ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠮᠤᠨᠠ ᠠᠭᠤᠯᠠ ᠪᠠᠯᠭ᠋ᠠᠰᠣ 《ᠣᠶ ᠵᠢᠨ ᠳᠠᠷᠤᠭ᠎ᠠ ᠵᠢᠨ ᠲᠦᠷᠢᠮ》᠎ᠢ ᠰᠠᠶ᠋ᠢᠲᠣᠷ ᠬᠡᠷᠡᠭᠵᠢᠬᠦᠯᠵᠦ ᠪᠠᠶ᠋ᠢᠨ᠎ᠠ
ᠨᠡᠶ᠋ᠢᠲᠡᠯᠡᠭᠰᠡᠨ ᠴᠠᠭ᠄ 2023-10-19

      ᠣᠶ᠋ᠢᠲᠤ ᠭᠠᠵᠠᠷ᠎ᠤᠨ ᠠᠮᠢ ᠠᠬᠤᠶ ᠵᠢᠨ ᠡᠬᠢ ᠪᠠᠶᠠᠯᠢᠭ᠎ᠢ ᠬᠠᠮᠠᠭ᠋ᠠᠯᠠᠬᠤ ᠠᠵᠢᠯ᠎ᠤᠨ ᠬᠢᠷᠢ ᠲᠦᠪᠰᠢᠨ᠎ᠢ ᠳᠡᠭᠡᠭᠰᠢᠯᠡᠬᠦᠯᠦᠨ᠂ 《ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠳᠠᠷᠤᠶ ᠠᠯᠲᠠ ᠮᠥᠩᠭᠦᠨ ᠠᠭᠤᠯᠠ ᠤᠰᠤ ᠮᠥᠨ》 ᠭᠡᠬᠦ ᠠᠮᠢ ᠠᠬᠤᠶ ᠵᠢᠨ ᠣᠶ᠋ᠢᠯᠠᠭ᠋ᠠᠭᠳᠠᠬᠤᠨ᠎ᠢ ᠪᠣᠶ ᠪᠣᠯᠭ᠋ᠠᠵᠤ᠂ ᠮᠣᠨᠠ ᠠᠭᠤᠯᠠ ᠪᠠᠯᠭ᠋ᠠᠰᠤᠨ᠎ᠤ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠤᠨ ᠡᠯ᠎ᠡ ᠵᠦᠢ᠍ᠯ᠎ᠤᠨ ᠠᠵᠢᠯ᠎ᠤᠨ ᠡᠭᠦᠷᠭᠡ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠵᠢ ᠠᠬᠢᠭᠤᠯᠤᠨ᠂ ᠬᠥᠬᠡᠮᠳᠦᠭ ᠨᠣᠭᠤᠭ᠋ᠠᠨ ᠠᠭᠤᠯᠠ ᠤᠰᠤ᠎ᠲᠠᠢ᠂ ᠠᠷᠢᠭᠤᠨ ᠴᠡᠪᠡᠷ ᠠᠭᠤᠷ ᠠᠮᠢᠰᠬᠤᠯ᠎ᠲᠠᠢ ᠬᠥᠳᠡᠭᠡ ᠲᠣᠰᠬᠤᠨ᠎ᠤ ᠠᠮᠢ ᠠᠬᠤᠶ ᠵᠢᠨ ᠣᠷᠴᠢᠨ ᠨᠥᠬᠦᠴᠡᠯ᠎ᠢ ᠪᠣᠶ ᠪᠣᠯᠭ᠋ᠠᠬᠤ ᠵᠢᠨ ᠲᠦᠯᠦᠭᠡ᠂ ᠣᠶ᠋ᠢᠷ᠎ᠠ᠎ᠳᠤ᠂ ᠮᠣᠨᠠ ᠠᠭᠤᠯᠠ ᠪᠠᠯᠭ᠋ᠠᠰᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠠᠴᠠ ᠪᠥᠬᠦ ᠪᠠᠯᠭ᠋ᠠᠰᠤᠨ᠎ᠤ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠢ ᠠᠬᠢᠭᠤᠯᠤᠭᠰᠠᠨ ᠪᠠᠶ᠋ᠢᠳᠠᠯ᠎ᠳᠤ ᠬᠢᠨᠠᠯᠲᠠ ᠲᠠᠯᠪᠢᠬᠤ ᠠᠵᠢᠯ᠎ᠢ ᠢᠳᠡᠪᠬᠢᠲᠡᠶ ᠥᠷᠨᠢᠭᠦᠯᠵᠦ᠂ ᠬᠢᠨᠠᠯᠲᠠ ᠲᠠᠯᠪᠢᠬᠤ ᠡᠭᠦᠷᠭᠡ ᠴᠢᠳᠠᠪᠤᠷᠢ᠎ᠪᠠᠨ ᠦᠨᠡᠨ ᠬᠦ᠌ ᠪᠠᠳᠠᠷᠠᠭᠤᠯᠵᠤ᠂ ᠮᠣᠨᠠ ᠠᠭᠤᠯᠠ ᠪᠠᠯᠭ᠋ᠠᠰᠤᠨ᠎ᠤ ᠬᠥᠬᠡᠮᠳᠦᠭ ᠨᠣᠭᠤᠭ᠋ᠠᠨ ᠠᠭᠤᠯᠠ ᠤᠰᠤ ᠵᠢ ᠴᠣᠭᠴᠠᠯᠠᠬᠤ᠎ᠳᠤ ᠪᠠᠲᠤᠯᠠᠭ᠎ᠠ ᠬᠠᠩᠭ᠋ᠠᠪᠠ᠃
     ᠲᠣᠰ ᠪᠠᠯᠭ᠋ᠠᠰᠤᠨ᠎ᠤ ᠬᠠᠷᠢᠭᠤᠴᠠᠯᠭ᠋ᠠᠲᠠᠳ᠎ᠠᠴᠠ ᠲᠤᠬᠠᠶ ᠵᠢᠨ ᠭᠠᠵᠠᠷ᠎ᠲᠤᠨᠢ ᠬᠦᠷᠴᠣ ᠪᠠᠶ᠋ᠢᠴᠠᠭ᠋ᠠᠬᠤ᠂ ᠬᠠᠷᠢᠭᠤ ᠮᠡᠳᠡᠭᠦᠯᠦᠯᠲᠡ ᠵᠢ ᠰᠣᠨᠣᠰᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠣᠶ ᠵᠢᠨ ᠳᠠᠷᠤᠭ᠎ᠠ ᠵᠢᠨ ᠵᠣᠬᠢᠶᠠᠨ ᠪᠠᠶ᠋ᠢᠭᠤᠯᠤᠯᠲᠠ ᠵᠢᠨ ᠬᠠᠷᠢᠭᠤᠴᠠᠯᠭ᠎ᠠ ᠵᠢᠨ ᠰᠢᠰᠲ᠋ᠧᠮ᠎ᠤᠨ ᠪᠠᠶ᠋ᠢᠭᠤᠯᠤᠯᠲᠠ᠂ ᠲᠦᠷᠢᠮ᠎ᠤᠨ ᠪᠠᠶ᠋ᠢᠭᠤᠯᠤᠯᠲᠠ᠂ ᠲᠣᠭᠤᠷᠢᠨ ᠪᠠᠶ᠋ᠢᠴᠠᠭ᠋ᠠᠬᠤ ᠠᠵᠢᠯ᠎ᠤᠨ ᠲᠤᠰᠢᠶᠠᠯ ᠬᠠᠷᠢᠭᠤᠴᠠᠯᠭ᠎ᠠ᠎ᠪᠠᠨ ᠬᠦᠢ᠍ᠴᠡᠳᠭᠡᠭᠰᠡᠨ ᠵᠡᠷᠭᠡ ᠪᠠᠶ᠋ᠢᠳᠠᠯ᠎ᠢ ᠭᠤᠤᠯᠳᠠᠯᠭ᠎ᠠ᠎ᠲᠠᠢ ᠪᠠᠶ᠋ᠢᠴᠠᠭ᠋ᠠᠵᠤ᠂ ᠲᠤᠤᠷᠵᠢᠭᠤᠯᠤᠭᠰᠠᠨ ᠬᠠᠮᠢᠶᠠᠷᠤᠯᠲᠠ ᠵᠢᠨ ᠲᠦᠷᠢᠮ᠎ᠤᠨ ᠨᠠᠶ᠋ᠢᠳᠠᠪᠤᠷᠢᠵᠢᠭᠤᠯᠤᠯᠲᠠ ᠪᠠ ᠠᠵᠢᠯᠯᠠᠭ᠋ᠠᠨ᠎ᠤ ᠪᠠᠶ᠋ᠢᠳᠠᠯ᠎ᠢ ᠨᠠᠷᠢᠨ ᠣᠶ᠋ᠢᠯᠠᠭ᠋ᠠᠵᠤ ᠵᠢᠯᠣᠭᠤᠳᠪᠠ᠃ ᠲᠣᠰᠬᠤᠨ᠎ᠤ ᠣᠢ ᠵᠢᠨ ᠳᠠᠷᠤᠭ᠎ᠠ ᠵᠢᠨ ᠲᠦᠷᠢᠮ᠎ᠤᠨ ᠠᠵᠢᠯ᠎ᠤᠨ ᠵᠢᠷᠤᠮᠵᠢᠯᠲᠠ ᠪᠠ ᠣᠯᠤᠭᠰᠠᠨ ᠦᠷ᠎ᠡ ᠪᠦᠲᠦᠮᠵᠢ ᠵᠢ ᠬᠦᠢ᠍ᠴᠡᠳ ᠨᠤᠲᠠᠯᠠᠵᠤ᠂ ᠣᠷᠣᠰᠢᠵᠤ ᠪᠠᠶ᠋ᠢᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠵᠢ ᠵᠢᠭ᠋ᠠᠵᠤ ᠭᠠᠷᠭ᠋ᠠᠬᠤ ᠵᠢᠨ ᠬᠠᠮᠲᠤ ᠲᠠᠷᠠᠭ᠋ᠠᠴᠢ ᠵᠢᠨ ᠠᠯᠬᠤᠮ᠎ᠤᠨ ᠭᠤᠤᠯᠳᠠᠯᠭ᠎ᠠ᠎ᠲᠠᠢ ᠠᠵᠢᠯ᠎ᠳᠤ ᠲᠣᠬᠢᠷᠠᠭᠤᠯᠤᠯᠲᠠ ᠬᠢᠵᠦ᠂ ᠨᠡᠶ᠋ᠢᠲᠡ ᠵᠢᠨ ᠠᠰᠠᠷᠠᠮᠵᠢ ᠵᠢᠨ ᠣᠶ ᠵᠢᠨ ᠲᠦᠢ᠍ᠮᠡᠷ᠎ᠢ ᠰᠡᠷᠭᠡᠶ᠋ᠢᠯᠡᠨ ᠤᠨᠲᠠᠷᠠᠭ᠋ᠠᠬᠤ ᠠᠵᠢᠯ᠎ᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠵᠤ᠂ ᠣᠶ ᠮᠣᠳᠣ ᠵᠢ ᠡᠪᠳᠡᠬᠦ ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ ᠴᠡᠭᠴᠡᠯᠡᠨ ᠵᠠᠰᠠᠬᠤ ᠬᠡᠷᠡᠭᠲᠡᠶ ᠭᠡᠵᠦ ᠰᠠᠨᠠᠭᠤᠯᠪᠠ᠃
      ᠤᠢ ᠵᠢᠨ ᠳᠠᠷᠤᠭ᠎ᠠ ᠵᠢᠨ ᠲᠦᠷᠢᠮ᠎ᠢ ᠪᠦᠬᠦ ᠲᠠᠯ᠎ᠠ᠎ᠪᠠᠷ ᠠᠬᠢᠭᠤᠯᠬᠤ ᠪᠣᠯ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠣ᠌ 《ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ》 ᠭᠡᠬᠦ ᠣᠶ᠋ᠢᠯᠠᠭ᠋ᠠᠭᠳᠠᠬᠤᠨ᠎ᠢ ᠰᠠᠶ᠋ᠢᠲᠤᠷ ᠦᠢ᠍ᠯᠡᠳᠦᠯᠭᠡᠵᠢᠭᠦᠯᠬᠦ ᠪᠣᠳᠠᠲᠠᠢ ᠢᠯᠡᠷᠡᠯ ᠮᠥᠨ᠂ ᠲᠠᠷᠠᠭ᠋ᠠᠴᠢ ᠵᠢᠨ ᠠᠯᠬᠤᠮ᠎ᠳᠤ᠂ ᠮᠤᠨᠠ ᠠᠭᠤᠯᠠ ᠪᠠᠯᠭ᠋ᠠᠰᠤ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠵᠢᠨ ᠵᠠᠮ ᠵᠶ᠋ᠠᠷ ᠡᠷᠡᠰ ᠭᠤᠶ᠋ᠢᠪᠢᠰᠢ ᠥᠬᠡᠶ ᠵᠠᠮᠨᠠᠵᠤ᠂ ᠣᠶ ᠵᠢᠨ ᠳᠠᠷᠤᠭ᠎ᠠ ᠵᠢᠨ ᠲᠦᠷᠢᠮ᠎ᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ ᠦᠷ᠎ᠡ ᠪᠦᠲᠦᠮᠵᠢ ᠭᠠᠷᠭ᠋ᠠᠬᠤ᠎ᠳᠤ ᠲᠠᠰᠤᠷᠠᠯᠲᠠ ᠥᠬᠡᠶ ᠬᠦᠴᠦᠨ ᠨᠡᠮᠡᠷᠢᠯᠡᠵᠦ᠂ ᠬᠥᠬᠡᠮᠳᠦᠭ ᠨᠣᠭᠤᠭ᠋ᠠᠨ ᠠᠭᠤᠯᠠ ᠤᠰᠤ ᠵᠢ ᠬᠠᠮᠲᠤ᠎ᠪᠠᠷ ᠰᠠᠬᠢᠨ ᠬᠠᠮᠠᠭ᠋ᠠᠯᠠᠵᠤ᠂ ᠪᠣᠬᠢᠷᠲᠤᠯ ᠥᠬᠡᠶ ᠬᠥᠭᠵᠢᠯᠲᠡ ᠵᠢᠨ ᠠᠮᠢ ᠠᠬᠤᠶ ᠵᠢᠨ ᠬᠠᠯᠬᠠᠪᠴᠢ ᠵᠢ ᠪᠠᠲᠤ ᠴᠣᠭᠴᠠᠯᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
6000 ᠭᠠᠷᠤᠢ ᠮᠦ᠍ ᠡᠯᠡᠰᠦᠷᠬᠡᠭᠵᠢᠭᠰᠡᠨ ᠨᠣᠳᠤᠭ᠎ᠤᠨ ᠠᠮᠢᠯᠠᠯ
2023 ᠣᠷᠳᠣᠰ᠎ᠤᠨ ᠨᠡᠭᠦᠷᠡᠰᠦᠳᠦ᠋ᠷᠦᠭᠴᠢ ᠥᠯᠥ ᠭᠠᠳᠠᠭᠰᠢᠯᠠᠭᠤᠯᠬᠤ ᠠᠵᠤ ᠦᠢ᠍ᠯᠡᠰ᠎ᠤᠨ ᠶᠡᠭᠡ ᠬᠤᠷᠠᠯ᠎ᠢ ᠤᠳᠠᠯ ᠦᠭᠡᠢ ᠡᠷᠬᠢᠯᠡᠨ᠎ᠡ
ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ᠎ᠢ ᠭᠦᠨᠵᠡᠭᠡᠶ ᠥᠷᠨᠢᠭᠦᠯᠬᠦ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ
ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠯᠲᠡ ᠵᠢ ᠴᠢᠩᠭ᠋ᠠᠳᠬᠠᠵᠤ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠦᠶ᠎ᠡ
ᠪᠠᠭ᠋ᠠᠷᠢᠨ ᠪᠠᠷᠠᠭᠤᠨ ᠬᠤᠰᠢᠭᠤ ᠬᠤᠷᠴᠢᠨ᠎ᠤ ᠡᠯᠡᠰᠦᠷᠬᠡᠭ ᠭᠠᠵᠠᠷ᠎ᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠦᠢ᠍ᠯᠡᠳᠦᠯᠭᠡ ᠵᠢᠨ ᠠᠵᠢᠯᠯᠠᠭ᠎ᠠ ᠥᠷᠨᠢᠭᠦᠯᠪᠡ
 
             蒙ICP备05000248号