ᠺᠠᠳ᠋ᠷ ᠠᠵᠢᠯᠲᠠᠨ ᠠᠵᠢᠯᠴᠢᠨ᠎ᠤ ᠭᠠᠯ ᠤᠨᠲᠠᠷᠠᠭ᠋ᠠᠬᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠭᠠᠯ᠎ᠤᠨ ᠭᠠᠮᠰᠢᠭ᠎ᠠᠴᠠ ᠥᠪᠡᠷ᠎ᠢ᠎ᠪᠠᠨ ᠠᠪᠤᠷᠠᠬᠤ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠥᠯᠥᠭᠡ᠂ ᠲᠦᠷᠦᠭᠦᠭᠡᠨ᠂ ᠪᠤᠭᠤᠲᠤ ᠬᠤᠲᠠ ᠵᠢᠨ ᠭᠠᠯ ᠤᠨᠲᠠᠷᠠᠭ᠋ᠠᠬᠤ ᠤᠬᠠᠭᠤᠯᠭ᠎ᠠ ᠬᠥᠮᠦᠵᠢᠯ᠎ᠤᠨ ᠲᠥᠪ ᠭᠠᠯ ᠤᠨᠲᠠᠷᠠᠭ᠋ᠠᠬᠤ ᠠᠮᠤᠷ ᠲᠦᠪᠰᠢᠨ᠎ᠤ ᠮᠡᠳᠡᠯᠭᠡ ᠵᠢᠨ ᠪᠣᠯᠪᠠᠰᠤᠷᠠᠭᠤᠯᠤᠯ ᠥᠷᠨᠢᠭᠦᠯᠵᠦ᠂ ᠵᠡᠭᠡᠯᠢ ᠭᠤᠳᠤᠮᠵᠢ᠂ ᠨᠡᠶ᠋ᠢᠭᠡᠮ ᠲᠣᠭᠤᠷᠢᠭ᠎ᠤᠨ ᠪᠥᠬᠦ ᠺᠠᠳ᠋ᠷ ᠠᠵᠢᠯᠲᠠᠨ ᠠᠵᠢᠯᠴᠢᠨ ᠰᠤᠷᠤᠯᠴᠠᠯᠭ᠎ᠠ᠎ᠳᠤ ᠣᠷᠣᠯᠴᠠᠵᠠᠢ᠃
ᠲᠠᠶ᠋ᠢᠯᠤᠮᠵᠢ᠎ᠳᠤ᠂ ᠬᠤᠲᠠ ᠵᠢᠨ ᠭᠠᠯ ᠤᠨᠲᠠᠷᠠᠭ᠋ᠠᠬᠤ ᠤᠬᠠᠭᠤᠯᠭ᠎ᠠ ᠬᠥᠮᠦᠵᠢᠯ᠎ᠤᠨ ᠲᠥᠪ᠎ᠤᠨ ᠢᠦᠢ ᠵᠢᠶᠦ᠋ᠨ ᠰᠤᠷᠭ᠋ᠠᠭᠴᠢ᠎ᠠᠴᠠ ᠣᠯᠠᠨ᠎ᠳᠤ ᠭᠠᠯ᠎ᠤᠨ ᠭᠠᠮᠰᠢᠭ᠎ᠢ ᠰᠡᠷᠭᠡᠶ᠋ᠢᠯᠡᠬᠦ ᠮᠡᠳᠡᠯᠭᠡ ᠵᠢ ᠲᠠᠶ᠋ᠢᠯᠪᠤᠷᠢᠯᠠᠵᠤ ᠥᠭᠭᠦᠭᠰᠡᠨ ᠪᠥᠭᠡᠳ ᠦᠨᠡᠨ ᠪᠣᠳᠠᠲᠠᠢ ᠬᠡᠷᠡᠭ᠎ᠤᠨ ᠵᠢᠱ᠌ᠢᠶ᠎ᠡ᠎ᠪᠠᠷ ᠳᠠᠮᠵᠢᠭᠤᠯᠤᠨ ᠣᠯᠠᠨ᠎ᠳᠤ ᠭᠠᠯ᠎ᠤᠨ ᠭᠠᠮᠰᠢᠭ ᠡᠭᠦᠰᠦᠭᠰᠡᠨ᠎ᠤ ᠳᠠᠷᠠᠭ᠋ᠠᠬᠢ ᠬᠦᠨᠳᠦ ᠨᠣᠴᠢᠲᠠᠢ ᠦᠷ᠎ᠡ ᠳ᠋ᠦᠩ ᠵᠢᠴᠢ ᠭᠠᠯ᠎ᠤᠨ ᠭᠠᠮᠰᠢᠭ ᠡᠭᠦᠰᠦᠭᠰᠡᠨ᠎ᠤ ᠳᠠᠷᠠᠭ᠋ᠠᠬᠢ ᠠᠪᠤᠷᠠᠨ ᠲᠤᠰᠠᠯᠠᠬᠤ ᠮᠡᠳᠡᠯᠭᠡ ᠵᠢ ᠲᠠᠨᠢᠯᠴᠠᠭᠤᠯᠪᠠ᠃ ᠡᠭᠦᠨ᠎ᠤ ᠵᠡᠷᠭᠡ᠎ᠳᠤ ᠣᠯᠠᠨ᠎ᠳᠤ ᠨᠡᠭᠦᠷᠡᠰᠦᠨ ᠬᠡᠢ ᠠᠯᠳᠠᠭᠳᠠᠬᠤ᠂ ᠴᠠᠬᠢᠯᠭ᠋ᠠᠨ ᠤᠲᠠᠰᠤ ᠬᠠᠭᠤᠴᠢᠷᠠᠬᠤ᠂ ᠴᠠᠬᠢᠯᠭ᠋ᠠᠨ ᠠᠯᠳᠠᠭᠳᠠᠬᠤ ᠵᠡᠷᠭᠡ ᠬᠦᠮᠦᠰ᠎ᠤᠨ ᠠᠮᠢᠳᠤᠷᠠᠯ ᠠᠬᠤᠢ᠎ᠳᠤ ᠣᠷᠣᠰᠢᠵᠤ ᠪᠠᠶ᠋ᠢᠭ᠎ᠠ ᠳᠠᠯᠳᠠ ᠬᠡᠮ᠎ᠢ ᠴᠠᠭ ᠢᠮᠡᠭ᠍ᠳᠠ ᠠᠩᠬᠠᠷᠴᠤ᠂ ᠬᠡᠷᠬᠢᠨ ᠰᠡᠷᠭᠡᠶ᠋ᠢᠯᠡᠬᠦ ᠠᠷᠭ᠋ᠠᠴᠠᠬᠤ ᠵᠡᠷᠭᠡ ᠵᠢ ᠰᠠᠨᠠᠭᠤᠯᠵᠤ᠂ ᠭᠠᠯ ᠤᠨᠲᠠᠷᠠᠭ᠋ᠠᠭᠤᠷ᠎ᠢ ᠵᠥᠪ ᠬᠡᠷᠡᠭᠯᠡᠬᠦ ᠠᠷᠭ᠎ᠠ ᠵᠢ ᠲᠠᠶ᠋ᠢᠯᠪᠤᠷᠢᠯᠠᠵᠤ ᠥᠭᠭᠦᠭᠰᠡᠨ ᠪᠠᠶ᠋ᠢᠨ᠎ᠠ᠃
ᠲᠤᠰ ᠤᠳᠠᠭ᠋ᠠᠨ᠎ᠤ ᠭᠠᠯ ᠰᠡᠷᠭᠡᠶ᠋ᠢᠯᠡᠬᠦ ᠠᠮᠤᠷ ᠲᠦᠪᠰᠢᠨ᠎ᠤ ᠪᠣᠯᠪᠠᠰᠤᠷᠠᠯ ᠵᠶ᠋ᠠᠷ ᠳᠡᠮᠵᠢᠨ ᠲᠤᠬᠠᠢ ᠵᠢᠨ ᠲᠠᠯᠠᠪᠠᠶ ᠵᠢᠨ ᠬᠥᠮᠥᠨ ᠪᠦᠷᠢ᠎ᠳᠤ ᠭᠠᠯ᠎ᠤᠨ ᠭᠠᠮᠰᠢᠭ᠎ᠤᠨ ᠬᠤᠤᠷ ᠬᠦᠨᠤᠭᠡᠯ ᠪᠠ ᠭᠠᠯ ᠤᠨᠲᠠᠷᠠᠭ᠋ᠠᠬᠤ ᠮᠡᠳᠡᠯᠭᠡ ᠵᠢᠨ ᠴᠢᠬᠤᠯᠠ ᠴᠢᠨᠠᠷ᠎ᠢ ᠭᠦᠨᠵᠡᠭᠡᠢ ᠲᠠᠨᠢᠭᠤᠯᠵᠤ᠂ ᠪᠥᠬᠦ ᠺᠠᠳ᠋ᠷ ᠠᠵᠢᠯᠲᠠᠨ ᠠᠵᠢᠯᠴᠢᠨ᠎ᠤ ᠠᠶᠤᠯ ᠲᠦᠭᠰᠢᠭᠦᠷᠢ ᠵᠢ ᠤᠷᠢᠳᠴᠢᠯᠠᠨ ᠰᠡᠷᠭᠡᠶ᠋ᠢᠯᠡᠬᠦ ᠠᠮᠤᠷ ᠲᠦᠪᠰᠢᠨ᠎ᠤ ᠤᠬᠠᠮᠰᠠᠷ᠎ᠢ ᠤᠯᠠᠮ ᠨᠢᠭᠡ ᠠᠯᠬᠤᠮ ᠪᠠᠲᠤᠳᠬᠠᠨ᠂ ᠭᠠᠯ ᠤᠨᠲᠠᠷᠠᠭ᠋ᠠᠬᠤ ᠦᠨᠳᠦᠰᠦᠨ ᠠᠷᠭ᠎ᠠ ᠪᠠ ᠥᠪᠡᠷ᠎ᠢ᠎ᠪᠠᠨ ᠠᠪᠤᠷᠠᠬᠤ᠂ ᠬᠠᠷᠢᠯᠴᠠᠨ ᠠᠪᠤᠷᠠᠬᠤ ᠦᠨᠳᠦᠰᠦᠨ ᠤᠷ᠎ᠠ ᠴᠢᠳᠠᠪᠤᠷᠢ ᠵᠢ ᠪᠣᠯᠪᠠᠰᠤᠷᠠᠩᠭᠤᠢ ᠡᠵᠡᠮᠰᠢᠭᠦᠯᠵᠦ᠂ ᠭᠠᠯ᠎ᠤᠨ ᠭᠠᠮᠰᠢᠭ᠎ᠢ ᠰᠡᠷᠭᠡᠶ᠋ᠢᠯᠡᠨ ᠡᠵᠡᠮᠳᠡᠬᠦ ᠠᠵᠢᠯ᠎ᠳᠤ ᠪᠠᠲᠤ ᠪᠠᠬᠢ ᠭᠠᠯ ᠤᠨᠲᠠᠷᠠᠭ᠋ᠠᠬᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠶ᠋ᠢᠭᠤᠯᠵᠤ ᠥᠭᠭᠦᠭᠰᠡᠨ ᠪᠠᠶ᠋ᠢᠨ᠎ᠠ᠃