ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠯᠲᠡ ᠵᠢ ᠴᠢᠩᠭ᠋ᠠᠳᠬᠠᠵᠤ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠦᠶ᠎ᠡ
ᠨᠡᠶ᠋ᠢᠲᠡᠯᠡᠭᠰᠡᠨ ᠴᠠᠭ᠄ 2023-10-26

    
     ᠨᠠᠮᠤᠷ᠎ᠤᠨ ᠤᠯᠠᠷᠢᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠵᠠᠩᠭᠢᠯᠠᠭ᠎ᠠ ᠵᠢᠨ ᠬᠤᠭᠤᠴᠠᠭ᠋ᠠᠨ᠎ᠳᠤ ᠣᠷᠣᠭᠰᠠᠨ᠎ᠤ ᠳᠠᠷᠠᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠣᠶ ᠰᠢᠭᠤᠶ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠂ ᠥᠪᠥᠷ ᠮᠣᠩᠭᠣᠯ᠎ᠤᠨ ᠣᠶ ᠰᠢᠭᠤᠶ ᠵᠢᠨ ᠠᠵᠤ ᠦᠢ᠍ᠯᠡᠳᠪᠦᠷᠢ ᠵᠢᠨ ᠪᠦᠯᠦᠭᠯᠡᠯ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠰᠠᠨᠠᠭ᠋ᠠᠴᠢᠯᠠᠭ᠎ᠠ᠎ᠠᠴᠠ᠎ᠪᠠᠨ ᠠᠷᠭ᠎ᠠ ᠰᠦᠪᠡᠭᠴᠢᠯᠡᠨ᠂ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠂ ᠬᠦᠴᠦᠨ᠎ᠢ ᠡᠮᠬᠢᠯᠡᠨ ᠨᠡᠶ᠋ᠢᠯᠡᠭᠦᠯᠬᠦ᠂ ᠤᠬᠠᠭᠤᠯᠵᠤ ᠬᠥᠲᠥᠯᠦᠨ ᠵᠢᠯᠣᠭᠣᠳᠬᠤ ᠵᠡᠷᠭᠡ ᠲᠠᠯ᠎ᠠ᠎ᠠᠴᠠ ᠭᠠᠷᠳᠠᠵᠤ᠂ ᠨᠠᠮᠤᠷ᠎ᠤᠨ ᠤᠯᠠᠷᠢᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠡᠯ᠎ᠡ  ᠵᠦᠢ᠍ᠯ᠎ᠤᠨ ᠠᠵᠢᠯ᠎ᠢ ᠪᠥᠬᠥ ᠲᠠᠯ᠎ᠠ᠎ᠪᠠᠷ ᠠᠬᠢᠭᠤᠯᠤᠨ᠂ ᠰᠠᠶ᠋ᠢᠲᠤᠷ ᠠᠳᠬᠤᠬᠤ ᠵᠢ ᠦᠨᠡᠨᠬᠦ ᠪᠠᠲᠤᠯᠠᠵᠤ᠂ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠠᠮᠤᠷ ᠲᠦᠪᠰᠢᠨ ᠪᠠ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠥᠬᠥ ᠬᠦᠴᠦᠨ ᠵᠶ᠋ᠠᠷ ᠵᠶ᠋ᠠᠨ ᠪᠠᠲᠤᠯᠠᠵᠤ ᠪᠤᠢ᠃ ᠡᠵᠡᠨ ᠬᠣᠷᠣᠭ᠎ᠠ ᠬᠣᠰᠢᠭᠤᠨ᠎ᠤ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ ᠭᠠᠯ ᠰᠡᠷᠭᠡᠶ᠋ᠢᠯᠡᠬᠦ ᠲᠤᠰᠠᠭ᠋ᠠᠷᠯᠠᠬᠤ ᠪᠦᠰᠡ ᠭᠠᠷᠭ᠋ᠠᠬᠤ᠎ᠪᠠᠷ ᠳᠠᠮᠵᠢᠭᠤᠯᠤᠨ᠂ ᠡᠯ᠎ᠡ ᠰᠢᠶᠠᠩ ᠪᠠᠯᠭ᠋ᠠᠰᠤᠨ᠎ᠤ ᠺᠠᠳ᠋ᠷ᠎ᠲᠠᠢ ᠭᠠᠯ ᠰᠡᠷᠭᠡᠶ᠋ᠢᠯᠡᠬᠦ ᠠᠵᠢᠯ᠎ᠢ ᠵᠣᠯᠭ᠋ᠠᠭᠤᠯᠵᠤ᠂ ᠭᠠᠯ ᠰᠡᠷᠭᠡᠶ᠋ᠢᠯᠡᠬᠦ ᠬᠠᠷᠢᠭᠤᠴᠠᠯᠭ᠎ᠠ ᠵᠢ ᠢᠳᠡᠪᠬᠢᠲᠡᠶ ᠨᠠᠶ᠋ᠢᠳᠠᠪᠤᠷᠢᠵᠢᠭᠤᠯᠪᠠ; ᠬᠠᠩᠭᠢᠨ ᠬᠣᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠢ ᠲᠣᠭᠣᠷᠢᠨ ᠬᠠᠮᠠᠭ᠋ᠠᠯᠠᠬᠤ ᠪᠠ ᠭᠠᠯ ᠰᠡᠷᠭᠡᠶ᠋ᠢᠯᠡᠬᠦ ᠠᠵᠢᠯᠲᠠᠨ᠎ᠤ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠡᠩᠨᠡᠭᠡᠨ᠎ᠤ ᠪᠠᠶ᠋ᠢᠭᠤᠯᠤᠯᠲᠠ ᠵᠢ ᠰᠠᠶ᠋ᠢᠲᠤᠷ  ᠠᠳᠬᠤᠪᠠ; ᠳᠠᠯᠠᠳ ᠬᠣᠰᠢᠭᠤᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠠᠵᠢᠯᠲᠠᠨ ᠵᠶ᠋ᠠᠨ ᠵᠣᠬᠢᠶᠠᠨ ᠪᠠᠶ᠋ᠢᠭᠤᠯᠵᠤ ᠭᠤᠤᠯᠳᠠᠯᠭ᠎ᠠ᠎ᠲᠠᠢ ᠭᠠᠵᠠᠷ ᠣᠷᠣᠨ᠎ᠳᠤ ᠣᠴᠢᠵᠤ ᠣᠢ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠴᠠᠷᠠᠭ᠎ᠠ ᠭᠠᠷᠭ᠋ᠠᠵᠤ᠂ ᠣᠢ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠠᠮᠤᠷ ᠲᠦᠪᠰᠢᠨ᠎ᠢ ᠪᠠᠲᠤᠯᠠᠪᠠ᠃ ᠮᠣᠳᠣ ᠲᠠᠷᠢᠵᠤ ᠨᠣᠭᠣᠭ᠋ᠠᠷᠠᠭᠤᠯᠬᠤ ᠵᠢ ᠰᠠᠢ᠌ᠲᠤᠷ ᠠᠳᠬᠤᠵᠤ᠂ ᠭᠠᠯ᠎ᠢ ᠰᠡᠷᠭᠡᠶ᠋ᠢᠯᠡᠬᠦ ᠰᠡᠷᠡᠮᠵᠢ ᠵᠢ ᠴᠢᠩᠭ᠋ᠠᠳᠬᠠᠪᠠ᠃
