ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
 ᠰᠤᠪᠤᠷᠭ᠎ᠠ ᠪᠠᠯᠭ᠋ᠠᠰᠤ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠥᠷᠲᠡᠭᠡ ᠬᠥᠮᠦᠨ᠎ᠤ ᠬᠦᠴᠦ᠎ᠪᠠᠷ ᠣᠶ᠋ᠢᠵᠢᠭᠤᠯᠬᠤ ᠪᠠ ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠶ ᠵᠢ ᠰᠡᠷᠭᠦᠭᠡᠬᠦ ᠭᠠᠵᠠᠷ᠎ᠤᠨ ᠵᠢᠷᠤᠭ᠎ᠤᠨ ᠲᠣᠯᠪᠣᠲᠤ ᠭᠡᠷᠡᠴᠢ ᠦᠵᠡᠬᠦᠯᠬᠦ ᠠᠵᠢᠯ ᠥᠷᠨᠢᠭᠦᠯᠪᠡ
ᠨᠡᠶ᠋ᠢᠲᠡᠯᠡᠭᠰᠡᠨ ᠴᠠᠭ᠄ 2022-02-11

      ᠴᠠᠭ᠋ᠠᠨ ᠰᠠᠷ᠎ᠠ ᠡᠬᠢᠯᠡᠮᠡᠭᠴᠡ᠂ ᠭᠡᠷᠡᠴᠢ ᠦᠵᠡᠬᠦᠯᠬᠦ ᠠᠵᠢᠯ᠎ᠤᠨ ᠡᠭᠦᠷᠭᠡ ᠵᠢ ᠲᠦᠷᠭᠡᠬᠡᠨ ᠪᠡᠶᠡᠯᠡᠭᠦᠯᠵᠦ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠴᠠᠭ ᠲᠤᠬᠠᠶ᠎ᠳᠤᠨᠢ ᠠᠷᠢᠯᠭ᠋ᠠᠬᠤ ᠵᠢᠨ ᠲᠥᠯᠥᠭᠡ᠂ ᠰᠤᠪᠤᠷᠭ᠎ᠠ ᠪᠠᠯᠭ᠋ᠠᠰᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠥᠷᠲᠡᠭᠡ ᠬᠢᠨᠠᠨ ᠬᠠᠷᠭᠤᠭᠤᠯᠬᠤ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ ᠰᠤᠪᠤᠷᠭ᠎ᠠ ᠪᠠᠯᠭ᠋ᠠᠰᠤᠨ᠎ᠤ ᠬᠡᠪᠴᠢᠶᠡᠨ᠎ᠳᠠᠬᠢ ᠪᠣᠶ ᠪᠥᠬᠦᠶ ᠬᠥᠮᠦᠨ᠎ᠤ ᠬᠦᠴᠦ᠎ᠪᠠᠷ ᠣᠶ᠋ᠢᠵᠢᠭᠤᠯᠬᠤ ᠪᠠ ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠶ ᠵᠢ ᠰᠡᠷᠭᠦᠭᠡᠬᠦ ᠭᠠᠵᠠᠷ᠎ᠲᠤ ᠭᠡᠷᠡᠴᠢ ᠦᠵᠡᠬᠦᠯᠬᠦ ᠠᠵᠢᠯ ᠥᠷᠨᠢᠭᠦᠯᠪᠡ᠃ ᠭᠡᠷᠡᠴᠢ ᠦᠵᠡᠬᠦᠯᠬᠦ ᠠᠵᠢᠯ᠎ᠢ ᠥᠷᠨᠢᠭᠦᠯᠦᠭᠰᠡᠨ᠎ᠠᠴᠠ ᠨᠠᠰᠢ᠂ ᠪᠠᠯᠭ᠋ᠠᠰᠤᠨ᠎ᠤ ᠬᠤᠪᠢᠳᠠᠨ ᠬᠠᠮᠢᠶᠠᠷᠴᠤ ᠪᠠᠶ᠋ᠢᠭ᠎ᠠ ᠳᠡᠳ᠋ ᠪᠠᠯᠭ᠋ᠠᠰᠤᠨ ᠳᠠᠷᠤᠭ᠎ᠠ ᠶᠠᠨ ᠹᠧᠩ ᠪᠠᠯᠭ᠋ᠠᠰᠤᠨ᠎ᠤ ᠪᠡᠯᠴᠢᠬᠡᠷᠯᠡᠬᠦᠯᠬᠦ ᠵᠢ ᠴᠠᠭ᠋ᠠᠵᠠᠯᠠᠬᠤ ᠠᠩᠭᠢ ᠵᠢᠨ 8 ᠠᠵᠢᠯᠲᠠᠨ ᠪᠠ ᠪᠠᠯᠭ᠋ᠠᠰᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠥᠷᠲᠡᠭᠡᠨ᠎ᠤ 4 ᠠᠵᠢᠯᠲᠠᠨ᠎ᠲᠠᠢ ᠬᠠᠮᠲᠤ ᠠᠵᠢᠯᠯᠠᠵᠤ᠂ ᠪᠠᠯᠭ᠋ᠠᠰᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠥᠷᠲᠡᠭᠡ ᠵᠢᠨ᠎ᠬᠢᠨ ᠴᠠᠭ ᠲᠤᠬᠠᠶ᠎ᠳᠤᠨᠢ ᠭᠡᠷᠡᠴᠢ ᠦᠵᠡᠬᠦᠯᠬᠦ ᠵᠢᠷᠤᠭ ᠪᠠ ᠲᠣᠯᠪᠤ ᠵᠢ ᠭᠠᠷᠭ᠋ᠠᠨ ᠠᠪᠬᠤ ᠵᠢᠨ ᠬᠠᠮᠲᠤ᠂ ᠥᠷᠲᠡᠭᠡᠨ᠎ᠤ ᠭᠡᠰᠢᠭᠦᠳ᠎ᠢ ᠵᠣᠬᠢᠶᠠᠨ ᠪᠠᠶ᠋ᠢᠭᠤᠯᠵᠤ ᠪᠠᠶ᠋ᠢᠭ᠋ᠠᠳ 《ᠤᠯᠤᠰ᠎ᠤᠨ ᠭᠠᠵᠠᠷ ᠰᠢᠷᠣᠶ ᠵᠢᠨ ᠪᠠᠶ᠋ᠢᠴᠠᠭ᠋ᠠᠯᠲᠠ ᠵᠢᠨ ᠡᠬᠦᠯᠡᠨ》 ᠰᠦᠯᠵᠢᠶᠡᠨ ᠳᠡᠭᠡᠷᠡᠬᠢ ᠭᠡᠷᠡᠴᠢ ᠭᠠᠷᠭ᠋ᠠᠬᠤ ᠰᠢᠰᠲ᠋ᠧᠮ᠎ᠤᠨ ᠲᠠᠪᠴᠠᠩ᠎ᠢ ᠳᠠᠩᠰᠠᠯᠠᠬᠤ ᠪᠠ ᠠᠵᠢᠯᠯᠠᠬᠤ ᠶᠠᠪᠤᠴᠠ ᠵᠢ ᠰᠤᠷᠤᠯᠴᠠᠭᠤᠯᠵᠤ᠂ ᠵᠢᠷᠤᠭ ᠲᠣᠯᠪᠤ ᠵᠢᠨ ᠮᠡᠳᠡᠭᠡ ᠵᠠᠩᠭᠢ ᠵᠢ ᠨᠠᠷᠢᠨ ᠬᠢᠨᠠᠮᠠᠭ᠋ᠠᠶ ᠵᠠᠳᠠᠯᠵᠤ᠂ ᠠᠰᠠᠭᠤᠳᠠᠯ᠎ᠢ ᠬᠢᠨᠠᠨ ᠬᠠᠷᠭᠤᠭᠤᠯᠵᠤ᠂ ᠳᠣᠲᠣᠭ᠋ᠠᠳᠤ ᠵᠢᠨ ᠠᠵᠢᠯ ᠲᠥᠷᠥᠯ᠎ᠢ ᠬᠢᠨᠠᠨ ᠬᠠᠷᠭᠤᠭᠤᠯᠬᠤ ᠪᠠ ᠭᠠᠳᠠᠨᠠᠬᠢ ᠠᠵᠢᠯ ᠲᠥᠷᠥᠯ᠎ᠳᠤ ᠪᠣᠳᠠᠲᠠᠶ ᠭᠠᠵᠠᠷ᠎ᠲᠤᠨᠢ ᠭᠡᠷᠡᠴᠢ ᠦᠵᠡᠬᠦᠯᠬᠦ ᠬᠤᠶᠠᠷ ᠵᠦᠢᠯ᠎ᠤᠨ ᠠᠷᠭ᠎ᠠ ᠬᠡᠯᠪᠡᠷᠢ᠎ᠪᠠᠷ ᠭᠡᠷᠡᠴᠢ ᠦᠵᠡᠬᠦᠯᠬᠦ ᠮᠠᠲ᠋ᠧᠷᠢᠶᠠᠯ᠎ᠢ 《ᠤᠯᠤᠰ᠎ᠤᠨ ᠭᠠᠵᠠᠷ ᠰᠢᠷᠣᠶ ᠵᠢᠨ ᠪᠠᠶ᠋ᠢᠴᠠᠭ᠋ᠠᠯᠲᠠ ᠵᠢᠨ ᠡᠬᠦᠯᠡᠨ》 ᠰᠦᠯᠵᠢᠶᠡᠨ ᠳᠡᠭᠡᠷᠡᠬᠢ ᠭᠡᠷᠡᠴᠢ ᠦᠵᠡᠬᠦᠯᠬᠦ ᠰᠢᠰᠲ᠋ᠧᠮ᠎ᠤᠨ ᠲᠠᠪᠴᠠᠩ᠎ᠳᠤ ᠳᠠᠮᠵᠢᠭᠤᠯᠤᠨ᠎ᠠ᠃ 2 ᠰᠠᠷ᠎ᠠ ᠵᠢᠨ 8᠎ᠤ ᠡᠳᠦᠷ ᠪᠣᠯᠲᠠᠯ᠎ᠠ᠂ 282 ᠵᠢᠷᠤᠭ ᠲᠣᠯᠪᠤ ᠵᠢ ᠬᠢᠨᠠᠨ ᠬᠠᠷᠭᠤᠭᠤᠯᠵᠤ ᠭᠡᠷᠡᠴᠢ ᠦᠵᠡᠬᠦᠯᠬᠦ ᠵᠢᠴᠢ ᠭᠡᠷᠡᠴᠢ ᠦᠵᠡᠬᠦᠯᠬᠦ ᠨᠠᠷᠢᠨ ᠲᠠᠩᠰᠠ ᠵᠢ ᠲᠡᠭᠦᠯᠳᠡᠷᠵᠢᠭᠦᠯᠬᠦ ᠮᠡᠳᠡᠭᠡ ᠵᠠᠩᠭᠢ ᠵᠢ ᠳᠡᠭᠡᠭᠰᠢ ᠮᠡᠳᠡᠭᠦᠯᠵᠦ᠂ ᠬᠤᠯᠪᠣᠭᠳᠠᠭᠰᠠᠨ ᠲᠠᠯᠠᠪᠠᠶ᠎ᠨᠢ 3746 ᠮᠥ᠍᠎ᠳᠤ ᠬᠦᠷᠴᠦ᠂ 2800 ᠭᠠᠷᠤᠶ ᠬᠤᠪᠢ ᠰᠡᠭᠦᠳᠡᠷ ᠲᠠᠲᠠᠵᠤ ᠭᠡᠷᠡᠴᠢ ᠦᠵᠡᠬᠦᠯᠪᠡ᠃ ᠭᠡᠷᠡᠴᠢ ᠦᠵᠡᠬᠦᠯᠬᠦ ᠬᠢᠨᠠᠨ ᠬᠠᠷᠭᠤᠭᠤᠯᠬᠤ ᠠᠵᠢᠯ ᠬᠢᠬᠦ ᠵᠢᠨ ᠬᠠᠮᠲᠤ᠂ ᠠᠵᠢᠯᠲᠠᠳ ᠣᠯᠠᠨ ᠲᠦᠮᠡᠨ᠎ᠳᠤ ᠣᠶ ᠰᠢᠭᠤᠶ ᠵᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠬᠢᠭᠡᠳ ᠬᠠᠮᠠᠭ᠋ᠠᠯᠠᠯᠲᠠ ᠵᠢᠨ ᠲᠠᠯ᠎ᠠ ᠵᠢᠨ ᠬᠤᠯᠪᠣᠭᠳᠠᠯ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠥᠷᠥ ᠵᠢᠨ ᠪᠣᠳᠣᠯᠭ᠎ᠠ ᠵᠢᠨ ᠮᠡᠳᠡᠯᠭᠡ ᠵᠢ ᠴᠠᠭ ᠲᠤᠬᠠᠶ᠎ᠳᠤᠨᠢ ᠤᠬᠠᠭᠤᠯᠵᠤ᠂ ᠥᠷᠭᠡᠨ ᠣᠯᠠᠨ ᠲᠦᠮᠡᠨ᠎ᠢ ᠬᠥᠲᠥᠯᠦᠨ ᠵᠢᠯᠣᠭᠤᠳᠴᠤ ᠣᠶ ᠰᠢᠭᠤᠶ ᠵᠢᠨ ᠭᠠᠵᠠᠷ᠎ᠢ ᠬᠠᠮᠠᠭ᠋ᠠᠯᠠᠬᠤ ᠵᠢᠨ ᠴᠢᠬᠤᠯᠠ ᠴᠢᠨᠠᠷ᠎ᠢ ᠭᠦᠢᠴᠡᠳ ᠲᠠᠨᠢᠭᠤᠯᠵᠤ᠂ ᠥᠷᠭᠡᠨ ᠣᠯᠠᠨ ᠲᠦᠮᠡᠨ᠎ᠢ ᠣᠶ ᠰᠢᠭᠤᠶ ᠵᠢᠨ ᠭᠠᠵᠠᠷ᠎ᠢ ᠤᠬᠠᠮᠰᠠᠷ᠎ᠠᠴᠠ᠎ᠪᠠᠨ ᠬᠠᠮᠠᠭ᠋ᠠᠯᠠᠵᠤ᠂ ᠣᠶ ᠰᠢᠭᠤᠶ ᠵᠢᠨ ᠭᠠᠵᠠᠷ᠎ᠢ ᠡᠪᠳᠡᠭᠰᠡᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠡᠰᠡᠷᠭᠦᠴᠡᠨ ᠬᠤᠷᠢᠭᠯᠠᠵᠤ᠂ ᠮᠠᠨ᠎ᠤ ᠰᠤᠪᠤᠷᠭ᠎ᠠ ᠪᠠᠯᠭ᠋ᠠᠰᠤᠨ᠎ᠤ ᠣᠶ ᠰᠢᠭᠤᠶ ᠵᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠪᠠ ᠬᠠᠮᠠᠭ᠋ᠠᠯᠠᠯᠲᠠ ᠵᠢᠨ ᠠᠵᠢᠯ᠎ᠳᠤ ᠳᠠᠬᠢᠨᠲᠠ ᠪᠠᠲᠤ ᠪᠠᠬᠢ ᠣᠯᠠᠨ ᠲᠦᠮᠡᠨ᠎ᠤ ᠰᠠᠭᠤᠷᠢ ᠵᠢ ᠲᠠᠯᠪᠢᠬᠤ ᠬᠡᠷᠡᠭᠲᠡᠶ ᠭᠡᠵᠦ ᠤᠷᠢᠶᠠᠯᠠᠪᠠ᠃

ᠢᠷᠡᠯᠲᠡ᠄ ᠪᠠᠭ᠋ᠠᠷᠢᠨ ᠪᠠᠷᠠᠭᠤᠨ ᠬᠤᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠤᠯ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢᠯᠢ ᠵᠢᠨ ᠭᠤᠣᠯ ᠠᠶ᠋ᠢᠮᠠᠭ᠎ᠤᠨ ᠵᠠᠬᠢᠷᠭ᠎ᠠ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠣᠯᠠᠬᠤ ᠪᠠ ᠪᠡᠯᠴᠢᠭᠡᠷᠯᠡᠭᠦᠯᠬᠦ ᠵᠢ ᠵᠣᠭᠰᠣᠭ᠋ᠠᠨ ᠪᠡᠯᠴᠢᠭᠡᠷ ᠰᠡᠷᠭᠦᠭᠡᠬᠦ ᠠᠵᠢᠯ᠎ᠤᠨ ᠸᠢᠳᠢᠣ᠋ ᠲᠣᠬᠢᠷᠠᠭᠤᠯᠣᠯᠳᠠ ᠵᠢᠨ ᠬᠤᠷᠠᠯ ᠬᠤᠷᠠᠯᠳᠣᠭᠤᠯᠪᠠ
ᠤᠯᠠᠭ᠋ᠠᠨᠬᠤᠲᠠ 3 · 15᠎ᠤ ᠭᠠᠯ ᠰᠡᠷᠭᠡᠶ᠋ᠢᠯᠡᠨ ᠤᠨᠲᠠᠷᠠᠭ᠋ᠠᠬᠤ ᠲᠦᠬᠦᠭᠡᠷᠦᠮᠵᠢ ᠵᠢᠨ ᠲᠤᠬᠠᠢ ᠲᠤᠰᠬᠠᠶ ᠪᠠᠶ᠋ᠢᠴᠠᠭ᠋ᠠᠯᠲᠠ ᠥᠷᠨᠢᠭᠦᠯᠪᠡ
ᠨᠠᠢ᠍ᠮᠠᠨ ᠬᠣᠰᠢᠭᠤᠨ᠎ᠤ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠶᠡᠬᠡ ᠠᠩᠬᠢ ᠵᠢᠨ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠠᠩᠬᠢ ᠭᠠᠯ ᠤᠨᠲᠠᠷᠠᠭ᠋ᠠᠬᠤ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
2022 ᠣᠨ᠎ᠤ ᠪᠦᠬᠦ ᠬᠣᠰᠢᠭᠣᠨ᠎ᠤ ᠬᠠᠪᠣᠷ᠎ᠤᠨ ᠣᠯᠠᠷᠢᠯ᠎ᠤᠨ ᠣᠢ ᠰᠢᠭᠣᠢ ᠨᠣᠳᠣᠭ ᠪᠡᠯᠴᠢᠭᠡᠷ᠎ᠤᠨ ᠭᠠᠯ᠎ᠢ ᠰᠡᠷᠭᠡᠢ᠌ᠯᠡᠨ ᠭᠠᠯ ᠣᠡᠳᠡᠷᠡᠭ᠋ᠠᠬᠣ ᠵᠢᠴᠢ ᠪᠣᠯᠪᠠᠰᠣᠨ ᠲᠠᠬᠢᠯᠭ᠎ᠠ ᠵᠢᠨ ᠠᠵᠢᠯ᠎ᠤᠨ ᠬᠣᠷᠡᠯ ᠬᠣᠷᠡᠯᠳᠣᠪᠡ
ᠰᠢᠯᠢ ᠵᠢᠨ ᠬᠤᠳᠠ ᠵᠢᠨ 2022 ᠤᠨ ᠎ᠤ ᠬᠠᠪᠤᠷ ᠎ᠤᠨ ᠤᠯᠠᠷᠢᠯ᠎ᠤᠨ ᠪᠡᠯᠴᠢᠭᠡᠷ ᠨᠤᠭᠤᠭ᠋ᠠᠷᠠᠬᠤ ᠬᠤᠭᠤᠴᠠᠭ᠋ᠠᠨ᠎ᠳᠤ ᠪᠡᠯᠴᠢᠭᠡᠷᠯᠡᠭᠦᠯᠬᠦ ᠵᠢ ᠲᠦᠷ ᠵᠤᠭᠰᠤᠭ᠋ᠠᠬᠤ ᠠᠯᠪᠠᠨ ᠵᠠᠷᠯᠠᠯ
 
             蒙ICP备05000248号