3 ᠳ᠋ᠣᠭ᠋ᠠᠷ ᠰᠠᠷ᠎ᠠ ᠵᠢᠨ 9᠎ᠤ ᠡᠳᠦᠷ᠂ ᠰᠢᠯᠢ ᠵᠢᠨ ᠭᠤᠣᠯ ᠠᠶ᠋ᠢᠮᠠᠭ᠎ᠤᠨ ᠵᠠᠬᠢᠷᠭ᠎ᠠ ᠪᠥᠬᠦ ᠠᠶ᠋ᠢᠮᠠᠭ᠎ᠤᠨ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠣᠯᠠᠬᠤ ᠪᠠ ᠪᠡᠯᠴᠢᠭᠡᠷᠯᠡᠭᠦᠯᠬᠦ ᠵᠢ ᠵᠣᠭᠰᠣᠭ᠋ᠠᠨ ᠪᠡᠯᠴᠢᠭᠡᠷ ᠰᠡᠷᠭᠦᠭᠡᠬᠦ ᠠᠵᠢᠯ᠎ᠤᠨ ᠸᠢᠳᠢᠣ᠋ ᠲᠣᠬᠢᠷᠠᠭᠤᠯᠣᠯᠳᠠ ᠵᠢᠨ ᠬᠤᠷᠠᠯ ᠬᠤᠷᠠᠯᠳᠤᠭᠤᠯᠵᠤ᠂ 2021 ᠣᠨ᠎ᠤ ᠪᠥᠬᠦ ᠠᠶ᠋ᠢᠮᠠᠭ᠎ᠤᠨ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠣᠯᠠᠬᠤ ᠪᠠ ᠪᠡᠯᠴᠢᠭᠡᠷᠯᠡᠭᠦᠯᠬᠦ ᠵᠢ ᠵᠣᠭᠰᠣᠭ᠋ᠠᠨ ᠪᠡᠯᠴᠢᠭᠡᠷ ᠰᠡᠷᠭᠦᠭᠡᠬᠦ ᠠᠵᠢᠯ᠎ᠤᠨ ᠪᠠᠶ᠋ᠢᠳᠠᠯ ᠵᠶ᠋ᠠᠨ ᠮᠡᠳᠡᠭᠳᠡᠵᠦ᠂ ᠡᠨᠡ ᠵᠢᠯ᠎ᠤᠨ ᠭᠤᠤᠯᠳᠠᠯᠭ᠎ᠠ᠎ᠲᠠᠢ ᠠᠵᠢᠯ᠎ᠤᠨ ᠡᠭᠦᠷᠭᠡ᠎ᠪᠠᠨ ᠳᠣᠭᠢᠷᠠᠭᠤᠯᠤᠨ ᠪᠠᠶ᠋ᠢᠷᠢᠯᠠᠭᠤᠯᠪᠠ᠃
ᠠᠶ᠋ᠢᠮᠠᠭ᠎ᠤᠨ ᠨᠠᠮ᠎ᠤᠨ ᠬᠤᠷᠢᠶᠠᠨ᠎ᠤ ᠳᠡᠳ᠋ ᠱᠦᠵᠢ᠂ ᠠᠶ᠋ᠢᠮᠠᠭ᠎ᠤᠨ ᠳᠠᠷᠤᠭ᠎ᠠ ᠯᠦᠸᠧ ᠴᠢᠩ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠠᠶ᠋ᠢᠮᠠᠭ᠎ᠤᠨ ᠳᠡᠳ᠋ ᠳᠠᠷᠤᠭ᠎ᠠ ᠯᠢ ᠶᠦᠩ ᠱᠧᠩ ᠬᠤᠷᠠᠯ ᠡᠷᠬᠢᠯᠡᠨ ᠠᠵᠢᠯ ᠵᠶ᠋ᠠᠨ ᠪᠠᠶ᠋ᠢᠷᠢᠯᠠᠭᠤᠯᠪᠠ᠃
ᠬᠤᠷᠠᠯ᠎ᠠᠴᠠ ᠵᠢᠭ᠋ᠠᠬᠤ᠎ᠳᠠᠭᠠᠨ᠂ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠣᠯᠠᠬᠤ ᠪᠠ ᠪᠡᠯᠴᠢᠭᠡᠷᠯᠡᠭᠦᠯᠬᠦ ᠵᠢ ᠵᠣᠭᠰᠣᠭ᠋ᠠᠨ ᠪᠡᠯᠴᠢᠭᠡᠷ ᠰᠡᠷᠭᠦᠭᠡᠬᠦ ᠠᠵᠢᠯ᠎ᠢ ᠪᠦᠬᠦ ᠲᠠᠯ᠎ᠠ᠎ᠪᠠᠷ ᠰᠠᠶ᠋ᠢᠲᠤᠷ ᠬᠢᠬᠦ ᠪᠣᠯ ᠶᠡᠷᠦᠩᠭᠡᠢ ᠱᠦᠵᠢ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠳᠣᠭᠤᠰᠢᠯᠠᠭᠤᠯᠣᠨ ᠨᠠᠶ᠋ᠢᠳᠠᠪᠤᠷᠢᠵᠢᠭᠤᠯᠵᠤ᠂ ᠨᠤᠲᠤᠭ ᠪᠡᠯᠴᠢᠭᠡᠷ᠎ᠤᠨ ᠠᠮᠢ ᠠᠬᠤᠢ ᠵᠢ ᠬᠠᠤᠯᠢ ᠶᠣᠰᠣᠭ᠋ᠠᠷ ᠬᠠᠮᠠᠭ᠋ᠠᠯᠠᠵᠤ᠂ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠦᠨᠢᠳᠡ ᠦᠷᠭᠦᠯᠵᠢᠯᠡᠨ ᠠᠰᠢᠭᠯᠠᠬᠤ ᠵᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠬᠤᠷ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠤᠯᠤᠰ ᠲᠥᠷᠥ ᠵᠢᠨ ᠵᠣᠭᠰᠣᠴᠠ᠎ᠪᠠᠨ ᠦᠨᠡᠨᠬᠦ ᠳᠡᠭᠡᠭᠰᠢᠯᠡᠭᠦᠯᠵᠦ᠂ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ᠎ᠪᠠᠨ ᠨᠡᠩ ᠴᠢᠬᠤᠯᠠ ᠨᠡᠩ ᠲᠣᠪᠤᠶ᠋ᠢᠮ᠎ᠠ ᠪᠠᠶ᠋ᠢᠷᠢᠨ᠎ᠳᠤ ᠲᠠᠯᠪᠢᠵᠤ᠂ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠱᠠᠩᠨᠠᠯ᠎ᠤᠨ ᠲᠥᠷᠥ ᠵᠢᠨ ᠪᠣᠳᠣᠯᠭ᠎ᠠ ᠪᠠ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠣᠯᠠᠬᠤ᠂ ᠪᠡᠯᠴᠢᠭᠡᠷᠯᠡᠭᠦᠯᠬᠦ ᠵᠢ ᠵᠣᠭᠰᠣᠭ᠋ᠠᠨ ᠪᠡᠯᠴᠢᠭᠡᠷ ᠰᠡᠷᠭᠦᠭᠡᠬᠦ ᠵᠡᠷᠭᠡ ᠳᠦᠷᠢᠮ ᠵᠶ᠋ᠠᠨ ᠬᠢᠨᠠᠮᠠᠭ᠋ᠠᠶ ᠵᠣᠬᠢᠶᠠᠨ ᠪᠠᠶ᠋ᠢᠭᠤᠯᠤᠨ ᠨᠠᠶ᠋ᠢᠳᠠᠪᠤᠷᠢᠵᠢᠭᠤᠯᠵᠤ᠂ ᠥᠩᠭᠡᠷᠡᠭᠰᠡᠨ᠎ᠤ ᠲᠤᠷᠰᠢᠯᠭ᠎ᠠ ᠠᠷᠭ᠎ᠠ ᠬᠢᠳᠡᠯ ᠵᠶ᠋ᠠᠨ ᠪᠥᠬᠦ ᠲᠠᠯ᠎ᠠ᠎ᠪᠠᠷ ᠳ᠋ᠦᠩᠨᠡᠵᠦ᠂ ᠰᠠᠨᠠᠭ᠋ᠠᠴᠢᠯᠠᠭ᠎ᠠ᠎ᠠᠴᠠ᠎ᠪᠠᠨ ᠳᠤᠲᠠᠭᠳᠠᠯ ᠵᠶ᠋ᠠᠨ ᠪᠠᠶ᠋ᠢᠴᠠᠭ᠋ᠠᠨ ᠨᠥᠬᠦᠪᠥᠷᠢᠯᠡᠵᠦ᠂ ᠠᠰᠠᠭᠤᠳᠠᠯ ᠵᠶ᠋ᠠᠨ ᠴᠡᠭᠴᠡᠯᠡᠨ ᠰᠠᠶ᠋ᠢᠵᠢᠷᠠᠭᠤᠯᠬᠤ ᠵᠢ ᠴᠢᠩᠭ᠎ᠠ ᠠᠳᠬᠤᠨ᠂ ᠨᠤᠲᠤᠭ ᠪᠡᠯᠴᠢᠭᠡᠷ᠎ᠤᠨ ᠡᠬᠢ ᠪᠠᠶᠠᠯᠢᠭ ᠵᠶ᠋ᠠᠨ ᠬᠠᠤᠯᠢ ᠶᠣᠰᠣᠭ᠋ᠠᠷ ᠬᠠᠮᠠᠭ᠋ᠠᠯᠠᠬᠤ ᠪᠠ ᠵᠦᠶ ᠵᠣᠬᠢᠰᠲᠠᠶ ᠠᠰᠢᠭᠯᠠᠵᠤ᠂ ᠨᠤᠲᠤᠭ ᠪᠡᠯᠴᠢᠭᠡᠷ᠎ᠤᠨ ᠠᠮᠢ ᠠᠬᠤᠶ ᠵᠢ ᠰᠢᠨᠵᠢᠯᠡᠬᠦ ᠤᠬᠠᠭ᠋ᠠᠨᠴᠢ᠎ᠪᠠᠷ ᠬᠠᠮᠠᠭ᠋ᠠᠯᠠᠬᠤ ᠬᠢᠭᠡᠳ ᠨᠤᠲᠤᠭ ᠪᠡᠯᠴᠢᠭᠡᠷ᠎ᠤᠨ ᠮᠠᠯ ᠠᠵᠤ ᠠᠬᠤᠶ ᠵᠢᠨ ᠡᠷᠡᠭᠦᠯ ᠵᠶ᠋ᠠᠷ ᠬᠥᠭᠵᠢᠬᠦ᠂ ᠮᠠᠯᠴᠢᠨ ᠲᠠᠷᠢᠶᠠᠴᠢᠨ᠎ᠤ ᠣᠷᠣᠯᠭ᠎ᠠ᠎ᠪᠠᠨ ᠦᠷᠭᠦᠯᠵᠢᠯᠡᠨ ᠲᠣᠭᠲᠠᠭᠤᠨ ᠵᠶ᠋ᠠᠷ ᠨᠡᠮᠡᠭᠳᠡᠭᠦᠯᠬᠦᠯᠦᠭᠡ ᠬᠠᠷᠢᠯᠴᠠᠨ ᠵᠣᠬᠢᠴᠠᠯᠳᠤᠭᠰᠠᠨ ᠣᠬᠢ ᠰᠠᠶ᠋ᠢᠨ ᠪᠠᠶ᠋ᠢᠳᠠᠯ᠎ᠢ ᠪᠣᠶ ᠪᠣᠯᠭ᠋ᠠᠬᠤ᠎ᠪᠠᠨ ᠠᠬᠢᠭᠤᠯᠬᠤ ᠭᠡᠷᠡᠭᠲᠠᠢ ᠭᠡᠪᠡ᠃
ᠬᠤᠷᠠᠯ᠎ᠠᠴᠠ ᠴᠢᠬᠤᠯᠠᠴᠢᠯᠠᠬᠤ᠎ᠳᠠᠭᠠᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠣᠯᠠᠬᠤ ᠪᠠ ᠪᠡᠯᠴᠢᠭᠡᠷᠯᠡᠭᠦᠯᠬᠦ ᠵᠢ ᠵᠣᠭᠰᠣᠭ᠋ᠠᠨ ᠪᠡᠯᠴᠢᠭᠡᠷ ᠰᠡᠷᠭᠦᠭᠡᠬᠦ ᠲᠦᠷᠢᠮ》 ᠪᠠ 《ᠰᠢᠯᠢ ᠵᠢᠨ ᠭᠤᠤᠯ ᠠᠶ᠋ᠢᠮᠠᠭ᠎ᠤᠨ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠣᠯᠠᠬᠤ ᠪᠠ ᠪᠡᠯᠴᠢᠭᠡᠷᠯᠡᠭᠦᠯᠬᠦ ᠵᠢ ᠵᠣᠭᠰᠣᠭ᠋ᠠᠨ ᠪᠡᠯᠴᠢᠭᠡᠷ ᠰᠡᠷᠭᠦᠭᠡᠬᠦ ᠠᠵᠢᠯ᠎ᠤᠨ ᠬᠡᠷᠡᠭᠵᠢᠭᠦᠯᠬᠦ ᠰᠠᠨᠠᠯ》 ᠵᠡᠷᠭᠡ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠠᠷᠢᠨ ᠬᠢᠨᠠᠮᠠᠭ᠋ᠠᠶ ᠳᠣᠭᠤᠰᠢᠯᠠᠭᠤᠯᠣᠨ ᠨᠠᠶ᠋ᠢᠳᠠᠪᠤᠷᠢᠵᠢᠭᠤᠯᠵᠤ᠂ ᠠᠶ᠋ᠢᠮᠠᠭ᠂ ᠬᠤᠰᠢᠭᠤ ᠰᠢᠶᠠᠨ ᠬᠤᠲᠠ (ᠣᠷᠣᠨ)᠂ ᠰᠤᠮᠤ ᠰᠢᠶᠠᠩ ᠪᠠᠯᠭ᠋ᠠᠰᠣᠨ᠎ᠤ ᠬᠠᠷᠢᠶ᠎ᠠ ᠭᠠᠵᠠᠷ᠎ᠤᠨ ᠬᠠᠷᠢᠭᠤᠴᠠᠯᠭ᠎ᠠ ᠪᠠ ᠰᠠᠯᠠᠭ᠎ᠠ ᠮᠥᠴᠢᠷ᠎ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠎ᠪᠠᠨ ᠤᠯᠠᠮ ᠴᠢᠩᠭ᠋ᠠᠷᠠᠭᠤᠯᠵᠤ᠂ ᠨᠤᠲᠤᠭ ᠪᠡᠯᠴᠢᠭᠡᠷ ᠬᠡᠷᠡᠭᠯᠡᠭᠴᠢ᠂ ᠨᠤᠲᠤᠭ ᠪᠡᠯᠴᠢᠭᠡᠷ ᠳᠠᠭ᠋ᠠᠭ᠋ᠠᠴᠢᠯᠠᠨ ᠡᠵᠡᠩᠨᠡᠭᠴᠢ ᠵᠢᠨ ᠨᠤᠲᠤᠭ ᠪᠡᠯᠴᠢᠭᠡᠷ ᠵᠶ᠋ᠠᠨ ᠬᠠᠮᠠᠭ᠋ᠠᠯᠠᠬᠤ ᠭᠤᠤᠯ ᠴᠣᠭᠴᠠ ᠵᠢᠨ ᠬᠠᠷᠢᠭᠤᠴᠠᠯᠭ᠎ᠠ᠎ᠪᠠᠨ ᠨᠠᠶ᠋ᠢᠳᠠᠪᠤᠷᠢᠵᠢᠭᠤᠯᠤᠨ᠂ ᠮᠠᠯ ᠪᠡᠯᠴᠢᠭᠡᠷ ᠤᠨ ᠲᠡᠩᠴᠡᠭᠦᠷᠢ ᠵᠢ ᠪᠠᠳᠣᠯᠠᠬᠤ ᠪᠠ ᠪᠡᠯᠴᠢᠭᠡᠷᠯᠡᠭᠦᠯᠬᠦ ᠵᠢ ᠵᠣᠭᠰᠣᠭ᠋ᠠᠨ ᠪᠡᠯᠴᠢᠭᠡᠷ ᠰᠡᠷᠭᠦᠭᠡᠬᠦ ᠵᠡᠷᠭᠡ ᠲᠦᠷᠢᠮ᠎ᠤᠨ ᠨᠠᠶ᠋ᠢᠳᠠᠪᠤᠷᠢᠵᠢᠭᠤᠯᠤᠯᠲᠠ ᠵᠢ ᠨᠠᠷᠢᠯᠢᠭᠵᠢᠭᠤᠯᠣᠨ ᠪᠣᠳᠠᠲᠠᠶ᠋ᠢᠵᠢᠭᠤᠯᠬᠤ ᠵᠢ ᠦᠨᠡᠨᠬᠦ ᠪᠠᠲᠤᠯᠠᠬᠤ ᠬᠡᠷᠡᠭᠲᠡᠶ᠃ ᠰᠠᠯᠠᠭ᠎ᠠ ᠮᠥᠴᠢᠷ᠎ᠤᠨ ᠬᠠᠤᠯᠢ ᠬᠡᠷᠡᠭᠵᠢᠬᠦᠯᠦᠯᠳᠡ ᠵᠢᠨ ᠬᠠᠮᠲᠤᠷᠠᠨ ᠬᠥᠳᠡᠯᠦᠯᠴᠡᠬᠦ ᠲᠣᠭᠲᠠᠴᠠ᠎ᠪᠠᠨ ᠪᠠᠶ᠋ᠢᠭᠤᠯᠤᠨ ᠪᠦᠷᠢᠨᠰᠢᠬᠦᠯᠵᠦ᠂ ᠲᠣᠭ᠋ᠠᠴᠢᠯᠠᠭᠰᠠᠨ᠂ ᠮᠡᠳᠡᠭᠡ ᠵᠠᠩᠭᠢᠵᠢᠯᠲᠠ ᠵᠢᠨ ᠮᠡᠷᠭᠡᠵᠢᠯ᠎ᠤᠨ ᠠᠷᠭ᠎ᠠ ᠪᠠᠷᠢᠯ ᠵᠶ᠋ᠠᠨ ᠬᠦᠢ᠍ᠴᠡᠳ ᠠᠰᠢᠭᠯᠠᠨ᠂ ᠨᠤᠲᠤᠭ ᠪᠡᠯᠴᠢᠭᠡᠷ᠎ᠤᠨ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠲᠣᠭᠤᠷᠢᠨ ᠪᠠᠶ᠋ᠢᠴᠠᠭ᠋ᠠᠯᠲᠠ ᠪᠠ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠪᠡᠯᠴᠢᠭᠡᠷᠯᠡᠭᠦᠯᠬᠦ ᠵᠢ ᠵᠣᠭᠰᠣᠭ᠋ᠠᠭᠰᠠᠨ ᠣᠷᠣᠨ᠎ᠳᠤ ᠨᠢᠭᠡ ᠴᠦ᠍ ᠮᠠᠯ ᠮᠠᠯᠵᠢᠬᠤ ᠦᠭᠡᠢ᠂ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠣᠯᠠᠬᠤ ᠣᠷᠣᠨ᠎ᠳᠤ ᠳᠠᠭ᠋ᠠᠭ᠋ᠠᠴᠠ᠎ᠠᠴᠠ᠎ᠨᠢ ᠭᠡᠳᠣᠷᠡᠳᠡᠯᠡ ᠮᠠᠯ ᠮᠠᠯᠵᠢᠬᠤ ᠦᠭᠡᠢ ᠪᠠᠶ᠋ᠢᠬᠤ ᠵᠢ ᠦᠨᠡᠨᠬᠦ ᠪᠠᠲᠤᠯᠠᠵᠤ᠂ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠪᠥᠲᠥᠭᠡᠨ ᠪᠠᠶ᠋ᠢᠭᠤᠯᠤᠯᠲᠠ ᠵᠢᠨ ᠦᠷ᠎ᠡ ᠪᠦᠲᠦᠭᠡᠯ ᠵᠶ᠋ᠠᠨ ᠦᠨᠡᠨᠬᠦ ᠪᠠᠲᠤᠳᠬᠠᠬᠤ ᠬᠡᠷᠡᠭᠲᠡᠶ᠃ ᠤᠬᠠᠭᠤᠯᠭ᠎ᠠ ᠬᠥᠮᠦᠵᠢᠯ ᠪᠠ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ᠎ᠪᠠᠨ ᠪᠥᠬᠦ ᠲᠠᠯ᠎ᠠ᠎ᠪᠠᠷ᠂ ᠣᠯᠠᠨ ᠲᠠᠯ᠎ᠠ᠎ᠠᠴᠠ ᠰᠠᠶ᠋ᠢᠲᠤᠷ ᠬᠢᠵᠦ᠂ ᠥᠷᠭᠡᠨ ᠣᠯᠠᠨ ᠮᠠᠯᠴᠢᠨ ᠲᠠᠷᠢᠶᠠᠴᠢᠨ᠎ᠢ ᠨᠤᠲᠤᠭ ᠪᠡᠯᠴᠢᠭᠡᠷ᠎ᠢ ᠬᠠᠮᠠᠭ᠋ᠠᠯᠠᠬᠤ ᠡᠭᠦᠷᠭᠡ᠎ᠪᠠᠨ ᠤᠬᠠᠮᠰᠠᠷ᠎ᠠᠴᠠ᠎ᠪᠠᠨ ᠬᠦᠢ᠍ᠴᠡᠳᠭᠡᠬᠦ ᠵᠢ ᠬᠥᠲᠥᠯᠦᠨ ᠵᠢᠯᠣᠭᠤᠳᠴᠤ᠂ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠣᠯᠠᠬᠤ ᠪᠠ ᠪᠡᠯᠴᠢᠭᠡᠷᠯᠡᠭᠦᠯᠬᠦ ᠵᠢ ᠵᠣᠭᠰᠣᠭ᠋ᠠᠨ ᠪᠡᠯᠴᠢᠭᠡᠷ ᠰᠡᠷᠭᠦᠭᠡᠬᠦ ᠲᠦᠷᠢᠮ ᠵᠶ᠋ᠠᠨ ᠴᠢᠩᠭ᠎ᠠ ᠬᠡᠷᠡᠭᠵᠢᠭᠦᠯᠦᠨ᠂ ᠮᠠᠯ ᠠᠵᠤ ᠠᠬᠤᠶ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠠᠷᠭ᠎ᠠ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠨ᠂ ᠴᠦᠭᠡᠨ ᠮᠠᠯᠵᠢᠨ ᠨᠠᠷᠢᠯᠢᠭ ᠮᠠᠯᠵᠢᠬᠤ ᠵᠢ ᠴᠢᠷᠮᠠᠶ᠋ᠢᠨ ᠪᠡᠶᠡᠯᠡᠭᠦᠯᠵᠦ᠂ ᠪᠡᠯᠴᠢᠭᠡᠷ᠎ᠤᠨ ᠳᠠᠭ᠋ᠠᠭ᠋ᠠᠴᠠ ᠵᠢ ᠲᠣᠬᠢᠷᠠᠮᠵᠢᠲᠠᠶ ᠬᠡᠪᠴᠢᠶᠡᠨ᠎ᠳᠤ ᠬᠢᠵᠠᠭ᠋ᠠᠷᠯᠠᠵᠤ᠂ ᠠᠮᠢ ᠠᠬᠤᠶ ᠵᠢ ᠣᠷᠢᠳ ᠵᠶ᠋ᠠᠷ ᠪᠣᠳᠣᠯᠬᠢᠯᠠᠭᠰᠠᠨ᠂ ᠪᠣᠬᠢᠷᠲᠤᠯ ᠥᠬᠡᠶ ᠬᠥᠭᠵᠢᠭᠦᠯᠬᠦ ᠵᠠᠮ ᠵᠶ᠋ᠠᠷ ᠡᠷᠡᠰ ᠭᠤᠶ᠋ᠢᠪᠢᠰᠢ ᠥᠬᠡᠶ ᠵᠠᠮᠨᠠᠬᠤ ᠬᠡᠷᠡᠭᠲᠡᠶ ᠭᠡᠪᠡ᠃ ᠬᠤᠷᠠᠯ ᠳᠡᠭᠡᠷ᠎ᠡ᠂ ᠬᠡᠰᠡᠭ ᠬᠤᠰᠢᠭᠤ ᠬᠤᠲᠠ ᠵᠢᠨ᠎ᠬᠢᠨ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠱᠠᠩᠨᠠᠯ᠎ᠤᠨ ᠲᠥᠷᠥ ᠵᠢᠨ ᠪᠣᠳᠣᠯᠭ᠎ᠠ ᠪᠠ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠣᠯᠠᠬᠤ᠂ ᠪᠡᠯᠴᠢᠭᠡᠷᠯᠡᠭᠦᠯᠬᠦ ᠵᠢ ᠵᠣᠭᠰᠣᠭ᠋ᠠᠨ ᠪᠡᠯᠴᠢᠭᠡᠷ ᠰᠡᠷᠭᠦᠭᠡᠬᠦ ᠲᠦᠷᠢᠮ ᠵᠶ᠋ᠠᠨ ᠨᠠᠶ᠋ᠢᠳᠠᠪᠤᠷᠢᠵᠢᠭᠤᠯᠤᠭᠰᠠᠨ ᠲᠤᠬᠠᠶ ᠬᠠᠷᠢᠭᠤ ᠮᠡᠳᠡᠭᠦᠯᠦᠯᠲᠡ ᠬᠢᠵᠦ ᠶᠠᠷᠢᠶ᠎ᠠ ᠲᠠᠯᠪᠢᠪᠠ᠃ ᠡᠯ᠎ᠡ ᠬᠤᠰᠢᠭᠤ ᠰᠢᠶᠠᠨ ᠬᠤᠲᠠ (ᠣᠷᠣᠨ) ᠪᠣᠯᠤᠨ ᠠᠶ᠋ᠢᠮᠠᠭ᠎ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