ᠰᠢᠯᠢ ᠵᠢᠨ ᠬᠤᠳᠠ ᠵᠢᠨ 2022 ᠤᠨ ᠤ ᠬᠠᠪᠤᠷ ᠤᠨ ᠤᠯᠠᠷᠢᠯ᠎ᠤᠨ ᠪᠡᠯᠴᠢᠭᠡᠷ ᠨᠤᠭᠤᠭ᠋ᠠᠷᠠᠬᠤ ᠬᠤᠭᠤᠴᠠᠭ᠋ᠠᠨ᠎ᠳᠤ ᠪᠡᠯᠴᠢᠭᠡᠷᠯᠡᠭᠦᠯᠬᠦ ᠵᠢ ᠲᠦᠷ ᠵᠤᠭᠰᠤᠭ᠋ᠠᠬᠤ ᠠᠯᠪᠠᠨ ᠵᠠᠷᠯᠠᠯ ᠤᠢ᠌ᠷ᠎ᠠ ᠵᠢᠨ ᠬᠡᠳᠦᠨ ᠵᠢᠯ᠎ᠳᠤ ᠮᠠᠨ᠎ᠤ ᠬᠤᠳᠠ ᠬᠠᠪᠤᠷ᠎ᠤᠨ ᠤᠯᠠᠷᠢᠯ᠎ᠤᠨ ᠪᠡᠯᠴᠢᠭᠡᠷ ᠨᠤᠭᠤᠭ᠋ᠠᠷᠠᠬᠤ ᠬᠤᠭᠤᠴᠠᠭ᠋ᠠᠨ᠎ᠳᠤ ᠪᠡᠯᠴᠢᠭᠡᠷᠯᠡᠭᠦᠯᠬᠦ ᠵᠢ ᠲᠦᠷ ᠵᠤᠭᠰᠤᠭ᠋ᠠᠬᠤ ᠵᠢ ᠬᠡᠷᠡᠭᠵᠢᠭᠦᠯᠵᠦ᠂ ᠨᠤᠲᠤᠭ ᠪᠡᠯᠴᠢᠭᠡᠷ᠎ᠤᠨ ᠠᠮᠢ ᠠᠬᠤᠢ ᠵᠢ ᠬᠠᠮᠠᠭ᠋ᠠᠯᠠᠬᠤ᠂ ᠤᠷᠭᠤᠮᠠᠯ᠎ᠤᠨ ᠪᠥᠷᠬᠦᠴᠡ ᠵᠢ ᠰᠡᠷᠭᠦᠭᠡᠭᠦ ᠪᠠ ᠮᠠᠯᠴᠢᠳ᠎ᠤᠨ ᠤᠷᠤᠯᠭ᠎ᠠ ᠵᠢ ᠨᠡᠮᠡᠭᠳᠡᠭᠦᠯᠬᠦ ᠲᠠᠯ᠎ᠠ᠎ᠪᠠᠷ ᠰᠠᠢ᠌ᠨ ᠥᠷ᠎ᠡ ᠪᠦᠲᠦᠮᠵᠢ ᠣᠯᠪᠠ᠃ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠤᠯᠠᠮ ᠨᠢᠭᠡ ᠠᠯᠬᠤᠮ ᠪᠡᠬᠢᠵᠢᠭᠦᠯᠵᠦ᠂ ᠨᠤᠲᠤᠭ ᠪᠡᠯᠴᠢᠭᠡᠷ᠎ᠤᠨ ᠠᠮᠢ ᠠᠬᠤᠢ ᠵᠢᠨ ᠡᠬᠢ ᠪᠠᠶᠠᠯᠢᠭ᠎ᠢ ᠰᠢᠨᠵᠢᠯᠡᠬᠦ ᠤᠬᠠᠭ᠋ᠠᠨᠴᠢ᠎ᠪᠠᠷ ᠬᠠᠮᠠᠭ᠋ᠠᠯᠠᠨ ᠠᠰᠢᠭᠯᠠᠬᠤ ᠵᠢᠨ ᠲᠦᠯᠦᠭᠡ᠂ 《ᠰᠢᠯᠢ ᠵᠢᠨ ᠭᠤᠤᠯ ᠠᠢ᠌ᠮᠠᠭ᠎ᠤᠨ 2022 ᠤᠨ᠎ᠤ ᠬᠠᠪᠤᠷ᠎ᠤᠨ ᠤᠯᠠᠷᠢᠯ᠎ᠤᠨ ᠪᠡᠯᠴᠢᠭᠡᠷ ᠨᠤᠭᠤᠭ᠋ᠠᠷᠠᠬᠤ ᠬᠤᠭᠤᠴᠠᠭ᠋ᠠᠨ᠎ᠳᠤ ᠪᠡᠯᠴᠢᠭᠡᠷᠯᠡᠭᠦᠯᠬᠦ ᠵᠢ ᠲᠦᠷ ᠵᠣᠭᠰᠤᠭ᠋ᠠᠬᠤ ᠵᠢ ᠭᠡᠷᠡᠭᠵᠢᠬᠦᠯᠬᠦ ᠲᠦᠰᠦᠯ》 ᠤᠨ ᠮᠡᠳᠡᠭᠳᠡᠯ᠎ᠤᠨ ᠱᠠᠭ᠋ᠠᠷᠳᠠᠯᠭ᠎ᠠ᠎ᠪᠠᠷ᠂ 《ᠰᠢᠯᠢ ᠵᠢᠨ ᠬᠤᠲᠠ ᠵᠢᠨ 2022 ᠤᠨ᠎ᠤ ᠬᠠᠪᠤᠷ᠎ᠤᠨ ᠤᠯᠠᠷᠢᠯ᠎ᠤᠨ ᠪᠡᠯᠴᠢᠭᠡᠷ ᠨᠤᠭᠤᠭ᠋ᠠᠷᠠᠬᠤ ᠬᠤᠭᠤᠴᠠᠭ᠋ᠠᠨ᠎ᠳᠤ ᠪᠡᠯᠴᠢᠭᠡᠷᠯᠡᠭᠦᠯᠬᠦ ᠵᠢ ᠲᠦᠷ ᠵᠤᠭᠰᠤᠭ᠋ᠠᠬᠤ ᠵᠢ ᠬᠡᠷᠡᠭᠵᠢᠭᠦᠯᠬᠦ ᠲᠦᠰᠦᠯ》᠎ᠲᠠᠢ ᠤᠶᠠᠯᠳᠤᠭᠤᠯᠤᠨ᠂ 2022 ᠤᠨ᠎ᠳᠤ ᠪᠥᠬᠥ ᠬᠤᠲᠠ᠎ᠳᠤ ᠬᠠᠪᠤᠷ᠎ᠤᠨ ᠤᠯᠠᠷᠢᠯ᠎ᠤᠨ ᠪᠡᠯᠴᠢᠭᠡᠷ ᠨᠤᠭᠤᠭ᠋ᠠᠷᠠᠬᠤ ᠬᠤᠭᠤᠴᠠᠭ᠋ᠠᠨ᠎ᠳᠤ ᠪᠡᠯᠴᠢᠭᠡᠷᠯᠡᠭᠦᠯᠬᠦ ᠵᠢ ᠲᠦᠷ ᠵᠤᠭᠰᠤᠭ᠋ᠠᠬᠤ ᠵᠢ ᠦᠷᠭᠦᠯᠵᠢᠯᠡᠨ ᠬᠡᠷᠡᠭᠵᠢᠭᠦᠯᠭᠦ᠎ᠪᠠᠷ ᠲᠤᠭᠲᠠᠪᠠ᠃ ᠡᠳᠦᠭᠡ ᠲᠤᠤᠷᠠᠬᠢ ᠮᠡᠲᠦ ᠵᠠᠷᠯᠠᠶ᠎ᠠ᠄
ᠨᠢᠭᠡ᠂ ᠪᠡᠯᠴᠢᠭᠡᠷᠯᠡᠭᠦᠯᠬᠦ ᠵᠢ ᠲᠦᠷ ᠵᠤᠭᠰᠤᠭ᠋ᠠᠬᠤ ᠴᠠᠭ ᠬᠤᠭᠤᠴᠠᠭ᠎ᠠ ᠡᠬᠢᠯᠡᠵᠦ ᠳᠠᠭᠤᠰᠬᠤ ᠬᠤᠭᠤᠴᠠᠭ᠎ᠠ᠄
2022 ᠤᠨ᠎ᠤ 4 ᠰᠠᠷ᠎ᠠ ᠵᠢᠨ 15᠎ᠤ ᠡᠳᠦᠷ᠎ᠤᠨ 0᠄ 00 ᠴᠠᠭ - 5 ᠰᠠᠷ᠎ᠠ ᠵᠢᠨ 29᠎ᠤ ᠡᠳᠦᠷ᠎ᠤᠨ 24᠄ 00 ᠴᠠᠭ᠂ ᠨᠡᠢ᠌ᠲᠡ 45 ᠡᠳᠦᠷ᠃
ᠬᠤᠶᠠᠷ᠂ ᠪᠡᠯᠴᠢᠭᠡᠷᠯᠡᠭᠦᠯᠬᠦ ᠵᠢ ᠲᠦᠷ ᠵᠤᠭᠰᠤᠭ᠋ᠠᠬᠤ ᠬᠦᠷᠢᠶ᠎ᠡ ᠬᠡᠪᠴᠢᠶ᠎ᠡ
ᠪᠥᠬᠥ ᠬᠤᠲᠠ ᠵᠢᠨ ᠬᠢᠯᠢ ᠲᠤᠳᠤᠷᠠᠬᠢ ᠪᠥᠬᠥ ᠦᠬᠡᠷ᠂ ᠬᠣᠨᠢ (ᠬᠣᠨᠢ᠂ ᠢᠮᠠᠭ᠎ᠠ)᠎ᠳᠤ ᠬᠠᠪᠤᠷ᠎ᠤᠨ ᠤᠯᠠᠷᠢᠯ᠎ᠤᠨ ᠪᠡᠯᠴᠢᠭᠡᠷ ᠨᠤᠭᠤᠭ᠋ᠠᠷᠠᠬᠤ ᠬᠤᠭᠤᠴᠠᠭ᠋ᠠᠨ᠎ᠤ ᠪᠡᠯᠴᠢᠭᠡᠷᠯᠡᠭᠦᠯᠬᠦ ᠵᠢ ᠲᠦᠷ ᠵᠤᠭᠰᠤᠭ᠋ᠠᠬᠤ ᠵᠢ ᠬᠡᠷᠡᠭᠵᠢᠭᠦᠯᠦᠨ᠎ᠡ᠃
ᠭᠤᠷᠪᠠ᠂ ᠪᠡᠯᠴᠢᠭᠡᠷᠯᠡᠭᠦᠯᠬᠦ ᠵᠢ ᠲᠦᠷ ᠵᠤᠭᠰᠤᠭ᠋ᠠᠬᠤ ᠨᠥᠬᠥᠪᠦᠷᠢ ᠵᠢᠨ ᠪᠠᠷᠢᠮᠵᠢᠶ᠎ᠠ
ᠪᠥᠬᠥ ᠬᠤᠲᠠ ᠵᠢᠨ 8 ᠰᠤᠮᠤ ᠪᠠᠯᠭ᠋ᠠᠰᠤ ᠲᠠᠯᠠᠪᠠᠢ ᠵᠢᠨ ᠪᠡᠯᠴᠢᠭᠡᠷᠯᠡᠭᠦᠯᠬᠦ ᠵᠢ ᠲᠦᠷ ᠵᠤᠭᠰᠤᠭ᠋ᠠᠬᠤ ᠵᠢ ᠬᠡᠷᠡᠭᠵᠢᠭᠦᠯᠦᠭᠰᠡᠨ ᠮᠠᠯᠴᠢᠨ ᠡᠷᠦᠭᠡ᠎ᠳᠤ ᠮᠠᠯ ᠪᠡᠯᠴᠢᠭᠡᠷ᠎ᠤᠨ ᠲᠡᠩᠴᠡᠭᠦᠷᠢ ᠵᠢᠨ ᠲᠠᠯᠠᠪᠠᠢ ᠵᠢ ᠦᠨᠳᠦᠰᠦᠯᠡᠨ ᠪᠡᠯᠴᠢᠭᠡᠷᠯᠡᠭᠦᠯᠬᠦ ᠵᠢ ᠲᠥᠷ ᠵᠤᠭᠰᠤᠭ᠋ᠠᠬᠤ ᠨᠦᠬᠦᠪᠦᠷᠢ ᠤᠯᠭᠤᠨ᠎ᠠ᠂ ᠪᠠᠷᠢᠮᠵᠢᠶ᠎ᠠ᠎ᠨᠢ 1.125 ᠲᠦᠭᠦᠷᠢᠭ / ᠮᠦ᠍ ᠪᠤᠯᠤᠨ᠎ᠠ᠃
ᠳᠥᠷᠪᠡ᠂ ᠬᠦᠳᠡᠯᠭᠡᠭᠡᠨ᠎ᠤ ᠲᠠᠯᠠᠪᠠᠢ ᠵᠢᠨ ᠪᠠᠷᠢᠮᠵᠢᠶ᠎ᠠ
ᠮᠠᠯᠵᠢᠬᠤ ᠡᠷᠦᠭᠡ᠎ᠳᠤ ᠬᠢᠨᠠᠨ ᠲᠤᠭᠲᠠᠭ᠋ᠠᠭᠰᠠᠨ ᠳᠤᠬᠢᠷᠠᠮᠵᠢᠳᠠᠢ ᠪᠡᠯᠴᠢᠭᠡᠷ᠎ᠤᠨ ᠳᠠᠭ᠋ᠠᠭ᠋ᠠᠴᠠ ᠵᠢᠨ ᠬᠡᠮᠵᠢᠶ᠎ᠡ᠎ᠪᠠᠷ ᠰᠠᠭᠤᠷᠢ ᠲᠣᠭ᠎ᠠ ᠪᠣᠯᠭ᠋ᠠᠵᠤ᠂ ᠬᠤᠨᠢᠴᠢᠯᠠᠭᠰᠠᠨ ᠨᠢᠭᠡᠴᠢ ᠪᠦᠷᠢ ᠵᠢᠨ ᠪᠡᠯᠴᠢᠭᠡᠷᠯᠡᠭᠦᠯᠬᠦ ᠵᠢ ᠲᠦᠷ ᠵᠤᠭᠰᠤᠭ᠋ᠠᠬᠤ ᠬᠤᠭᠤᠴᠠᠭ᠋ᠠᠨ᠎ᠤ ᠬᠥᠳᠡᠯᠭᠡᠭᠡᠨ᠎ᠤ ᠲᠠᠯᠠᠪᠠᠢ᠎ᠨᠢ 20 ᠲᠡᠭᠰᠢ ᠳᠥᠷᠪᠡᠯᠵᠢᠨ ᠮᠸᠲᠷ᠎ᠠᠴᠠ ᠬᠡᠳᠦᠷᠡᠵᠦ ᠪᠣᠯᠬᠤ ᠦᠭᠡᠢ᠂ ᠬᠦᠳᠡᠯᠭᠡᠭᠡᠨ᠎ᠤ ᠲᠠᠯᠠᠪᠠᠢ ᠵᠢ ᠬᠠᠰᠢᠶ᠎ᠠ ᠰᠠᠷᠠᠪᠴᠢ ᠵᠢᠨ ᠡᠷᠬᠢᠨ ᠳᠤᠭᠤᠷᠢᠨ᠎ᠳᠤ ᠪᠠᠢ᠌ᠷᠢᠯᠠᠭᠤᠯᠬᠤ ᠬᠡᠷᠡᠭᠲᠡᠢ᠃
ᠲᠠᠪᠤ᠂ ᠬᠤᠯᠪᠤᠭᠳᠠᠯ ᠪᠥᠭᠥᠢ ᠱᠠᠭ᠋ᠠᠷᠳᠠᠯᠠᠭᠠ
(ᠨᠢᠭᠡ) ᠦᠷᠭᠡᠨ ᠣᠯᠠᠨ ᠮᠠᠯᠴᠢᠨ ᠲᠦᠮᠡᠨ᠎ᠨᠢ ᠠᠵᠤ ᠠᠬᠤᠢ ᠪᠠ ᠠᠮᠢ ᠠᠬᠤᠢ ᠵᠢᠨ ᠲᠠᠩᠰᠠ ᠵᠢᠴᠢ ᠣᠬᠤᠷ ᠬᠤᠭᠤᠴᠠᠭ᠎ᠠ ᠪᠠ ᠤᠷᠳᠤ ᠬᠤᠭᠤᠴᠠᠭ᠋ᠠᠨ᠎ᠤ ᠲᠠᠩᠰᠠ ᠵᠢ ᠬᠦᠢ᠍ᠴᠡᠳ ᠲᠠᠨᠢᠵᠤ᠂ ᠦᠪᠡᠷ᠎ᠤᠨ ᠤᠬᠠᠮᠰᠠᠷ᠎ᠠᠴᠠ᠎ᠪᠠᠨ ᠬᠠᠪᠤᠷ᠎ᠤᠨ ᠤᠯᠠᠷᠢᠯ᠎ᠤᠨ ᠪᠡᠯᠴᠢᠭᠡᠷ ᠨᠤᠭᠤᠭ᠋ᠠᠷᠠᠬᠤ ᠬᠤᠭᠤᠴᠠᠭ᠋ᠠᠨ᠎ᠳᠤ ᠪᠡᠯᠴᠢᠭᠡᠷᠯᠡᠭᠦᠯᠬᠦ ᠵᠢ ᠲᠦᠷ ᠵᠤᠭᠰᠤᠭ᠋ᠠᠬᠤ ᠳᠦᠷᠢᠮ ᠲᠤᠭᠲᠠᠭ᠋ᠠᠯ᠎ᠢ ᠰᠠᠬᠢᠵᠤ᠂ ᠰᠤᠮᠤ ᠪᠠᠯᠭ᠋ᠠᠰᠤ ᠲᠠᠯᠠᠪᠠᠢ᠂ ᠭᠠᠴᠠᠭ᠎ᠠ ᠬᠤᠪᠢᠶᠠᠷᠢ ᠲᠠᠯᠠᠪᠠᠢ ᠵᠢᠨ ᠬᠠᠮᠢᠶᠠᠷᠤᠯᠳᠠ ᠵᠢᠴᠢ ᠰᠤᠮᠤ ᠪᠠᠯᠭ᠋ᠠᠰᠤᠨ᠎ᠤ ᠶᠡᠷᠦᠩᠭᠡᠢ᠌ᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠡᠷᠦᠩᠭᠡᠢ᠌ᠯᠡᠭᠰᠡᠨ ᠬᠠᠤᠯᠢ ᠬᠡᠷᠡᠭᠵᠢᠭᠦᠯᠬᠦ ᠶᠡᠬᠡ ᠠᠩᠭᠢ ᠪᠠ ᠣᠢ ᠰᠢᠭᠤᠢ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ ᠤᠨ ᠬᠢᠨᠠᠯᠲᠠ ᠲᠠᠯᠪᠢᠯᠳᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠬᠦ ᠬᠡᠷᠡᠭᠲᠡᠢ᠃
(ᠬᠤᠶᠠᠷ) ᠡᠯ᠎ᠡ ᠰᠤᠮᠤ ᠪᠠᠯᠭ᠋ᠠᠰᠤ ᠲᠠᠯᠠᠪᠠᠢ ᠪᠣᠯᠤᠨ ᠬᠠᠮᠢᠶ᠎ᠠ ᠪᠥᠭᠦᠢ ᠰᠠᠯᠠᠭ᠎ᠠ ᠮᠥᠴᠢᠷ᠎ᠤᠳ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠢ ᠵᠢᠯᠤᠭᠤᠳᠤᠨ ᠦᠢ᠍ᠯᠡᠴᠢᠯᠡᠬᠦ ᠠᠵᠢᠯ᠎ᠢ ᠰᠠᠢ᠌ᠳᠤᠷ ᠬᠢᠬᠦ ᠬᠡᠷᠡᠭᠲᠡᠢ᠃ ᠦᠷᠭᠡᠨ ᠤᠯᠠᠨ ᠮᠠᠯᠴᠢᠨ ᠲᠦᠮᠡᠨ ᠡᠪᠡᠰᠦ ᠪᠤᠷᠳᠤᠭ᠎ᠠ ᠨᠦᠭᠡᠴᠡᠯᠡᠬᠦ᠂ ᠮᠠᠯ ᠤᠨᠤᠭ᠎ᠠ ᠵᠢᠨ ᠬᠦᠳᠡᠯᠭᠡᠭᠡᠨ᠎ᠤ ᠲᠠᠯᠠᠪᠤᠷ ᠵᠶ᠋ᠠᠨ ᠲᠤᠬᠢᠷᠠᠭᠤᠯᠬᠤ ᠵᠢᠴᠢ ᠤᠰᠤᠨ ᠰᠤᠷᠪᠤᠯᠵᠢ ᠵᠢᠨ ᠬᠤᠳᠳᠤᠭ᠂ ᠤᠤᠭᠤᠬᠤ ᠤᠰᠤᠨ᠎ᠤ ᠨᠡᠪᠳᠡᠷᠡᠬᠦ ᠵᠠᠮ᠂ ᠲᠡᠵᠢᠭᠡᠬᠦ ᠲᠦᠭᠦᠭᠡᠷᠦᠮᠵᠢ ᠵᠡᠷᠭᠡ ᠪᠠᠲᠤᠯᠠᠭ᠎ᠠ ᠵᠢᠨ ᠠᠵᠢᠯ᠎ᠢ ᠡᠷᠲᠡᠬᠡᠨ ᠰᠠᠢ᠌ᠲᠤᠷ ᠬᠢᠬᠦ ᠬᠡᠷᠡᠭᠲᠡᠢ᠃ ᠮᠠᠯ᠎ᠤᠨ ᠬᠢᠵᠢᠭ᠎ᠢ ᠰᠡᠷᠭᠡᠢ᠌ᠯᠡᠨ ᠵᠠᠰᠠᠬᠤ ᠠᠵᠢᠯ᠎ᠢ ᠰᠠᠢ᠌ᠲᠤᠷ ᠬᠢᠵᠦ᠂ ᠰᠡᠷᠭᠡᠢ᠌ᠯᠡᠨ ᠬᠢᠵᠠᠭ᠋ᠠᠷᠯᠠᠬᠤ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ᠂ ᠬᠢᠵᠢᠭ ᠦᠯᠦ ᠡᠭᠦᠰᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃
(ᠭᠤᠷᠪᠠ) ᠡᠯ᠎ᠡ ᠰᠤᠮᠤ ᠪᠠᠯᠭ᠋ᠠᠰᠤᠨ᠎ᠤ ᠶᠡᠷᠦᠩᠭᠡᠢ᠌ᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠡᠷᠦᠩᠭᠡᠢ᠌ᠯᠡᠭᠰᠡᠨ ᠬᠠᠤᠯᠢ ᠬᠡᠷᠡᠭᠵᠢᠭᠦᠯᠬᠦ ᠶᠡᠬᠡ ᠠᠩᠭᠢ ᠵᠡᠷᠭᠡ ᠰᠠᠯᠠᠭ᠎ᠠ ᠮᠥᠴᠢᠷ᠎ᠤᠳ᠎ᠨᠢ ᠬᠠᠤᠯᠢ ᠬᠡᠷᠡᠭᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠵᠤ᠂ ᠲᠤᠭᠲᠠᠭ᠋ᠠᠯ᠎ᠠᠴᠠ ᠵᠦᠷᠢᠴᠡᠨ ᠮᠠᠯ ᠮᠠᠯᠵᠢᠬᠤ ᠦᠢ᠍ᠯᠡ ᠠᠵᠢᠯᠯᠠᠭ᠎ᠠ ᠵᠢ ᠬᠠᠤᠯᠢ ᠶᠤᠰᠤᠭ᠋ᠠᠷ ᠪᠠᠢ᠌ᠴᠠᠭ᠋ᠠᠨ ᠰᠢᠢ᠍ᠳᠪᠦᠷᠢᠯᠡᠬᠦ ᠬᠡᠷᠡᠭᠲᠡᠢ᠃ ᠤᠢ ᠰᠢᠭᠤᠢ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠨᠢ ᠵᠢᠭ᠋ᠠᠨ ᠵᠢᠯᠤᠭᠤᠳᠴᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ᠂ ᠨᠤᠲᠤᠭ ᠪᠡᠯᠴᠢᠭᠡᠷ᠎ᠤᠨ ᠲᠤᠰᠬᠠᠢ ᠲᠤᠰᠢᠶᠠᠯ᠎ᠳᠤ ᠬᠠᠮᠢᠶᠠᠷᠤᠨ ᠬᠠᠮᠠᠭ᠋ᠠᠯᠠᠭᠴᠢ ᠵᠢᠨ ᠦᠢ᠍ᠯᠡᠳᠦᠯ᠎ᠢ ᠬᠦᠢ᠍ᠴᠡᠳ ᠪᠠᠳᠠᠷᠠᠭᠤᠯᠵᠤ᠂ ᠴᠢᠩᠭ᠎ᠠ ᠬᠠᠮᠢᠶᠠᠷᠤᠯᠳᠠ ᠬᠢᠵᠦ᠂ ᠲᠤᠭᠲᠠᠭᠰᠠᠨ ᠬᠤᠭᠤᠴᠠᠭ᠎ᠠ᠎ᠲᠠᠢ ᠲᠣᠭᠤᠷᠢᠨ ᠬᠠᠮᠠᠭ᠋ᠠᠯᠠᠵᠤ᠂ ᠬᠢᠨᠠᠨ ᠬᠠᠮᠢᠶᠠᠷᠬᠤ ᠠᠵᠢᠯ᠎ᠢ ᠰᠠᠢ᠌ᠲᠤᠷ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠢᠯᠡᠴᠢᠯᠡᠨ ᠮᠡᠳᠡᠭᠦᠯᠬᠦ ᠳᠦᠷᠢᠮ᠎ᠢ ᠬᠡᠷᠡᠭᠵᠢᠭᠦᠯᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ᠂ ᠭᠤᠤᠯ ᠴᠤᠭᠴᠠ ᠵᠢᠨ ᠦᠪᠡᠷ᠎ᠤᠨ ᠪᠡᠶ᠎ᠡ᠎ᠳᠡᠭᠡᠨ ᠬᠢᠨᠠᠯᠲᠠ ᠲᠠᠯᠪᠢᠬᠤ᠂ ᠨᠡᠢ᠌ᠭᠡᠮ᠎ᠠᠴᠠ ᠬᠢᠨᠠᠯᠲᠠ ᠲᠠᠯᠪᠢᠬᠤ᠂ ᠤᠯᠠᠨ ᠲᠦᠮᠡᠨ ᠬᠢᠨᠠᠯᠲᠠ ᠲᠠᠯᠪᠢᠬᠤ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠨᠡᠢ᠌ᠯᠡᠮᠡᠯ ᠬᠦᠴᠦᠨ᠎ᠢ ᠪᠤᠢ ᠪᠣᠯᠭ᠋ᠠᠵᠤ᠂ ᠦᠷᠭᠡᠨ ᠤᠯᠠᠨ ᠲᠦᠮᠡᠨ ᠲᠠᠯᠳᠠᠭᠤᠷ ᠮᠠᠯᠵᠢᠬᠤ ᠵᠡᠷᠭᠡ ᠲᠤᠭᠲᠠᠭ᠋ᠠᠯ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ ᠵᠢ ᠢᠳᠡᠪᠬᠢᠳᠡᠢ ᠢᠯᠡᠴᠢᠯᠡᠨ ᠮᠡᠳᠡᠭᠦᠯᠬᠦ ᠪᠤᠯᠪᠠᠤ᠂ 24 ᠴᠠᠭ᠎ᠤᠨ ᠢᠯᠡᠴᠢᠯᠡᠨ ᠮᠡᠳᠡᠭᠦᠯᠬᠦ ᠤᠲᠠᠰᠤ᠄ 8262294᠃
