ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠤᠯᠠᠭ᠋ᠠᠨᠬᠤᠲᠠ 3 · 15᠎ᠤ ᠭᠠᠯ ᠰᠡᠷᠭᠡᠶ᠋ᠢᠯᠡᠨ ᠤᠨᠲᠠᠷᠠᠭ᠋ᠠᠬᠤ ᠲᠦᠬᠦᠭᠡᠷᠦᠮᠵᠢ ᠵᠢᠨ ᠲᠤᠬᠠᠢ ᠲᠤᠰᠬᠠᠶ ᠪᠠᠶ᠋ᠢᠴᠠᠭ᠋ᠠᠯᠲᠠ ᠥᠷᠨᠢᠭᠦᠯᠪᠡ
ᠨᠡᠶ᠋ᠢᠲᠡᠯᠡᠭᠰᠡᠨ ᠴᠠᠭ᠄ 2022-03-18

      ᠭᠠᠯ ᠰᠡᠷᠭᠡᠶ᠋ᠢᠯᠡᠨ ᠤᠨᠲᠠᠷᠠᠭ᠋ᠠᠬᠤ ᠦᠢ᠍ᠯᠡᠳᠬᠦᠨ᠎ᠤ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠭᠠᠯ ᠰᠡᠷᠭᠡᠶ᠋ᠢᠯᠡᠨ ᠤᠨᠲᠠᠷᠠᠭ᠋ᠠᠬᠤ ᠦᠢ᠍ᠯᠡᠳᠬᠦᠨ᠎ᠤ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠬᠤ ᠵᠢᠨ ᠲᠤᠰᠠᠳᠠ᠂ 3 ᠰᠠᠷ᠎ᠠ ᠵᠢᠨ 14᠎ᠤ ᠡᠳᠦᠷ᠂ ᠤᠯᠠᠭ᠋ᠠᠨᠬᠤᠲᠠ ᠵᠢᠨ ᠭᠠᠯ ᠰᠡᠷᠭᠡᠶ᠋ᠢᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠶᠡᠭᠡ ᠠᠩᠭᠢ ᠤᠯᠠᠭ᠋ᠠᠨᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠲᠠᠢ ᠬᠠᠮᠲᠤᠷᠠᠨ ᠭᠠᠯ ᠰᠡᠷᠭᠡᠶ᠋ᠢᠯᠡᠨ ᠤᠨᠲᠠᠷᠠᠭ᠋ᠠᠬᠤ ᠲᠦᠬᠦᠭᠡᠷᠦᠮᠵᠢ ᠵᠢᠨ ᠲᠤᠬᠠᠢ ᠲᠤᠰᠬᠠᠶ ᠪᠠᠶ᠋ᠢᠴᠠᠭ᠋ᠠᠯᠲᠠ ᠬᠢᠵᠦ᠂ ᠭᠠᠯ ᠰᠡᠷᠭᠡᠶ᠋ᠢᠯᠡᠨ ᠤᠨᠲᠠᠷᠠᠭ᠋ᠠᠬᠤ ᠲᠦᠬᠦᠭᠡᠷᠦᠮᠵᠢ ᠵᠢᠨ ᠵᠠᠬ᠎ᠠ ᠳᠡᠯᠭᠡᠭᠦᠷ᠎ᠢ ᠪᠥᠬᠦ ᠲᠠᠯ᠎ᠠ᠎ᠪᠠᠷ ᠵᠠᠰᠠᠵᠤ ᠵᠢᠷᠤᠮᠵᠢᠭᠤᠯᠪᠠ᠃



