ᠣᠶ᠋ᠢᠷ᠎ᠠ᠎ᠳᠤ᠂ ᠠᠯᠠᠱ᠌ᠠ ᠠᠶ᠋ᠢᠮᠠᠭ 2022 ᠣᠨ᠎ᠤ 1 ᠳ᠋ᠦ᠍ᠭᠡᠷ ᠲᠣᠭ᠋ᠠᠲᠤ ᠣᠶ ᠰᠢᠭᠤᠢ ᠵᠢᠨ ᠳᠠᠷᠤᠭ᠎ᠠ ᠵᠢᠨ ᠵᠠᠷᠯᠢᠭ — 《ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠨ ᠤᠨᠲᠠᠷᠠᠭ᠋ᠠᠬᠤ ᠠᠵᠢᠯ᠎ᠢ ᠴᠢᠩᠭ᠋ᠠᠳᠬᠠᠬᠤ ᠲᠤᠬᠠᠢ ᠵᠠᠷᠯᠢᠭ》᠎ᠢ ᠵᠢᠩᠬᠢᠨᠢ᠎ᠪᠠᠷ ᠨᠡᠶ᠋ᠢᠲᠡᠯᠡᠪᠡ᠃ ᠡᠨᠡ ᠪᠣᠯ ᠣᠶ ᠰᠢᠭᠤᠢ ᠵᠢᠨ ᠳᠠᠷᠤᠭ᠎ᠠ ᠵᠢᠨ ᠳᠦᠷᠢᠮ᠎ᠢ ᠬᠡᠷᠡᠭᠵᠢᠭᠦᠯᠦᠭᠰᠡᠨ᠎ᠠᠴᠠ ᠨᠠᠭ᠋ᠠᠰᠢ᠂ ᠠᠯᠠᠱ᠌ᠠ ᠠᠶ᠋ᠢᠮᠠᠭ᠎ᠤᠨ ᠨᠡᠶ᠋ᠢᠲᠡᠯᠡᠭᠰᠡᠨ ᠠᠩᠬᠠᠳᠠᠭᠴᠢ ᠣᠶ ᠰᠢᠭᠤᠢ ᠵᠢᠨ ᠳᠠᠷᠤᠭ᠎ᠠ ᠵᠢᠨ ᠵᠠᠷᠯᠢᠭ ᠪᠠᠶ᠋ᠢᠵᠤ᠂ ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠨ ᠤᠨᠲᠠᠷᠠᠭ᠋ᠠᠬᠤ ᠠᠵᠢᠯ᠎ᠤᠨ ᠤᠯᠤᠰ ᠲᠥᠷᠥ ᠵᠢᠨ ᠥᠨᠳᠥᠷᠴᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠯᠠᠱ᠌ᠠ ᠠᠶ᠋ᠢᠮᠠᠭ᠎ᠤᠨ ᠣᠶ ᠰᠢᠭᠤᠢ ᠨᠤᠲᠤᠭ ᠪᠡᠯᠴᠢᠭᠡᠷ᠎ᠤᠨ ᠡᠬᠢ ᠪᠠᠶᠠᠯᠢᠭ ᠪᠠ ᠠᠷᠠᠳ ᠲᠦᠮᠡᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠠᠲᠤᠯᠠᠬᠤ᠎ᠳᠤ ᠰᠢᠨ᠎ᠡ ᠰᠠᠭᠤᠷᠢ ᠵᠢ ᠲᠠᠯᠪᠢᠪᠠ᠃ ᠣᠢ ᠰᠢᠭᠤᠢ ᠵᠢᠨ ᠳᠠᠷᠤᠭ᠎ᠠ ᠵᠢᠨ ᠵᠠᠷᠯᠢᠭ᠎ᠲᠤ ᠴᠢᠬᠤᠯᠠᠴᠢᠯᠠᠭᠰᠠᠨ᠎ᠨᠢ᠂ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠠᠵᠢᠯ᠎ᠤᠨ ᠲᠤᠯᠭ᠋ᠠᠮᠳᠠᠭᠤ ᠰᠡᠳᠬᠢᠯᠭᠡ ᠪᠠ ᠬᠠᠷᠢᠭᠤᠴᠠᠯᠭ᠋ᠠᠲᠤ ᠰᠡᠳᠬᠢᠯᠭᠡ᠎ᠪᠠᠨ ᠴᠢᠩᠭ᠋ᠠᠷᠠᠭᠤᠯᠵᠤ᠂ ᠭᠤᠷᠢᠳᠠᠬᠤ ᠪᠣᠳᠣᠯ ᠪᠠ ᠮᠢᠨᠴᠦᠭᠦᠷᠡᠮᠡᠯ ᠦᠵᠡᠯ ᠰᠠᠨᠠᠭ᠎ᠠ ᠵᠢ ᠡᠷᠡᠰ ᠲᠡᠪᠴᠢᠵᠦ᠂ ᠡᠯ᠎ᠡ ᠱᠠᠲᠤ ᠡᠯ᠎ᠡ ᠲᠠᠰ ᠳᠠᠪᠬᠤᠷᠭ᠎ᠠ ᠵᠢᠨ ᠣᠶ ᠰᠢᠭᠤᠢ ᠵᠢᠨ ᠭᠠᠯ᠎ᠢ ᠰᠡᠷᠭᠡᠶ᠋ᠢᠯᠡᠬᠦ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠨᠠᠷᠢᠨ ᠨᠠᠶ᠋ᠢᠳᠠᠪᠤᠷᠢᠵᠢᠭᠤᠯᠤᠨ᠂ ᠱᠠᠲᠤ ᠱᠠᠲᠤ᠎ᠪᠠᠷ ᠳᠠᠷᠤᠯᠲᠠ ᠥᠭᠴᠦ᠂ ᠪᠥᠬᠦ ᠬᠥᠮᠥᠰ᠎ᠤᠨ ᠭᠠᠯ᠎ᠢ ᠰᠡᠷᠭᠡᠶ᠋ᠢᠯᠡᠬᠦ᠂ ᠪᠥᠬᠦ ᠲᠠᠯ᠎ᠠ᠎ᠪᠠᠷ ᠭᠠᠯ᠎ᠢ ᠰᠡᠷᠭᠡᠶ᠋ᠢᠯᠡᠬᠦ᠂ ᠪᠥᠬᠦ ᠡᠳᠦᠷ ᠵᠶ᠋ᠠᠷ ᠭᠠᠯ᠎ᠢ ᠰᠡᠷᠭᠡᠶ᠋ᠢᠯᠡᠬᠦ ᠵᠢ ᠬᠡᠷᠡᠭᠵᠢᠭᠦᠯᠵᠦ᠂ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠬᠤ᠂ ᠬᠥᠮᠥᠰ᠎ᠢ ᠪᠣᠳᠠᠲᠠᠶ᠋ᠢᠵᠢᠭᠤᠯᠬᠤ᠂ ᠠᠷᠭ᠎ᠠ ᠬᠡᠮᠵᠢᠶ᠎ᠡ ᠵᠢ ᠪᠣᠳᠠᠲᠠᠶ᠋ᠢᠵᠢᠭᠤᠯᠬᠤ ᠪᠠ ᠪᠠᠲᠤᠯᠠᠭ᠎ᠠ ᠵᠢ ᠪᠣᠳᠠᠲᠠᠶ᠋ᠢᠵᠢᠭᠤᠯᠬᠤ ᠵᠢ ᠦᠨᠡᠨ ᠬᠦ᠌ ᠪᠡᠶᠡᠯᠡᠭᠦᠯᠬᠦ ᠬᠡᠷᠡᠭᠲᠡᠢ ᠭᠡᠵᠡᠢ᠃
ᠣᠢ ᠰᠢᠭᠤᠢ ᠵᠢᠨ ᠳᠠᠷᠤᠭ᠎ᠠ ᠵᠢᠨ ᠵᠠᠷᠯᠢᠭ᠎ᠲᠤ ᠱᠠᠭ᠋ᠠᠷᠳᠠᠭᠰᠠᠨ᠎ᠨᠢ᠂ ᠬᠡᠭᠡᠷ᠎ᠡ ᠵᠢᠨ ᠭᠠᠯ᠎ᠤᠨ ᠢᠷᠡᠯᠲᠡ ᠵᠢ ᠬᠠᠮᠢᠶᠠᠷᠤᠨ ᠡᠵᠡᠮᠳᠡᠬᠦ ᠵᠢ ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠵᠠᠩᠭᠢᠯᠠᠭ᠎ᠠ ᠵᠢᠨ ᠭᠤᠭᠴᠤᠭ᠎ᠠ ᠪᠣᠯᠭ᠋ᠠᠵᠤ᠂ ᠠᠯᠠᠱ᠌ᠠ ᠠᠭᠤᠯᠠ᠂ ᠲᠣᠣᠷᠠᠢ ᠵᠢᠨ ᠤᠢ᠎ᠳᠤ ᠣᠷᠣᠬᠤ ᠪᠣᠭᠤᠮᠲᠠ ᠵᠢ ᠴᠢᠩᠭ᠎ᠠ ᠰᠠᠬᠢᠵᠤ᠂ ᠭᠠᠯ᠎ᠤᠨ ᠡᠬᠢ ᠪᠠ ᠨᠣᠴᠣᠮᠠᠲᠠᠭ᠋ᠠᠢ ᠪᠣᠳᠠᠰ᠎ᠢ ᠰᠢᠭᠤᠶ᠋ᠢᠲᠤ ᠣᠷᠣᠨ᠎ᠳᠤ ᠠᠪᠴᠤ ᠣᠷᠣᠬᠤ ᠵᠢ ᠴᠢᠩᠭ᠎ᠠ ᠴᠠᠭ᠋ᠠᠵᠠᠯᠠᠵᠤ᠂ ᠤᠬᠠᠭᠤᠯᠤᠨ ᠰᠡᠷᠡᠮᠵᠢᠯᠡᠭᠦᠯᠬᠦ᠂ ᠡᠳᠦᠷ ᠲᠤᠲᠤᠮ᠎ᠤᠨ ᠲᠣᠭᠤᠷᠢᠨ ᠬᠠᠮᠠᠭ᠋ᠠᠯᠠᠬᠤ ᠪᠠ ᠪᠣᠭᠤᠮᠲᠠ ᠬᠤᠷᠢᠭ᠎ᠠ ᠪᠠᠶ᠋ᠢᠭᠤᠯᠤᠨ ᠪᠠᠶ᠋ᠢᠴᠠᠭ᠋ᠠᠬᠤ ᠵᠢ ᠴᠢᠩᠭ᠋ᠠᠳᠬᠠᠨ᠂ ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠪᠠ ᠠᠶᠤᠯ᠎ᠠᠴᠠ ᠪᠠᠴᠢᠮ ᠵᠠᠶ᠋ᠢᠯᠠᠬᠤ ᠵᠡᠷᠭᠡ ᠮᠡᠳᠡᠯᠭᠡ ᠵᠢᠨ ᠤᠬᠠᠭᠤᠯᠭ᠎ᠠ ᠬᠥᠮᠦᠵᠢᠯ᠎ᠢ ᠪᠥᠬᠦ ᠲᠠᠯ᠎ᠠ᠎ᠪᠠᠷ ᠥᠷᠨᠢᠭᠦᠯᠵᠦ᠂ ᠲᠣᠭᠲᠠᠭ᠋ᠠᠯ᠎ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠨᠢᠭᠡ ᠵᠢ ᠢᠯᠡᠷᠡᠭᠦᠯᠪᠡᠯ ᠨᠢᠭᠡ ᠵᠢ ᠪᠠᠶ᠋ᠢᠴᠠᠭ᠋ᠠᠨ ᠰᠢᠢ᠍ᠳᠪᠦᠷᠢᠯᠡᠵᠦ᠂ ᠨᠢᠭᠡ ᠲᠠᠯ᠎ᠠ ᠵᠢ ᠰᠦᠷᠳᠡᠭᠦᠯᠵᠦ᠂ 《ᠬᠥᠮᠥᠨ᠎ᠢ ᠰᠡᠷᠭᠡᠶ᠋ᠢᠯᠡᠵᠦ᠂ ᠭᠠᠯ᠎ᠢ ᠬᠠᠮᠢᠶᠠᠷᠬᠤ》 ᠵᠢ ᠦᠨᠡᠨ ᠬᠦ᠌ ᠪᠡᠶᠡᠯᠡᠭᠦᠯᠬᠦ ᠬᠡᠷᠡᠭᠲᠡᠢ᠃ ᠣᠳᠣᠬᠠᠨ᠎ᠤ ᠪᠠᠶ᠋ᠢᠳᠠᠯ᠎ᠳᠤ ᠴᠢᠭᠯᠡᠭᠦᠯᠦᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠣᠳᠠᠲᠤ ᠪᠠᠶ᠋ᠢᠯᠳᠤᠭ᠋ᠠᠨ᠎ᠤ ᠰᠣᠷᠢᠯᠲᠠ ᠵᠢ ᠥᠷᠨᠢᠭᠦᠯᠦᠨ᠂ ᠵᠣᠬᠢᠴᠠᠭᠤᠯᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠭᠠᠯ᠎ᠤᠨ ᠪᠠᠶ᠋ᠢᠳᠠᠯ᠎ᠢ ᠡᠷᠲᠡᠬᠡᠨ ᠢᠯᠡᠷᠡᠭᠦᠯᠬᠦ᠂ ᠡᠷᠲᠡᠬᠡᠨ ᠰᠢᠢ᠍ᠳᠪᠦᠷᠢᠯᠡᠬᠦ ᠵᠢ ᠦᠨᠡᠨ ᠬᠦ᠌ ᠪᠠᠲᠤᠯᠠᠵᠤ᠂ ᠬᠥᠮᠥᠨ ᠬᠠᠷ᠎ᠠ ᠦᠬᠦᠵᠦ ᠰᠢᠷᠬᠠᠲᠤᠬᠤ ᠡ᠊ᠨᠳᠡᠯ ᠭᠠᠷᠬᠤ ᠵᠢ ᠴᠢᠩᠭ᠎ᠠ ᠰᠡᠷᠭᠡᠶ᠋ᠢᠯᠡᠬᠦ ᠬᠡᠷᠡᠭᠲᠡᠢ᠃ ᠶᠠᠮᠠᠷᠪᠠ ᠨᠢᠭᠡᠴᠢ ᠪᠣᠯᠣᠨ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠤᠨ ᠪᠠᠶ᠋ᠢᠳᠠᠯ᠎ᠢ ᠣᠯᠵᠤ ᠮᠡᠳᠡᠪᠡᠯ᠂ ᠳᠠᠷᠦ᠋ᠢ᠍ᠬᠠᠨ ᠲᠦᠭᠰᠢᠭᠦᠷᠢ ᠮᠡᠳᠡᠭᠦᠯᠬᠦ 12119᠎ᠳᠤ ᠤᠲᠠᠰᠤᠳᠠᠬᠤ ᠬᠡᠷᠡᠭᠲᠡᠢ ᠭᠡᠵᠡᠢ᠃