ᠲᠦᠩᠯᠢᠶᠣᠤ ᠬᠤᠲᠠ ᠵᠢᠨ ᠣᠶ ᠰᠢᠭᠤᠢ ᠡᠪᠡᠰᠦ ᠡᠯᠡᠰᠦᠨ᠎ᠤ ᠠᠵᠤ ᠦᠢ᠍ᠯᠡᠰ ᠲᠦᠷᠭᠡᠨ ᠬᠦᠭᠵᠢᠵᠦ᠂ ᠣᠷᠣᠨ ᠨᠤᠲᠤᠭ᠎ᠤᠨ ᠠᠵᠤ ᠠᠬᠤᠶ ᠵᠢᠨ ᠬᠦᠭᠵᠢᠯᠲᠡ ᠵᠢ ᠪᠦᠲᠦᠮᠵᠢᠲᠡᠶ ᠠᠬᠢᠭᠤᠯᠵᠤ ᠪᠠᠶ᠋ᠢᠨ᠎ᠠ᠃
ᠲᠤᠰ ᠬᠤᠳᠠ ᠵᠢᠨ ᠮᠣᠳᠣᠨ ᠮᠠᠲ᠋ᠧᠷᠢᠶᠠᠯ᠎ᠢ ᠡᠳ᠋ᠰᠢᠭᠦᠯᠬᠦ᠂ ᠵᠢᠮᠢᠰ᠎ᠤᠨ ᠮᠤᠳᠥᠠᠤ ᠥᠢ᠍ᠵᠢᠭᠤᠯᠤᠯᠲᠠ᠂ ᠴᠢᠬᠢ ᠮᠤᠳᠤ ᠪᠠ ᠬᠤᠧᠠᠷ ᠴᠡᠴᠡᠭ ᠲᠠᠷᠢᠬᠤ᠂ ᠪᠣᠬᠢᠷᠲᠤᠯ ᠦᠭᠡᠢ ᠳᠠᠷᠢᠵᠤ ᠲᠡᠵᠢᠭᠡᠬᠦ᠎ᠪᠠᠷ ᠭᠤᠣᠯ ᠪᠣᠯᠭ᠋ᠠᠭᠰᠠᠨ ᠤᠢ ᠰᠢᠭᠤᠢ ᠵᠢᠨ ᠠᠵᠤ ᠦᠢ᠍ᠯᠡᠰ᠎ᠤᠨ ᠰᠢᠰᠲ᠋ᠧᠮ ᠦᠨᠳᠦᠰᠦᠨ᠎ᠳᠡᠭᠡᠨ ᠪᠦᠷᠢᠯᠳᠦᠵᠦ᠂ ᠮᠣᠳᠣᠨ ᠮᠠᠲ᠋ᠧᠷᠢᠶᠠᠯ᠎ᠢ ᠡᠳ᠋ᠰᠢᠭᠦᠯᠬᠦ ᠦᠢ᠍ᠯᠡᠰ᠎ᠤᠨ ᠵᠢᠯ᠎ᠤᠨ ᠦᠢ᠍ᠯᠡᠳᠭᠦᠨ᠎ᠤ ᠦᠷᠲᠡᠭ 5 ᠳ᠋ᠦᠩᠰᠢᠭᠤᠷ ᠲᠦᠭᠦᠷᠢᠭ᠎ᠢ ᠲᠡᠪᠡᠪᠠ; ᠡᠯᠡᠰᠦᠷᠬᠡᠭ ᠭᠠᠵᠠᠷ᠎ᠤᠨ ᠦᠵᠦᠮ᠂ ᠪᠤᠭᠤᠮᠲᠠ ᠵᠢᠨ ᠭᠠᠳᠠᠨᠠᠬᠢ ᠤᠯᠠᠭ᠋ᠠᠨ ᠠᠯᠮᠤᠷᠠᠳ ᠵᠡᠷᠭᠡ ᠰᠢᠨ᠎ᠡ ᠰᠣᠷᠭᠤᠭ ᠵᠢᠮᠢᠰ᠎ᠤᠨ ᠠᠵᠤ ᠦᠢ᠍ᠯᠡᠰ᠎ᠤᠨ ᠰᠠᠭᠤᠷᠢᠨ 100 ᠲᠦᠮᠡᠨ ᠮᠦ᠍᠎ᠳᠤ ᠬᠦᠷᠴᠦ᠂ ᠠᠭᠤᠯᠠᠨ ᠬᠦᠢ᠍ᠯᠡᠰᠦ ᠬᠠᠪᠲᠠᠭ᠋ᠠᠶ ᠬᠦᠢ᠍ᠯᠡᠰᠦ ᠵᠡᠷᠭᠡ ᠬᠠᠲᠠᠭ᠋ᠠᠮᠠᠯ ᠵᠢᠮᠢᠰ᠎ᠤᠨ ᠲᠥᠷᠥᠯ᠎ᠤᠨ ᠰᠠᠭᠤᠷᠢᠨ 260 ᠭᠠᠷᠤᠶ ᠲᠦᠮᠡᠨ ᠮᠥ᠍᠎ᠳᠤ ᠬᠦᠷᠴᠦ᠂ ᠵᠢᠮᠢᠰ᠎ᠤᠨ ᠠᠵᠤ ᠦᠢ᠍ᠯᠡᠰ᠎ᠤᠨ ᠵᠢᠯ᠎ᠤᠨ ᠦᠢ᠍ᠯᠡᠳᠭᠦᠨ᠎ᠤ ᠥᠷᠲᠡᠭ 13 ᠳ᠋ᠦᠩᠰᠢᠭᠤᠷ ᠲᠥᠭᠦᠷᠢᠭ᠎ᠲᠤ ᠬᠦᠷᠴᠡᠶ; ᠴᠢᠬᠢ ᠮᠣᠳᠣ ᠪᠠ ᠬᠤᠧᠠᠷ ᠴᠡᠴᠡᠭ ᠲᠡᠷᠢᠵᠥ ᠪᠣᠶ᠋ᠢᠵᠢᠭᠤᠯᠬᠤ ᠲᠠᠯᠠᠪᠠᠶ 5 ᠲᠦᠮᠡᠨ ᠮᠥ᠍᠎ᠳᠤ ᠬᠦᠷᠴᠤ᠂ ᠵᠢᠯ᠎ᠤᠨ ᠦᠢ᠍ᠯᠡᠳᠭᠦᠨ᠎ᠤ ᠥᠷᠲᠡᠭ 4 ᠳ᠋ᠦᠩᠰᠢᠭᠤᠷ ᠲᠦᠭᠦᠷᠢᠭ᠎ᠢ ᠬᠥᠷᠪᠡ; ᠮᠣᠩᠭᠤᠯ ᠬᠢᠲᠠᠳ ᠡᠮ᠎ᠤᠨ ᠮᠠᠲ᠋ᠧᠷᠢᠶᠠᠯ ᠲᠠᠷᠢᠬᠤ᠂ ᠢᠳᠡᠰᠢᠨ ᠮᠥᠭᠦ ᠪᠣᠶ᠋ᠢᠵᠢᠭᠤᠯᠬᠤ ᠵᠡᠷᠭᠡ ᠪᠣᠬᠢᠷᠲᠤᠯ ᠥᠬᠡᠶ ᠳᠠᠷᠢᠵᠤ ᠲᠡᠵᠢᠭᠡᠬᠦ ᠦᠢ᠍ᠯᠡᠰ᠎ᠢ ᠡᠮᠬᠢ ᠵᠢᠷᠤᠮ᠎ᠲᠠᠢ ᠬᠦᠭᠵᠢᠭᠦᠯᠵᠦ᠂ 《ᠺᠣᠮᠫᠠᠨᠢ + ᠬᠤᠷᠰᠢᠶ᠎ᠠ + ᠲᠠᠷᠢᠶᠠᠴᠢᠨ ᠡᠷᠦᠬᠡ》 ᠵᠢᠨ ᠵᠠᠬ᠍ᠪᠤᠷ᠎ᠢ ᠬᠡᠷᠡᠭᠯᠡᠨ᠂ ᠮᠣᠩᠭᠤᠯ ᠬᠢᠲᠠᠳ ᠡᠮ᠎ᠤᠨ ᠮᠠᠲ᠋ᠧᠷᠢᠶᠠᠯ᠎ᠤᠨ ᠰᠠᠭᠤᠷᠢᠨ᠎ᠢ 20 ᠭᠠᠷᠤᠶ ᠲᠦᠮᠡᠨ ᠮᠥ᠍ ᠪᠠᠶ᠋ᠢᠭᠤᠯᠵᠤ᠂ ᠵᠢᠯ᠎ᠤᠨ ᠦᠢ᠍ᠯᠡᠳᠭᠦᠨ᠎ᠤ ᠥᠷᠲᠡᠭ 10 ᠳ᠋ᠦᠩᠰᠢᠭᠤᠷ ᠲᠥᠭᠦᠷᠢᠭ᠎ᠲᠤ ᠬᠥᠷᠴᠠᠢ᠃ ᠠᠮᠢ ᠠᠬᠤᠶ ᠵᠢᠨ ᠵᠢᠭᠤᠯᠴᠢᠯᠠᠯ᠎ᠤᠨ ᠠᠵᠤ ᠦᠢ᠍ᠯᠡᠰ ᠥᠷᠨᠢᠨ ᠬᠦᠭᠵᠢᠵᠦ᠂ ᠵᠢᠯ᠎ᠤᠨ ᠦᠢ᠍ᠯᠡᠳᠭᠦᠨ᠎ᠤ ᠥᠷᠲᠡᠭ 30 ᠳ᠋ᠦᠩᠰᠢᠭᠤᠷ ᠲᠥᠭᠦᠷᠢᠭ᠎ᠲᠤ ᠬᠦᠷᠴᠤ᠂ ᠦᠩᠭᠡᠷᠡᠭᠰᠡᠨ᠎ᠤ ᠡᠯᠡᠰᠥ ᠰᠢᠭᠤᠷᠴᠥ ᠠᠷᠠᠳ᠎ᠤᠨ ᠠᠮᠢᠳᠤᠷᠠᠯ ᠬᠥᠴᠢᠷᠳᠡᠯᠲᠠᠢ ᠪᠠᠶ᠋ᠢᠭᠰᠠᠨ ᠡᠯᠡᠰᠥᠨ ᠨᠤᠲᠤᠬ ᠥᠨᠥᠳᠥᠷ᠎ᠤᠨ ᠡᠯᠡᠰᠥ ᠤᠬᠤᠷᠢᠨ ᠠᠷᠠᠳ ᠪᠠᠶᠠᠵᠢᠬᠰᠠᠨ ᠥᠵᠡᠮᠵᠢᠳᠥ ᠤᠷᠤᠨ ᠪᠤᠯᠵᠤ ᠬᠤᠪᠢᠷᠠᠬᠰᠠᠨ ᠪᠠᠶ᠋ᠢᠨ᠎ᠠ᠃
ᠣᠳᠣ᠂ ᠲᠤᠰ ᠬᠤᠲᠠ ᠵᠢᠨ ᠡᠯᠡᠰᠦᠷᠭᠡᠭᠵᠢᠯ᠎ᠢ ᠰᠡᠷᠭᠡᠶ᠋ᠢᠯᠡᠵᠦ ᠡᠯᠡᠰᠦ ᠵᠢ ᠵᠠᠰᠠᠬᠤ ᠠᠵᠢᠯ ᠨᠢᠭᠡᠨᠲᠡ ᠬᠡᠪᠴᠢᠶ᠎ᠡ ᠵᠢ ᠡᠷᠬᠢᠮᠯᠡᠬᠦ ᠶᠠᠰᠤ ᠴᠢᠨᠠᠷ᠎ᠢ ᠡᠷᠬᠢᠮᠯᠡᠬᠦ᠂ ᠦᠷ᠎ᠡ ᠠᠰᠢᠭ᠎ᠢ ᠴᠢᠬᠤᠯᠠᠴᠢᠯᠠᠬᠤ ᠬᠦᠭᠵᠢᠯᠲᠡ ᠵᠢᠨ ᠱᠠᠲᠤᠨ᠎ᠳᠤ ᠣᠷᠣᠵᠤ᠂ ᠠᠮᠤ ᠪᠤᠳᠠᠭ᠋ᠠᠨ᠎ᠤ ᠲᠣᠭᠲᠠᠭᠤᠨ ᠪᠥᠭᠡᠳ ᠥᠨᠳᠥᠷ ᠤᠨᠠᠯᠲᠠ᠎ᠲᠠᠢ ᠪᠠᠶ᠋ᠢᠬᠤ᠂ ᠮᠠᠯ ᠠᠵᠤ ᠠᠬᠤᠶ ᠵᠢᠨ ᠲᠤᠭᠲᠠᠭᠤᠨ ᠵᠶ᠋ᠠᠷ ᠨᠡᠮᠡᠭᠳᠡᠬᠦ ᠵᠢ ᠪᠠᠲᠤᠯᠠᠬᠤ᠂ ᠬᠥᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠠᠬᠢᠭᠤᠯᠬᠤ᠂ ᠠᠵᠤ ᠠᠬᠤᠶ ᠨᠡᠶ᠋ᠢᠭᠡᠮ᠎ᠤᠨ ᠦᠷᠭᠦᠯᠵᠢᠯᠡᠬᠦ ᠬᠦᠭᠵᠢᠯᠲᠡ ᠵᠢ ᠠᠬᠢᠭᠤᠯᠬᠤ᠎ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠥᠨ᠂ ᠤᠯᠤᠰ᠎ᠤᠨ ᠬᠥᠬᠢᠭᠦᠯᠦᠯ ᠱᠠᠩᠨᠠᠯ᠎ᠢ ᠣᠯᠠᠨᠲᠠ ᠭᠥᠷᠳᠡᠪᠡ᠃
