4 ᠰᠠᠷ᠎ᠠ ᠵᠢᠨ 4᠎ᠤ ᠡᠳᠦᠷ᠂ ᠬᠣᠲᠠ ᠵᠢᠨ ᠣᠶ ᠰᠢᠭᠤᠢ ᠡᠪᠡᠰᠦ ᠪᠡᠯᠴᠢᠭᠡᠷ᠎ᠤᠨ ᠲᠣᠪᠴᠢᠶ᠎ᠠ ᠵᠢᠨ ᠳᠡᠳ᠋ ᠳᠠᠷᠤᠭ᠎ᠠ ᠮᠠ ᠰᠢᠶᠣᠣ ᠵᠢᠶᠦ᠋ᠨ ᠠᠷᠤ ᠬᠣᠷᠴᠢᠨ ᠬᠣᠰᠢᠭᠤᠨ᠎ᠤ ᠣᠶ ᠰᠢᠭᠤᠢ ᠨᠣᠲᠣᠭ ᠪᠡᠯᠴᠢᠭᠡᠷ᠎ᠤᠨ ᠳᠠᠷᠤᠭ᠎ᠠ ᠵᠢᠨ ᠳᠦᠷᠢᠮ ᠵᠢᠴᠢ ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠢ᠌ᠯᠡᠨ ᠤᠨᠲᠠᠷᠠᠭ᠋ᠠᠬᠤ ᠠᠵᠢᠯ᠎ᠢ ᠬᠢᠨᠠᠨ ᠵᠢᠯᠣᠭᠣᠳᠪᠠ᠃ ᠬᠣᠰᠢᠭᠤᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠴᠧᠨ ᠬᠤ᠌ ᠨᠠᠨ᠂ ᠬᠣᠰᠢᠭᠤᠨ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠬᠤᠰᠢᠭᠤᠨ ᠳᠡᠳ᠋ ᠳᠠᠷᠤᠭ᠎ᠠ ᠰᠡᠷᠭᠦᠯᠡᠩ ᠵᠢᠴᠢ ᠬᠣᠲᠠ᠂ ᠬᠣᠰᠢᠭᠤᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ ᠬᠢᠨᠠᠨ ᠵᠢᠯᠤᠭᠣᠳᠬᠤ᠎ᠳᠤ ᠣᠷᠣᠯᠴᠠᠪᠠ᠃

ᠮᠠ ᠰᠢᠶᠣᠣ ᠵᠢᠶᠦ᠋ᠨ ᠨᠠᠷ ᠤᠷᠢᠳ ᠬᠣᠵᠢᠳ ᠣᠶ ᠰᠢᠭᠤᠢ ᠨᠣᠲᠣᠭ ᠪᠡᠯᠴᠢᠭᠡᠷ᠎ᠤᠨ ᠲᠣᠪᠴᠢᠶ᠎ᠠ ᠵᠢᠨ ᠭᠠᠯ ᠰᠡᠷᠭᠡᠢ᠌ᠯᠡᠬᠦ ᠠᠵᠢᠯ᠎ᠤᠨ ᠵᠢᠯᠤᠭᠣᠳᠬᠤ ᠲᠠᠰᠤᠭ᠂ ᠪᠠᠢ᠌ᠴᠸᠩᠽᠢ ᠣᠶ ᠰᠢᠭᠤᠢ ᠵᠢᠨ ᠲᠠᠯᠠᠪᠠᠶ ᠵᠢᠨ ᠰᠢᠶᠠᠨ ᠹᠸᠩ ᠠᠵᠢᠯ᠎ᠤᠨ ᠲᠣᠭᠣᠷᠢᠭ᠎ᠲᠤ ᠬᠦᠷᠴᠦ᠂ ᠵᠢᠯᠤᠭᠣᠳᠬᠤ ᠲᠠᠪᠴᠠᠩ᠎ᠤᠨ ᠠᠵᠢᠯᠯᠠᠭ᠋ᠠᠨ ᠵᠢᠴᠢ ᠬᠢᠨᠠᠨ ᠡᠵᠡᠮᠳᠡᠬᠦ᠂ ᠤᠢ ᠰᠢᠭᠤᠢ ᠵᠢᠨ ᠭᠠᠯ ᠰᠡᠷᠭᠡᠢ᠌ᠯᠡᠬᠦ᠂ ᠤᠢ ᠰᠢᠭᠤᠢ ᠵᠢᠨ ᠲᠠᠯᠠᠪᠠᠢ ᠵᠢᠨ ᠤᠩᠭᠤᠨ᠎ᠤ ᠣᠷᠣᠨ ᠪᠣᠯᠣᠨ ᠠᠭᠤᠯᠠᠨ᠎ᠳᠤ ᠣᠷᠣᠬᠤ ᠵᠠᠮ᠎ᠤᠨ ᠠᠭᠤᠯᠵᠠᠷ᠎ᠤᠨ ᠭᠠᠯ ᠰᠡᠷᠭᠡᠢ᠌ᠯᠡᠬᠦ ᠪᠡᠯᠡᠳᠬᠡᠯ᠂ ᠲᠦᠷ ᠴᠠᠭ᠎ᠤᠨ ᠬᠠᠷᠠᠭᠤᠯ᠎ᠤᠨ ᠪᠠᠢ᠌ᠷᠢᠯᠠᠭᠤᠯᠤᠯᠲᠠ᠂ ᠠᠭᠤᠯᠠᠨ᠎ᠳᠤ ᠣᠷᠣᠬᠣ ᠳᠠᠩᠰᠠᠯᠠᠯᠲᠠ᠂ ᠲᠦᠢ᠍ᠮᠡᠷ᠎ᠢ ᠤᠨᠲᠠᠷᠠᠭ᠋ᠠᠬᠤ ᠡᠩᠨᠡᠭᠡ ᠵᠢᠴᠢ ᠮᠠᠰᠢᠨ ᠪᠠᠭ᠋ᠠᠵᠢ ᠵᠢᠨ ᠲᠣᠬᠢᠷᠠᠭᠤᠯᠤᠯᠲᠠ ᠵᠡᠷᠭᠡ ᠪᠠᠢ᠌ᠳᠠᠯ᠎ᠢ ᠨᠠᠷᠢᠨ ᠣᠢ᠌ᠯᠠᠭ᠋ᠠᠬᠤ ᠵᠢᠨ ᠬᠠᠮᠲᠤ ᠰᠠᠭᠤᠳᠠᠯ᠎ᠤᠨ ᠬᠤᠷᠠᠯ ᠬᠤᠷᠠᠯᠳᠤᠭᠤᠯᠵᠤ ᠤᠢ ᠰᠢᠭᠤᠢ ᠨᠣᠲᠣᠭ ᠪᠡᠯᠴᠢᠭᠡᠷ᠎ᠤᠨ ᠳᠠᠷᠤᠭ᠎ᠠ ᠵᠢᠨ ᠳᠦᠷᠢᠮ ᠵᠢᠴᠢ ᠤᠢ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠢ᠌ᠯᠡᠬᠦ ᠭᠠᠯ ᠤᠨᠲᠠᠷᠠᠭ᠋ᠠᠬᠤ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃

ᠮᠠ ᠰᠢᠶᠣᠣ ᠵᠢᠶᠦ᠋ᠨ ᠴᠢᠬᠤᠯᠠᠴᠢᠯᠠᠭᠰᠠᠨ᠎ᠨᠢ᠂ ᠤᠢ ᠰᠢᠭᠤᠢ ᠨᠤᠲᠤᠭ ᠪᠡᠯᠴᠢᠭᠡᠷ᠎ᠤᠨ ᠳᠠᠷᠤᠭ᠎ᠠ ᠵᠢᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠬᠦ ᠪᠣᠯ ᠰᠢ ᠵᠢᠨ ᠫᠢᠩ ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠬᠤ᠂ ᠤᠢ ᠰᠢᠭᠤᠢ ᠨᠣᠲᠣᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠨ ᠬᠥᠭᠵᠢᠭᠦᠯᠬᠦ ᠲᠦᠪᠰᠢᠨ᠎ᠢ ᠳᠡᠭᠡᠭᠰᠢᠯᠡᠭᠦᠯᠬᠦ ᠴᠢᠬᠤᠯᠠ ᠶᠡᠬᠡ ᠠᠷᠭ᠎ᠠ ᠬᠡᠮᠵᠢᠶ᠎ᠡ ᠪᠣᠯᠣᠨ᠎ᠠ᠃ ᠦᠵᠡᠯ ᠰᠠᠨᠠᠭ᠎ᠠ ᠲᠠᠨᠢᠯᠲᠠ᠎ᠪᠠᠨ ᠦᠷᠭᠦᠯᠵᠢᠯᠡᠨ ᠭᠦᠨᠵᠡᠭᠡᠢ᠌ᠷᠡᠭᠦᠯᠵᠦ᠂ ᠤᠢ ᠰᠢᠭᠤᠢ ᠨᠣᠲᠣᠭ ᠪᠡᠯᠴᠢᠭᠡᠷ᠎ᠤᠨ ᠳᠠᠷᠤᠭ᠎ᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠬᠠᠮᠢᠶᠠᠷᠴᠤ ᠬᠠᠮᠠᠭ᠋ᠠᠯᠠᠬᠤ ᠠᠷᠭ᠎ᠠ ᠬᠡᠮᠵᠢᠶ᠎ᠡ᠎ᠪᠠᠨ ᠴᠢᠩᠭ᠋ᠠᠳᠬᠠᠵᠤ᠂ ᠤᠢ ᠰᠢᠭᠤᠢ ᠨᠣᠲᠣᠭ ᠪᠡᠯᠴᠢᠭᠡᠷ᠎ᠤᠨ ᠳᠠᠷᠤᠭ᠎ᠠ ᠨᠠᠷ ᠢᠳᠡᠪᠬᠢᠲᠡᠢ ᠬᠠᠮᠵᠢᠯᠴᠠᠨ᠂ ᠪᠦᠲᠦᠮᠵᠢᠲᠡᠢ ᠬᠠᠮᠲᠤᠷᠠᠯ ᠬᠦᠴᠦᠨ᠎ᠢ ᠪᠦᠷᠢᠯᠳᠦᠭᠦᠯᠦᠨ᠂ ᠠᠵᠢᠯ᠎ᠤᠨ ᠬᠤᠯᠪᠤᠭ᠋ᠠᠯᠠᠨ ᠬᠠᠮᠵᠢᠯᠴᠠᠬᠤ ᠲᠣᠭᠲᠠᠴᠠ ᠵᠢ ᠪᠠᠢ᠌ᠭᠤᠯᠵᠤ᠂ ᠬᠠᠮᠲᠤ᠎ᠪᠠᠷ ᠠᠮᠢ ᠠᠬᠤᠢ ᠣᠷᠴᠢᠨ ᠲᠤᠭᠤᠷᠢᠨ᠎ᠢ ᠰᠠᠢ᠌ᠲᠤᠷ ᠬᠠᠮᠠᠭ᠋ᠠᠯᠠᠵᠤ᠂ ᠰᠠᠢ᠌ᠲᠤᠷ ᠪᠦᠲᠦᠭᠡᠨ ᠪᠠᠢ᠌ᠭᠤᠯᠬᠤ ᠬᠡᠷᠡᠭᠲᠡᠢ᠃ 《ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ᠂ ᠠᠮᠤᠷ ᠲᠦᠪᠰᠢᠨ᠎ᠢ ᠲᠡᠷᠢᠭᠦᠨ᠎ᠳᠤ ᠲᠠᠯᠪᠢᠬᠤ》 ᠦᠵᠡᠯ ᠰᠠᠨᠠᠭ᠎ᠠ ᠵᠢ ᠪᠠᠲᠤ ᠪᠣᠶ ᠪᠣᠯᠭ᠋ᠠᠵᠤ᠂ ᠭᠠᠯ ᠰᠡᠷᠭᠡᠢ᠌ᠯᠡᠬᠦ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ᠂ ᠵᠠᠩᠭᠢᠯᠠᠭ᠎ᠠ ᠵᠢᠨ ᠣᠷᠣᠨ ᠪᠦᠰᠡ ᠪᠠ ᠴᠢᠬᠤᠯᠠ ᠭᠣᠭᠴᠣᠭ᠎ᠠ ᠵᠢ ᠴᠢᠩᠭ᠎ᠠ ᠠᠩᠬᠠᠷᠴᠤ᠂ ᠣᠶ ᠰᠢᠭᠤᠢ ᠵᠢᠨ ᠲᠣᠭᠣᠷᠢᠨ ᠪᠠᠢ᠌ᠴᠠᠭ᠋ᠠᠯᠲᠠ ᠵᠢ ᠯᠠᠪᠳᠠᠭᠤᠨ ᠪᠠᠲᠤᠲᠠᠢ ᠥᠷᠨᠢᠭᠦᠯᠵᠦ᠂ ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠤᠨ ᠠᠶᠤᠯ ᠡᠭᠦᠰᠬᠦ ᠵᠢ ᠪᠥᠬᠥ ᠬᠦᠴᠦᠨ ᠵᠶ᠋ᠡᠷ ᠵᠶ᠋ᠡᠨ ᠰᠡᠷᠭᠡᠢ᠌ᠯᠡᠬᠦ ᠬᠡᠷᠡᠭᠲᠡᠢ᠃ ᠭᠠᠯ ᠤᠨᠲᠠᠷᠠᠭ᠋ᠠᠬᠤ ᠡᠩᠨᠡᠭᠡ ᠵᠢᠨ ᠪᠣᠯᠪᠠᠰᠤᠷᠠᠯ᠎ᠢ ᠴᠢᠩᠭ᠋ᠠᠳᠬᠠᠵᠤ᠂ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠤᠰᠬᠠᠯ ᠵᠢᠴᠢ ᠡᠵᠡᠮᠳᠡᠬᠦ ᠪᠠ ᠠᠪᠤᠷᠠᠨ ᠲᠤᠰᠠᠯᠠᠬᠤ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠢ᠃ ᠪᠣᠯᠪᠠᠰᠤᠨ ᠡᠷᠡᠭᠦᠯ ᠡᠩᠬᠡ᠂ ᠣᠷᠴᠢᠨ ᠲᠣᠭᠣᠷᠢᠨ᠎ᠢ ᠬᠠᠮᠠᠭ᠋ᠠᠯᠠᠬᠤ ᠠᠮᠤᠷ ᠲᠦᠪᠰᠢᠨ ᠳᠠᠬᠢᠯᠭ᠎ᠠ ᠵᠢᠨ ᠠᠷᠭ᠎ᠠ ᠬᠡᠯᠪᠡᠷᠢ ᠵᠢ ᠶᠡᠬᠡᠪᠡᠷ ᠰᠠᠨᠠᠭ᠋ᠠᠴᠢᠯᠠᠵᠤ᠂ ᠠᠮᠤᠷ ᠲᠦᠪᠰᠢᠨ ᠪᠣᠯᠪᠠᠰᠤᠨ ᠳᠠᠬᠢᠯᠭ᠎ᠠ ᠵᠢᠨ ᠨᠡᠢ᠌ᠭᠡᠮ᠎ᠤᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠢ ᠭᠡᠵᠡᠢ᠃

ᠴᠧᠨ ᠬᠤ᠌ ᠨᠠᠨ ᠢᠯᠡᠷᠬᠡᠢ᠌ᠯᠡᠬᠦ᠎ᠳᠡᠭᠡᠨ᠂ ᠠᠷᠤ ᠬᠣᠷᠴᠢᠨ ᠬᠤᠰᠢᠭᠤ ᠬᠤᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠤᠢ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠢ᠌ᠯᠡᠬᠦ ᠬᠠᠷᠠᠭ᠋ᠠᠨ ᠳᠠᠪᠲᠠᠮᠵᠢ ᠵᠢᠨ ᠣᠶᠤᠨᠴᠢ ᠬᠢᠨᠠᠨ ᠡᠵᠡᠮᠳᠡᠬᠦ ᠰᠢᠰᠲ᠋ᠧᠮ᠎ᠢ ᠴᠢᠨᠠᠭᠰᠢᠳᠠ ᠰᠢᠯᠢᠳᠡᠭᠵᠢᠭᠦᠯᠵᠦ᠂ ᠭᠠᠯ ᠤᠨᠲᠠᠷᠠᠭ᠋ᠠᠬᠤ ᠡᠩᠨᠡᠭᠡ ᠵᠢᠨ ᠲᠤᠰᠬᠠᠢ᠌ᠵᠢᠭᠰᠠᠨ ᠪᠠᠢ᠌ᠭᠤᠯᠤᠯᠲᠠ ᠵᠢ ᠴᠢᠩᠭ᠋ᠠᠳᠬᠠᠵᠤ᠂ ᠠᠷᠠᠳ᠎ᠤᠨ ᠠᠭ᠋ᠠᠷ᠎ᠤᠨ ᠰᠡᠷᠭᠡᠢ᠌ᠯᠡᠯᠲᠡ᠂ ᠪᠣᠳᠠᠰ᠎ᠤᠨ ᠰᠡᠷᠭᠡᠢ᠌ᠯᠡᠯᠲᠡ᠂ ᠮᠡᠷᠭᠡᠵᠢᠯ᠎ᠤᠨ ᠰᠡᠷᠭᠡᠢ᠌ᠯᠡᠯᠲᠡ ᠵᠢ ᠪᠦᠲᠦᠮᠵᠢᠲᠡᠢ ᠤᠶᠠᠯᠳᠤᠭᠤᠯᠵᠤ᠂ ᠭᠠᠯ᠎ᠤᠨ ᠠᠶᠤᠯ᠎ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ᠂ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠬᠢᠷᠢ ᠲᠦᠪᠰᠢᠨ ᠵᠶ᠋ᠡᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠣᠯᠣᠨ ᠤᠢ ᠰᠢᠭᠤᠢ ᠨᠣᠲᠣᠭ ᠪᠡᠯᠴᠢᠭᠡᠷ᠎ᠤᠨ ᠡᠬᠢ ᠪᠠᠶᠠᠯᠢᠭ᠎ᠤᠨ ᠠᠮᠤᠷ ᠲᠦᠪᠰᠢᠨ᠎ᠢ ᠦᠨᠡᠨᠬᠦ ᠪᠠᠲᠤᠯᠠᠨ᠎ᠠ᠃ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠠᠵᠢᠯ᠎ᠤᠨ ᠲᠣᠭᠲᠠᠴᠠ ᠵᠢ ᠪᠦᠷᠢᠨᠰᠢᠭᠦᠯᠵᠦ᠂ 《ᠤᠢ ᠮᠣᠳᠣ ᠨᠣᠲᠣᠭ ᠪᠡᠯᠴᠢᠭᠡᠷ᠎ᠤᠨ ᠳᠠᠷᠤᠭ᠎ᠠ ᠵᠢᠨ ᠳᠦᠷᠢᠮ》 ᠵᠢᠨᠷ ᠳᠠᠮᠵᠢᠭᠤᠯᠤᠨ᠂ 《ᠤᠢ ᠰᠢᠭᠤᠢ ᠨᠣᠲᠣᠭ ᠪᠡᠯᠴᠢᠭᠡᠷ᠎ᠤᠨ ᠤᠷᠲᠦ ᠬᠤᠭᠤᠴᠠᠭ᠎ᠠ ᠵᠢᠨ ᠵᠠᠰᠠᠯᠲᠠ》 ᠵᠢ ᠪᠡᠶᠡᠯᠡᠭᠦᠯᠵᠦ᠂ ᠠᠮᠢ ᠠᠬᠤᠢ ᠵᠢᠨ ᠬᠠᠮᠠᠭ᠋ᠠᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ 《ᠡᠴᠦᠰ᠎ᠤᠨ ᠨᠢᠭᠡ ᠺᠢᠯᠣᠮᠧᠲᠷ》 ᠢ ᠨᠡᠪᠲᠡᠷᠡᠭᠦᠯᠦᠨ᠎ᠡ ᠭᠡᠵᠡᠢ᠃ (ᠦᠯᠵᠡᠢ᠌ᠬᠡᠰᠢᠭ)