ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ᠎ᠢ ᠭᠦᠨᠵᠡᠭᠡᠶ ᠥᠷᠨᠢᠭᠦᠯᠬᠦ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ᠃
10 ᠰᠠᠷ᠎ᠠ ᠵᠢᠨ 13᠎ᠤ ᠡᠳᠦᠷ᠎ᠤᠨ ᠦᠳᠡ ᠵᠢᠨ ᠡᠮᠦᠨ᠎ᠡ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠨ ᠬᠤᠷᠠᠯ᠎ᠢ ᠭᠦᠨᠵᠡᠭᠡᠶ ᠥᠷᠨᠢᠭᠦᠯᠵᠦ᠂ ᠪᠥᠬᠦ ᠺᠠᠳ᠋ᠷ ᠠᠵᠢᠯᠲᠠᠨ ᠵᠢᠴᠢ ᠭᠤᠤᠯ ᠬᠠᠷᠢᠭᠤᠴᠠᠯᠭ᠋ᠠᠲᠠᠨ ᠨᠠᠷ ᠢᠳᠡᠪᠬᠢᠲᠡᠶ ᠣᠷᠣᠯᠴᠠᠪᠠ᠃
ᠬᠤᠷᠠᠯ ᠳᠡᠭᠡᠷ᠎ᠡ ᠳᠡᠳ᠋ ᠲᠣᠪᠴᠢᠶᠠᠨ ᠳᠠᠷᠤᠭ᠎ᠠ ᠲᠠᠯ᠎ᠠ ᠰᠢ ᠵᠢᠨ ᠫᠢᠩ ᠶᠡᠷᠦᠩᠬᠡᠢ ᠱᠦᠵᠢ ᠵᠢᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ᠎ᠤᠨ ᠠᠵᠢᠯ᠎ᠤᠨ ᠬᠤᠷᠠᠯ ᠳᠡᠭᠡᠷᠡᠬᠢ ᠶᠠᠷᠢᠶ᠎ᠠ ᠵᠢ ᠳᠠᠭ᠋ᠠᠭᠤᠯᠤᠨ ᠰᠤᠷᠤᠯᠴᠠᠪᠠ᠃
ᠳᠡᠳ᠋ ᠲᠣᠪᠴᠢᠶᠠᠨ ᠳᠠᠷᠤᠭ᠎ᠠ ᠯᠢᠦ ᠴᠤᠤ ᠶᠠᠩ 《ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ᠎ᠤ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ᠎ᠢ ᠭᠦᠨᠵᠡᠭᠡᠶ ᠥᠷᠨᠢᠭᠦᠯᠬᠦ ᠲᠤᠬᠠᠶ ᠠᠵᠢᠯ᠎ᠤᠨ ᠲᠥᠰᠦᠯ》᠎ᠢ ᠤᠯᠠᠮᠵᠢᠯᠠᠪᠠ᠃
ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠯᠢ ᠸᠧᠨ ᠼᠠᠢ ᠳᠠᠶ᠋ᠢᠴᠢᠯᠠᠯᠲᠠ ᠵᠢᠨ ᠶᠠᠷᠢᠶ᠎ᠠ ᠲᠠᠯᠪᠢᠵᠤ᠂ ᠪᠥᠬᠦ ᠺᠠᠳ᠋ᠷ ᠠᠵᠢᠯᠲᠠᠨ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠦᠨ᠂ ᠣᠨᠣᠯ᠎ᠤᠨ ᠰᠤᠷᠤᠯᠴᠠᠯᠭ᠎ᠠ᠎ᠪᠠᠨ ᠴᠢᠩᠭ᠋ᠠᠳᠬᠠᠵᠤ᠂ ᠬᠠᠷᠠᠯᠲᠠ ᠡᠭᠦᠷᠭᠡ᠎ᠪᠠᠨ ᠭᠦᠢ᠍ᠴᠡᠳ ᠲᠣᠳᠣᠷᠬᠠᠶ᠋ᠢᠯᠠᠨ᠂ ᠦᠵᠡᠯ ᠰᠠᠨᠠᠭ᠋ᠠᠨ᠎ᠤ ᠭᠤᠤᠯ ᠰᠢᠵᠢᠮ᠎ᠢ ᠪᠠᠲᠤ ᠡᠵᠡᠮᠳᠡᠵᠦ᠂ ᠥᠨᠳᠥᠷ ᠪᠠᠷᠢᠮᠵᠢᠶ᠎ᠠ ᠴᠢᠩᠭ᠎ᠠ ᠱᠠᠭ᠋ᠠᠷᠳᠠᠯᠭ᠎ᠠ᠎ᠪᠠᠷ ᠬᠤᠶᠠᠳᠤᠭ᠋ᠠᠷ ᠪᠦᠯᠦᠭ᠎ᠤᠨ ᠭᠤᠤᠯ ᠰᠡᠳᠦᠪᠲᠦ ᠬᠥᠮᠦᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠥᠷᠨᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