ᠲᠤᠰ ᠬᠤᠲᠠ ᠪᠥᠬᠦ ᠤᠯᠤᠰ᠎ᠤᠨ ᠡᠯᠡᠰᠦᠷᠭᠡᠭᠵᠢᠯ᠎ᠢ ᠰᠡᠷᠭᠡᠶ᠋ᠢᠯᠡᠵᠦ ᠡᠯᠡᠰᠦ ᠵᠢ ᠵᠠᠰᠠᠬᠤ ᠶᠡᠷᠦᠩᠭᠡᠶ᠋ᠢᠯᠡᠭᠰᠡᠨ ᠵᠢᠱ᠌ᠢᠶ᠎ᠡ ᠦᠵᠡᠭᠦᠯᠬᠦ ᠣᠷᠣᠨ ᠪᠠ 《ᠭᠤᠷᠪᠠᠨ ᠤᠮᠠᠷᠠᠲᠤ ᠵᠢᠨ ᠬᠠᠯᠬᠠᠪᠴᠢ ᠤᠢ》 ᠵᠢᠨ ᠢᠨᠵᠧᠨᠧᠷᠢᠭ᠎ᠤᠨ ᠪᠥᠲᠥᠭᠡᠨ ᠪᠠᠶ᠋ᠢᠭᠤᠯᠤᠯᠲᠠ ᠵᠢᠨ ᠴᠣᠷ᠎ᠤᠨ ᠭᠠᠭᠴᠠ ᠭᠠᠵᠠᠷ ᠣᠷᠤᠨ᠎ᠤ ᠲᠠᠰ᠎ᠤᠨ ᠵᠢᠱ᠌ᠢᠶ᠎ᠡ ᠦᠵᠡᠭᠦᠯᠬᠦ ᠬᠤᠲᠠ᠎ᠳᠤ ᠵᠢᠭᠰᠠᠭ᠋ᠠᠭᠳᠠᠵᠤ᠂ ᠤᠷᠢᠳ ᠬᠤᠵᠢᠳ ᠪᠥᠬᠦ ᠤᠯᠤᠰ᠎ᠤᠨ ᠣᠶ ᠰᠢᠭᠤᠢ ᠵᠢᠨ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢᠨ ᠲᠡᠷᠢᠭᠦᠨ᠎ᠤ ᠭᠠᠵᠠᠷ ᠣᠷᠣᠨ᠂ ᠪᠥᠬᠦ ᠤᠯᠤᠰ᠎ᠤᠨ ᠲᠠᠯ᠎ᠠ ᠭᠠᠵᠠᠷ᠎ᠤᠨ ᠨᠤᠭᠤᠭ᠋ᠠᠷᠠᠭᠤᠯᠤᠯᠲᠠ ᠵᠢᠨ ᠲᠡᠷᠢᠭᠦᠨ᠎ᠤ ᠬᠤᠲᠠ᠂ ᠪᠥᠬᠦ ᠤᠯᠤᠰ᠎ᠤᠨ ᠣᠶ᠋ᠢᠵᠢᠭᠤᠯᠵᠤ ᠨᠣᠭᠤᠭ᠋ᠠᠷᠠᠭᠤᠯᠤᠭᠰᠠᠨ ᠵᠢᠱ᠌ᠢᠶᠡᠴᠢ ᠬᠤᠲᠠ᠂ ᠤᠯᠤᠰ᠎ᠤᠨ ᠴᠡᠴᠡᠷᠯᠢᠭᠵᠢᠭᠦᠯᠦᠭᠰᠡᠨ ᠬᠤᠲᠠ ᠵᠡᠷᠭᠡ ᠴᠤᠯᠠ ᠵᠢ ᠭᠥᠷᠳᠡᠭᠰᠡᠨ ᠪᠠᠶ᠋ᠢᠨ᠎ᠠ᠃