(ᠳᠥᠷᠪᠡ) ᠪᠡᠯᠴᠢᠭᠡᠷᠯᠡᠭᠦᠯᠬᠦ ᠵᠢ ᠲᠦᠷ ᠵᠤᠭᠰᠤᠭ᠋ᠠᠬᠤ ᠠᠵᠢᠯ ᠳᠠᠭᠤᠰᠤᠭᠰᠠᠨ᠎ᠤ ᠳᠠᠷᠠᠭ᠎ᠠ᠂ ᠡᠯ᠎ᠡ ᠬᠠᠮᠢᠶ᠎ᠠ ᠪᠥᠬᠦᠢ ᠰᠠᠯᠠᠭ᠎ᠠ ᠮᠥᠴᠢᠷ ᠪᠠ ᠰᠤᠮᠤ ᠪᠠᠯᠭ᠋ᠠᠰᠤ ᠲᠠᠯᠠᠪᠠᠢ᠎ᠨᠢ ᠰᠢᠯᠭ᠋ᠠᠨ ᠬᠤᠷᠢᠶᠠᠵᠤ᠂ ᠪᠡᠯᠴᠢᠭᠡᠷᠯᠡᠭᠦᠯᠬᠦ ᠵᠢ ᠲᠦᠷ ᠵᠤᠭᠰᠤᠭ᠋ᠠᠬᠤ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠤᠭᠰᠠᠨ ᠮᠠᠯᠵᠢᠬᠤ ᠡᠷᠦᠭᠡ᠎ᠳᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ 《 ᠨᠢᠭᠡ ᠺᠠᠷᠲ》 ᠵᠶ᠋ᠡᠷ ᠳᠠᠮᠵᠢᠨ ᠪᠡᠯᠴᠢᠭᠡᠷᠯᠡᠭᠦᠯᠬᠦ ᠵᠢ ᠲᠦᠷ ᠵᠤᠭᠰᠤᠭ᠋ᠠᠬᠤ ᠨᠥᠬᠥᠪᠦᠷᠢ ᠤᠯᠭᠤᠨ᠎ᠠ᠃ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠤᠭᠰᠠᠨ ᠦᠭᠡᠢ᠂ ᠳᠠᠯᠳᠠᠭᠤᠷ ᠮᠠᠯᠵᠢᠬᠤ ᠵᠡᠷᠭᠡ ᠦᠢ᠍ᠯᠡ ᠠᠵᠢᠯᠯᠠᠭ᠎ᠠ ᠤᠷᠤᠰᠢᠵᠤ ᠪᠠᠢ᠌ᠭ᠎ᠠ ᠮᠠᠯᠵᠢᠬᠤ ᠡᠷᠦᠭᠡ ᠵᠢᠨ ᠪᠡᠯᠴᠢᠭᠡᠷᠯᠡᠭᠦᠯᠬᠦ ᠵᠢ ᠲᠦᠷ ᠵᠤᠭᠰᠤᠭ᠋ᠠᠬᠤ ᠨᠦᠭᠦᠪᠦᠷᠢ ᠵᠢ ᠬᠠᠰᠤᠵᠤ᠂ ᠬᠠᠤᠯᠢ ᠶᠤᠰᠤᠭ᠋ᠠᠷ ᠬᠠᠷᠢᠭᠤᠴᠠᠯᠭ᠎ᠠ ᠨᠡᠭᠡᠮᠵᠢᠯᠡᠨ᠎ᠡ᠃
ᠤᠨᠴᠠᠭ᠋ᠠᠢ᠌ᠯᠠᠨ ᠵᠠᠷᠯᠠᠪᠠ
2022 ᠤᠨ᠎ᠤ 3 ᠰᠠᠷ᠎ᠠ ᠵᠢᠨ 14 ᠤ ᠡᠳᠦᠷ