      ᠪᠠᠶ᠋ᠢᠴᠠᠭ᠋ᠠᠬᠤ ᠳᠤᠭᠤᠶ᠋ᠢᠯᠠᠩ᠎ᠤᠨ᠎ᠬᠢᠨ ᠭᠠᠯ ᠰᠡᠷᠭᠡᠶ᠋ᠢᠯᠡᠨ ᠤᠨᠲᠠᠷᠠᠭ᠋ᠠᠬᠤ ᠲᠦᠬᠦᠬᠡᠷᠦᠮᠵᠢ ᠵᠢᠨ ᠪᠣᠷᠣᠯᠠᠭᠤᠯᠭ᠎ᠠ ᠵᠢᠨ ᠴᠡᠭ᠎ᠲᠤ ᠬᠦᠷᠴᠦ᠂ 《ᠭᠠᠯ ᠰᠡᠷᠭᠡᠶ᠋ᠢᠯᠡᠨ ᠤᠨᠲᠠᠷᠠᠭ᠋ᠠᠬᠤ ᠲᠦᠬᠦᠭᠡᠷᠦᠮᠵᠢ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠭ᠋ᠠᠯ》 ᠪᠣᠯᠤᠨ 《ᠭᠠᠯ ᠰᠡᠷᠭᠡᠶ᠋ᠢᠯᠡᠨ ᠤᠨᠲᠠᠷᠠᠭ᠋ᠠᠬᠤ ᠲᠦᠬᠦᠬᠡᠷᠦᠮᠵᠢ ᠵᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠮᠠᠭ᠋ᠠᠳᠯᠠᠬᠤ ᠳᠦᠷᠢᠮ》᠎ᠢ ᠦᠨᠳᠦᠰᠦᠯᠡᠨ᠂ ᠪᠣᠷᠣᠯᠠᠭᠤᠯᠵᠤ ᠪᠠᠶ᠋ᠢᠭ᠎ᠠ ᠭᠠᠯ ᠤᠨᠲᠠᠷᠠᠭ᠋ᠠᠭᠤᠷ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠭᠡᠷᠡᠯᠲᠦᠭᠦᠯᠭᠡ᠂ ᠠᠶᠤᠯᠬᠦᠢ ᠭᠠᠷᠬᠤ ᠡᠭᠦᠳᠡ ᠵᠢᠨ ᠲᠡᠮᠳᠡᠭ᠂ ᠭᠠᠯ ᠤᠨᠲᠠᠷᠠᠭ᠋ᠠᠬᠤ ᠤᠰᠤᠨ ᠪᠦᠰᠡ᠂ ᠤᠰᠤᠨ ᠫᠤᠤ᠂ ᠵᠠᠯᠭ᠋ᠠᠭ᠋ᠠᠰᠤ ᠵᠡᠷᠭᠡ ᠭᠠᠯ ᠰᠡᠷᠭᠡᠶ᠋ᠢᠯᠡᠨ ᠤᠨᠲᠠᠷᠠᠭ᠋ᠠᠬᠤ ᠲᠦᠬᠦᠬᠡᠷᠦᠮᠵᠢ ᠵᠢ ᠭᠤᠤᠯᠳᠠᠭᠤ ᠬᠡᠯᠪᠡᠷᠢ ᠮᠠᠶᠢᠭ᠎ᠤᠨ ᠭᠡᠷᠡᠴᠢᠯᠡᠯ ᠪᠠ ᠦᠢ᠍ᠯᠡᠳᠬᠦᠨ᠎ᠤ ᠶᠠᠰᠤ ᠴᠢᠨᠠᠷ ᠬᠤᠶᠠᠷ ᠶᠡᠭᠡ ᠲᠠᠯ᠎ᠠ᠎ᠠᠴᠠ ᠲᠤᠬᠠᠶ ᠵᠢᠨ ᠲᠠᠯᠠᠪᠤᠷ᠎ᠲᠤᠨᠢ ᠮᠠᠭ᠋ᠠᠳᠯᠠᠨ ᠲᠣᠭᠲᠠᠭ᠋ᠠᠬᠤ ᠵᠢᠨ ᠬᠠᠮᠲᠤ᠂ ᠬᠤᠶᠠᠷ ᠬᠡᠮᠵᠢᠯᠳᠦ ᠺᠤᠳ᠋᠎ᠢ ᠰᠢᠷᠪᠢᠬᠦ᠎ᠪᠠᠷ ᠳᠠᠮᠵᠢᠭᠤᠯᠤᠨ ᠲᠦᠬᠦᠬᠡᠷᠦᠮᠵᠢ ᠵᠢᠨ ᠲᠤᠬᠠᠢ ᠰᠤᠷᠠᠭ ᠵᠠᠩᠭᠢ ᠵᠢ ᠪᠠᠶ᠋ᠢᠴᠠᠭ᠋ᠠᠨ ᠯᠠᠪᠯᠠᠵᠤ᠂ ᠲᠦᠬᠦᠬᠡᠷᠦᠮᠵᠢ ᠵᠢᠨ ᠦᠢ᠍ᠯᠡᠳᠪᠦᠷᠢᠯᠡᠭᠰᠡᠨ ᠦᠢ᠍ᠯᠡᠳᠪᠦᠷᠢ᠂ ᠭᠦᠢ᠍ᠯᠭᠡᠭᠡᠨ᠎ᠤ ᠭᠠᠵᠠᠷ ᠣᠷᠣᠨ ᠵᠡᠷᠭᠡ ᠰᠤᠷᠠᠭ ᠵᠠᠩᠭᠢ ᠵᠢ ᠬᠢᠨᠠᠨ ᠬᠠᠷᠭᠤᠭᠤᠯᠵᠤ᠂ ᠭᠠᠯ ᠰᠡᠷᠭᠡᠶ᠋ᠢᠯᠡᠨ ᠤᠨᠲᠠᠷᠠᠭ᠋ᠠᠬᠤ ᠲᠦᠬᠦᠬᠡᠷᠦᠮᠵᠢ ᠵᠢᠨ ᠪᠣᠷᠣᠯᠠᠭᠤᠯᠤᠯᠲᠠ ᠵᠢᠨ ᠬᠢᠷᠢ ᠲᠡᠩᠴᠡᠭᠰᠡᠨ ᠪᠠᠶ᠋ᠢᠳᠠᠯ᠎ᠢ ᠴᠢᠩᠭ᠎ᠠ ᠪᠠᠶ᠋ᠢᠴᠠᠭ᠋ᠠᠵᠠᠢ᠃ ᠡᠭᠦᠨ᠎ᠤ ᠵᠡᠷᠭᠡ᠎ᠳᠤ᠂ ᠪᠠᠶ᠋ᠢᠴᠠᠭ᠋ᠠᠬᠤ ᠳᠤᠭᠤᠶ᠋ᠢᠯᠠᠩ᠎ᠤᠨ᠎ᠬᠢᠨ ᠭᠠᠯ ᠰᠡᠷᠭᠡᠶ᠋ᠢᠯᠡᠨ ᠤᠨᠲᠠᠷᠠᠭ᠋ᠠᠬᠤ ᠲᠦᠬᠦᠬᠡᠷᠦᠮᠵᠢ ᠵᠢ ᠬᠡᠷᠡᠭᠯᠡᠬᠦ ᠨᠢᠭᠡᠴᠢ᠎ᠳᠤ ᠨᠠᠷᠢᠨ ᠪᠠᠶ᠋ᠢᠴᠠᠭ᠋ᠠᠯᠲᠠ ᠬᠢᠵᠦ᠂ ᠨᠢᠭᠡᠴᠢ ᠵᠢᠨ ᠬᠠᠷᠢᠭᠤᠴᠠᠯᠭ᠋ᠠᠲᠠᠨ᠎ᠢ ᠠᠷᠠᠳ ᠲᠦᠮᠡᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠬᠤᠳᠠᠯ ᠬᠠᠭᠤᠷᠮᠠᠭ ᠴᠢᠨᠠᠷ ᠮᠠᠭᠤ ᠭᠠᠯ ᠰᠡᠷᠭᠡᠶ᠋ᠢᠯᠡᠨ ᠤᠨᠲᠠᠷᠠᠭ᠋ᠠᠬᠤ ᠲᠦᠬᠦᠬᠡᠷᠦᠮᠵᠢ ᠵᠢ ᠬᠤᠳᠠᠯᠳᠤᠨ ᠠᠪᠬᠤ ᠵᠢ ᠡᠷᠡᠰ ᠲᠠᠰᠤ ᠬᠤᠷᠢᠭᠯᠠᠵᠤ᠂ ᠭᠠᠯ ᠰᠡᠷᠭᠡᠶ᠋ᠢᠯᠡᠨ ᠤᠨᠲᠠᠷᠠᠭ᠋ᠠᠬᠤ ᠲᠦᠬᠦᠬᠡᠷᠦᠮᠵᠢ ᠵᠢᠨ ᠤᠯᠤᠰ᠎ᠤᠨ ᠪᠠᠷᠢᠮᠵᠢᠶ᠎ᠠ᠎ᠳᠤ ᠨᠡᠶ᠋ᠢᠴᠡᠬᠦ ᠵᠢ ᠦᠨᠡᠨ ᠬᠦ᠌ ᠪᠠᠲᠤᠯᠠᠵᠤ᠂ ᠭᠠᠯ᠎ᠤᠨ ᠠᠶᠤᠯ ᠭᠠᠷᠤᠭᠰᠠᠨ ᠦᠶ᠎ᠡ᠎ᠳᠤ ᠭᠠᠯ᠎ᠢ ᠰᠡᠷᠭᠡᠶ᠋ᠢᠯᠡᠬᠦ᠂ ᠭᠠᠯ ᠤᠨᠲᠠᠷᠠᠭ᠋ᠠᠬᠤ ᠪᠠ ᠲᠠᠷᠬᠠᠭ᠋ᠠᠨ ᠬᠥᠲᠥᠯᠦᠨ ᠵᠢᠯᠣᠭᠤᠳᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠶ ᠭᠡᠵᠦ ᠱᠠᠭ᠋ᠠᠷᠳᠠᠵᠠᠶ᠃




      ᠲᠣᠰ ᠤᠳᠠᠭ᠋ᠠᠨ᠎ᠤ ᠲᠤᠰᠬᠠᠶ ᠪᠠᠶ᠋ᠢᠴᠠᠭ᠋ᠠᠯᠲᠠ᠎ᠪᠠᠷ ᠳᠡᠮᠵᠢᠨ᠂ ᠭᠠᠯ ᠰᠡᠷᠭᠡᠶ᠋ᠢᠯᠡᠨ ᠤᠨᠲᠠᠷᠠᠭ᠋ᠠᠬᠤ ᠲᠦᠬᠦᠬᠡᠷᠦᠮᠵᠢ᠎ᠳᠤ ᠬᠢᠨᠠᠯᠲᠠ ᠲᠠᠯᠪᠢᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠡᠯ᠎ᠡ ᠨᠢᠭᠡᠴᠢ ᠵᠢᠨ ᠬᠠᠷᠢᠭᠤᠴᠠᠯᠭ᠋ᠠᠲᠠᠨ᠎ᠤ ᠬᠠᠤᠯᠢ ᠲᠦᠷᠢᠮ᠎ᠤᠨ ᠦᠵᠡᠯ ᠤᠬᠠᠮᠰᠠᠷ ᠪᠣᠯᠤᠨ ᠦᠢ᠍ᠯᠡᠳᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠦᠵᠡᠯ ᠤᠬᠠᠮᠰᠠᠷ᠎ᠢ ᠳᠡᠭᠡᠭᠰᠢᠯᠡᠭᠦᠯᠦᠨ᠂ ᠭᠠᠯ ᠰᠡᠷᠭᠡᠶ᠋ᠢᠯᠡᠨ ᠤᠨᠲᠠᠷᠠᠭ᠋ᠠᠬᠤ ᠲᠦᠬᠦᠬᠡᠷᠦᠮᠵᠢ ᠵᠢᠨ ᠵᠠᠬ᠎ᠠ ᠳᠡᠯᠭᠡᠭᠦᠷ᠎ᠤᠨ ᠣᠷᠴᠢᠨ ᠲᠣᠭᠤᠷᠢᠨ᠎ᠢ ᠪᠦᠲᠦᠮᠵᠢᠲᠡᠶ ᠵᠢᠷᠤᠮᠵᠢᠭᠤᠯᠵᠤ᠂ ᠭᠠᠯ ᠰᠡᠷᠭᠡᠶ᠋ᠢᠯᠡᠨ ᠤᠨᠲᠠᠷᠠᠭ᠋ᠠᠬᠤ ᠲᠦᠬᠦᠬᠡᠷᠦᠮᠵᠢ ᠵᠢᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠤᠨ᠂ ᠭᠠᠯ᠎ᠤᠨ ᠭᠠᠮᠰᠢᠭ᠎ᠤᠨ ᠡ᠊ᠡᠳᠡᠯ ᠭᠠᠷᠬᠤ ᠵᠢ ᠬᠠᠮᠤᠭ᠎ᠤᠨ ᠶᠡᠭᠡ ᠬᠡᠮᠵᠢᠶ᠎ᠡ᠎ᠪᠠᠷ ᠰᠡᠷᠭᠡᠶ᠋ᠢᠯᠡᠨ ᠬᠤᠷᠢᠭᠯᠠᠪᠠ᠃



      ᠤᠯᠠᠭ᠋ᠠᠨᠬᠤᠲᠠ ᠵᠢᠨ ᠭᠠᠯ ᠰᠡᠷᠭᠡᠶ᠋ᠢᠯᠡᠨ ᠤᠨᠲᠠᠷᠠᠭ᠋ᠠᠬᠤ ᠠᠪᠤᠷᠠᠨ ᠲᠤᠰᠠᠯᠠᠬᠤ ᠶᠡᠭᠡ ᠠᠩᠭᠢ ᠵᠢᠨ ᠭᠠᠯ ᠰᠡᠷᠭᠡᠶ᠋ᠢᠯᠡᠨ ᠤᠨᠲᠠᠷᠠᠭ᠋ᠠᠬᠤ ᠬᠢᠨᠠᠯᠲᠠ ᠲᠠᠯᠪᠢᠭᠴᠢ ᠼᠦᠢ ᠨᠢᠩ᠎ᠠᠴᠠ᠂ ᠲᠠᠷᠠᠭ᠋ᠠᠴᠢ ᠵᠢᠨ ᠠᠯᠬᠤᠮ᠎ᠳᠤ᠂ ᠶᠡᠭᠡ ᠠᠩᠭᠢ ᠎ᠠᠴᠠ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠯᠤᠭ᠎ᠠ ᠵᠢᠨ ᠬᠠᠮᠵᠢᠯᠴᠠᠭ᠎ᠠ᠎ᠪᠠᠨ ᠦᠷᠭᠦᠯᠵᠢᠯᠡᠨ ᠴᠢᠩᠭ᠋ᠠᠳᠬᠠᠵᠤ᠂ ᠬᠤᠳᠠᠯ ᠬᠠᠭᠤᠷᠮᠠᠭ ᠴᠢᠨᠠᠷ ᠮᠠᠭᠤ ᠭᠠᠯ ᠰᠡᠷᠭᠡᠶ᠋ᠢᠯᠡᠨ ᠤᠨᠲᠠᠷᠠᠭ᠋ᠠᠬᠤ ᠲᠦᠬᠦᠬᠡᠷᠦᠮᠵᠢ ᠦᠢ᠍ᠯᠡᠳᠪᠦᠷᠢᠯᠡᠬᠦ᠂ ᠪᠣᠷᠣᠯᠠᠭᠤᠯᠬᠤ ᠪᠠ ᠬᠡᠷᠡᠭᠯᠡᠬᠦ ᠠᠵᠢᠯ᠎ᠳᠤ ᠴᠢᠩᠭ᠎ᠠ ᠴᠣᠬᠢᠯᠲᠠ ᠥᠭᠬᠦ᠎ᠪᠠᠷ ᠭᠤᠤᠯᠳᠠᠯᠭ᠎ᠠ ᠪᠣᠯᠭ᠋ᠠᠨ᠂ ᠬᠠᠮᠲᠤᠷᠠᠨ ᠬᠠᠤᠯᠢ ᠬᠡᠷᠡᠭᠵᠢᠭᠦᠯᠵᠦ᠂ ᠬᠦᠴᠦᠲᠡᠶ ᠴᠣᠬᠢᠯᠲᠠ ᠥᠭᠴᠦ᠂ ᠬᠤᠳᠠᠯ ᠬᠠᠭᠤᠷᠮᠠᠭ ᠴᠢᠨᠠᠷ ᠮᠠᠭᠤ ᠭᠠᠯ ᠰᠡᠷᠭᠡᠶ᠋ᠢᠯᠡᠨ ᠤᠨᠲᠠᠷᠠᠭ᠋ᠠᠬᠤ ᠲᠦᠬᠦᠬᠡᠷᠦᠮᠵᠢ ᠵᠢ ᠬᠠᠤᠯᠢ ᠶᠣᠰᠣᠭ᠋ᠠᠷ ᠡᠷᠡᠰ ᠪᠠᠶ᠋ᠢᠴᠠᠭ᠋ᠠᠨ ᠰᠢᠢ᠍ᠳᠪᠦᠷᠢᠯᠡᠵᠦ᠂ ᠠᠮᠤᠷ ᠲᠦᠪᠰᠢᠨ᠎ᠤ ᠬᠡᠮ ᠰᠣᠭᠤᠭ᠎ᠢ ᠦᠨᠡᠨ ᠬᠦ᠌ ᠡᠬᠢ ᠡᠭᠦᠰᠦᠯ᠎ᠠᠴᠠ᠎ᠨᠢ ᠠᠷᠢᠯᠭ᠋ᠠᠵᠤ᠂ ᠭᠠᠯ ᠰᠡᠷᠭᠡᠶ᠋ᠢᠯᠡᠨ ᠤᠨᠲᠠᠷᠠᠭ᠋ᠠᠬᠤ ᠠᠮᠤᠷ ᠲᠦᠪᠰᠢᠨ᠎ᠤ ᠰᠠᠶ᠋ᠢᠨ ᠰᠠᠶ᠋ᠢᠬᠠᠨ ᠣᠷᠴᠢᠨ ᠲᠣᠭᠤᠷᠢᠨ᠎ᠢ ᠴᠢᠷᠮᠠᠶ᠋ᠢᠨ ᠪᠣᠶ ᠪᠣᠯᠭ᠋ᠠᠨ᠎ᠠ ᠭᠡᠵᠦ ᠢᠯᠡᠷᠬᠡᠶ᠋ᠢᠯᠡᠵᠡᠢ᠃
   
   

ᠢᠷᠡᠯᠲᠡ᠄ ᠤᠯᠠᠭ᠋ᠠᠨᠬᠤᠲᠠ ᠵᠢᠨ ᠬᠠᠮ ᠵᠠᠭᠤᠴᠢᠯᠠᠭᠤᠷ᠎ᠤᠨ ᠲᠥᠪ
          
ᠬᠠᠮᠢᠶ᠎ᠡ ᠪᠦᠬᠦᠢ ᠰᠣᠨᠢᠨ
ᠨᠠᠢ᠍ᠮᠠᠨ ᠬᠣᠰᠢᠭᠤᠨ᠎ᠤ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠶᠡᠬᠡ ᠠᠩᠬᠢ ᠵᠢᠨ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠠᠩᠬᠢ ᠭᠠᠯ ᠤᠨᠲᠠᠷᠠᠭ᠋ᠠᠬᠤ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
