠬᠠᠭᠤᠳᠠᠰᠤ ᠪᠠ ᠭᠠᠷ ᠤᠭᠤᠲᠠ ᠲᠠᠷᠬᠠᠭ᠋ᠠᠬᠤ ᠵᠡᠷᠭᠡ ᠬᠡᠯᠪᠡᠷᠢ᠎ᠪᠠᠷ 《ᠳᠡᠯᠡᠬᠡᠶ ᠵᠢᠨ ᠨᠤᠭᠤ ᠭᠠᠵᠠᠷ᠎ᠤᠨ ᠡᠳᠦᠷ》᠎ᠤᠨ ᠭᠤᠤᠯ ᠰᠡᠳᠦᠪ᠂ ᠨᠤᠭᠤ ᠭᠠᠵᠠᠷ᠎ᠤᠨ ᠡᠬᠢ ᠪᠠᠶᠠᠯᠢᠭ᠎ᠢ ᠬᠠᠮᠠᠭ᠋ᠠᠯᠠᠬᠤ ᠵᠡᠷᠭᠡ ᠠᠭᠤᠯᠭ᠎ᠠ ᠵᠢ ᠤᠬᠠᠭᠤᠯᠵᠤ᠂ ᠨᠤᠭᠤ ᠭᠠᠵᠠᠷ᠎ᠤᠨ ᠬᠥᠮᠦᠨ ᠲᠥᠷᠥᠯᠬᠢᠲᠡᠨ ᠪᠠ ᠳᠡᠯᠡᠬᠡᠶ ᠵᠢᠨ ᠪᠥᠮᠪᠥᠷᠴᠡᠭ᠎ᠤᠨ ᠡᠷᠡᠭᠦᠯ ᠮᠡᠨᠳᠦ᠎ᠳᠤ ᠦᠵᠡᠭᠦᠯᠬᠦ ᠴᠢᠬᠤᠯᠠ ᠴᠢᠨᠠᠷ᠎ᠢ ᠴᠢᠬᠤᠯᠠᠴᠢᠯᠠᠨ᠂ ᠣᠯᠠᠨ ᠨᠡᠶ᠋ᠢᠲᠡ ᠵᠢᠨ ᠠᠵᠢᠯᠯᠠᠭ᠎ᠠ᠎ᠪᠠᠷ ᠵᠶ᠋ᠠᠨ ᠨᠤᠭᠤ ᠭᠠᠵᠠᠷ᠎ᠢ ᠬᠠᠮᠠᠭ᠋ᠠᠯᠠᠬᠤ ᠪᠠ ᠦᠷᠭᠦᠯᠵᠢᠯᠡᠬᠦᠶ᠋ᠢᠴᠠ ᠠᠰᠢᠭᠯᠠᠯᠲᠠ ᠵᠢ ᠵᠣᠷᠢᠭᠵᠢᠭᠤᠯᠪᠠ᠃
   

ᠢᠷᠡᠯᠲᠡ᠄ ᠤᠯᠠᠭ᠋ᠠᠨᠴᠠᠪ ᠬᠤᠳᠠ ᠵᠢᠨ ᠠᠷᠠᠳ᠎ᠤᠨ ᠵᠠᠰᠠᠭ᠎ᠤᠨ ᠤᠷᠳᠣᠨ᠎ᠤ ᠮᠤᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢᠭᠤᠶ᠋ᠢᠲᠣ ᠵᠡᠭᠡᠯᠢ ᠭᠤᠳᠤᠮᠵᠢ ᠵᠢᠨ᠎ᠬᠢᠨ ᠭᠠᠯ ᠤᠨᠲᠠᠷᠠᠭ᠋ᠠᠬᠤ ᠮᠡᠳᠡᠯᠭᠡ ᠵᠢᠨ ᠲᠠᠶ᠋ᠢᠯᠤᠮᠵᠢ ᠵᠢ ᠰᠤᠷᠤᠯᠴᠠᠨ᠎ᠠ
 ᠰᠧ ᠳ᠋ᠤᠤ ᠸᠠᠨ ᠽᠢ ᠪᠠᠯᠭ᠋ᠠᠰᠤ ᠬᠠᠪᠤᠷ᠎ᠤᠨ ᠤᠯᠠᠷᠢᠯ᠎ᠤᠨ ᠤᠢ ᠰᠢᠭᠤᠢ ᠵᠢᠨ 《ᠭᠠᠯ᠎ᠢ ᠰᠡᠷᠭᠡᠶ᠋ᠢᠯᠡᠬᠦ ᠬᠡᠷᠡᠮ》᠎ᠢ ᠪᠠᠲᠤ ᠴᠣᠭᠴᠠᠯᠠᠪᠠ
 ᠰᠤᠪᠤᠷᠭ᠎ᠠ ᠪᠠᠯᠭ᠋ᠠᠰᠤ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠥᠷᠲᠡᠭᠡ ᠬᠥᠮᠦᠨ᠎ᠤ ᠬᠦᠴᠦ᠎ᠪᠠᠷ ᠣᠶ᠋ᠢᠵᠢᠭᠤᠯᠬᠤ ᠪᠠ ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠶ ᠵᠢ ᠰᠡᠷᠭᠦᠭᠡᠬᠦ ᠭᠠᠵᠠᠷ᠎ᠤᠨ ᠵᠢᠷᠤᠭ᠎ᠤᠨ ᠲᠣᠯᠪᠣᠲᠤ ᠭᠡᠷᠡᠴᠢ ᠦᠵᠡᠬᠦᠯᠬᠦ ᠠᠵᠢᠯ ᠥᠷᠨᠢᠭᠦᠯᠪᠡ
ᠰᠢᠯᠢ ᠵᠢᠨ ᠭᠤᠣᠯ ᠠᠶ᠋ᠢᠮᠠᠭ᠎ᠤᠨ ᠵᠠᠬᠢᠷᠭ᠎ᠠ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠣᠯᠠᠬᠤ ᠪᠠ ᠪᠡᠯᠴᠢᠭᠡᠷᠯᠡᠭᠦᠯᠬᠦ ᠵᠢ ᠵᠣᠭᠰᠣᠭ᠋ᠠᠨ ᠪᠡᠯᠴᠢᠭᠡᠷ ᠰᠡᠷᠭᠦᠭᠡᠬᠦ ᠠᠵᠢᠯ᠎ᠤᠨ ᠸᠢᠳᠢᠣ᠋ ᠲᠣᠬᠢᠷᠠᠭᠤᠯᠣᠯᠳᠠ ᠵᠢᠨ ᠬᠤᠷᠠᠯ ᠬᠤᠷᠠᠯᠳᠣᠭᠤᠯᠪᠠ
ᠤᠯᠠᠭ᠋ᠠᠨᠬᠤᠲᠠ 3 · 15᠎ᠤ ᠭᠠᠯ ᠰᠡᠷᠭᠡᠶ᠋ᠢᠯᠡᠨ ᠤᠨᠲᠠᠷᠠᠭ᠋ᠠᠬᠤ ᠲᠦᠬᠦᠭᠡᠷᠦᠮᠵᠢ ᠵᠢᠨ ᠲᠤᠬᠠᠢ ᠲᠤᠰᠬᠠᠶ ᠪᠠᠶ᠋ᠢᠴᠠᠭ᠋ᠠᠯᠲᠠ ᠥᠷᠨᠢᠭᠦᠯᠪᠡ
 
             蒙ICP备05000248号