2022 ᠣᠨ᠎ᠤ ᠪᠦᠬᠦ ᠬᠣᠰᠢᠭᠣᠨ᠎ᠤ ᠬᠠᠪᠣᠷ᠎ᠤᠨ ᠣᠯᠠᠷᠢᠯ᠎ᠤᠨ ᠣᠢ ᠰᠢᠭᠣᠢ ᠨᠣᠳᠣᠭ ᠪᠡᠯᠴᠢᠭᠡᠷ᠎ᠤᠨ ᠭᠠᠯ᠎ᠢ ᠰᠡᠷᠭᠡᠢ᠌ᠯᠡᠨ ᠭᠠᠯ ᠣᠡᠳᠡᠷᠡᠭ᠋ᠠᠬᠣ ᠵᠢᠴᠢ ᠪᠣᠯᠪᠠᠰᠣᠨ ᠲᠠᠬᠢᠯᠭ᠎ᠠ ᠵᠢᠨ ᠠᠵᠢᠯ᠎ᠤᠨ ᠬᠣᠷᠡᠯ ᠬᠣᠷᠡᠯᠳᠣᠪᠡ
ᠰᠢᠯᠢ ᠵᠢᠨ ᠬᠤᠳᠠ ᠵᠢᠨ 2022 ᠤᠨ ᠎ᠤ ᠬᠠᠪᠤᠷ ᠎ᠤᠨ ᠤᠯᠠᠷᠢᠯ᠎ᠤᠨ ᠪᠡᠯᠴᠢᠭᠡᠷ ᠨᠤᠭᠤᠭ᠋ᠠᠷᠠᠬᠤ ᠬᠤᠭᠤᠴᠠᠭ᠋ᠠᠨ᠎ᠳᠤ ᠪᠡᠯᠴᠢᠭᠡᠷᠯᠡᠭᠦᠯᠬᠦ ᠵᠢ ᠲᠦᠷ ᠵᠤᠭᠰᠤᠭ᠋ᠠᠬᠤ ᠠᠯᠪᠠᠨ ᠵᠠᠷᠯᠠᠯ
ᠠᠯᠠᠱ᠌ᠠ ᠠᠭᠤᠯᠠ ᠵᠢᠨ ᠤᠯᠤᠰ᠎ᠤᠨ ᠲᠠᠰ᠎ᠤᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠤᠷᠤᠨ᠎ᠤ ᠣᠶ ᠰᠢᠭᠤᠢ ᠵᠢᠨ ᠪᠦᠷᠬᠦᠴᠡ ᠵᠢᠨ ᠨᠣᠷᠮ᠎ᠠ 57.3%᠎ᠳᠤ ᠬᠦᠷᠴᠡᠶ
ᠠᠷᠤ ᠬᠤᠷᠴᠢᠨ ᠬᠤᠰᠢᠭᠤ ᠣᠢ ᠰᠢᠭᠤᠢ ᠨᠣᠳᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠨ ᠣᠡᠳᠡᠷᠡᠭ᠋ᠠᠬᠤ ᠵᠢᠯᠣᠭᠤᠳᠣᠡᠡᠴᠢ ᠵᠢᠨ ᠪᠣᠯᠪᠠᠰᠣᠷᠡᠯ᠎ᠤᠨ ᠠᠩᠬᠢ ᠡᠷᠬᠢᠯᠡᠪᠡ
 
             蒙ICP备05000248号