      ᠣᠶ ᠰᠢᠭᠤᠶ ᠵᠢᠨ ᠭᠠᠯ ᠰᠡᠷᠭᠡᠶ᠋ᠢᠯᠡᠬᠦ᠎ᠨᠢ ᠭᠠᠯ ᠤᠨᠲᠠᠷᠠᠭ᠋ᠠᠭᠴᠢ᠂ ᠣᠶ ᠬᠠᠮᠠᠭ᠋ᠠᠯᠠᠭᠴᠢ ᠪᠤᠶᠤ ᠬᠣᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠤᠨ ᠬᠠᠷᠢᠭᠤᠴᠠᠯᠭ᠎ᠠ ᠪᠣᠯᠬᠤ᠎ᠪᠠᠷ ᠪᠠᠷᠠᠬᠤ ᠦᠭᠡᠶ᠂ ᠬᠠᠷᠢᠨ ᠮᠠᠨ᠎ᠤ ᠬᠥᠮᠦᠨ ᠨᠢᠭᠡᠪᠦᠷᠢ ᠵᠢᠨ ᠬᠠᠷᠢᠭᠤᠴᠠᠯᠭ᠎ᠠ ᠪᠣᠯᠤᠨ᠎ᠠ᠃ ᠪᠢᠳᠡ ᠥᠪᠡᠷ᠎ᠤᠨ ᠪᠡᠶ᠎ᠡ᠎ᠠᠴᠠ᠎ᠪᠠᠨ ᠡᠬᠢᠯᠡᠨ ᠬᠢᠵᠦ᠂ ᠪᠠᠭ᠎ᠠ ᠶᠠᠪᠤᠳᠠᠯ᠎ᠠᠴᠠ ᠭᠠᠷᠳᠠᠵᠤ᠂ ᠤᠮᠠᠷᠠᠲᠤ ᠬᠢᠯᠢ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ᠎ᠳᠤ ᠬᠤᠪᠢ ᠨᠡᠮᠡᠷᠢ ᠦᠵᠡᠭᠦᠯᠬᠦ᠎ᠪᠠᠷ ᠴᠢᠷᠮᠠᠶ᠋ᠢᠵᠠᠭ᠋ᠠᠶ᠎ᠠ! 10 ᠰᠠᠷ᠎ᠠ ᠵᠢᠨ 23᠎ᠤ ᠡᠳᠦᠷ ᠪᠣᠯᠲᠠᠯ᠎ᠠ᠂ ᠪᠥᠬᠥ ᠣᠷᠣᠨ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ᠎ᠳᠤ 869.1 ᠲᠦᠮᠡᠨ ᠬᠥᠮᠦᠨ ᠣᠷᠣᠯᠴᠠᠵᠤ᠂ 3423.01 ᠲᠦᠮᠡᠨ ᠰᠠᠭᠤᠷᠢ ᠮᠣᠳᠣ ᠳᠠᠷᠢᠵᠤ᠂ ᠠᠯᠪᠠᠨ ᠵᠢᠷᠤᠮ᠎ᠤᠨ ᠮᠣᠳᠣ ᠳᠠᠷᠢᠬᠤ ᠰᠠᠭᠤᠷᠢᠨ ᠭᠠᠵᠠᠷ᠎ᠢ 123 ᠰᠢᠨ᠎ᠡ᠎ᠪᠠᠷ ᠪᠠᠶ᠋ᠢᠭᠤᠯᠤᠭᠰᠠᠨ ᠪᠤᠶᠤ ᠥᠷᠭᠡᠳᠬᠡᠨ ᠪᠠᠶ᠋ᠢᠭᠤᠯᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠪᠠᠭ᠋ᠠᠷᠢᠨ ᠪᠠᠷᠠᠭᠤᠨ ᠬᠤᠰᠢᠭᠤ ᠬᠤᠷᠴᠢᠨ᠎ᠤ ᠡᠯᠡᠰᠦᠷᠬᠡᠭ ᠭᠠᠵᠠᠷ᠎ᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠦᠢ᠍ᠯᠡᠳᠦᠯᠭᠡ ᠵᠢᠨ ᠠᠵᠢᠯᠯᠠᠭ᠎ᠠ ᠥᠷᠨᠢᠭᠦᠯᠪᠡ
ᠰᠢᠯᠢ ᠵᠢᠨ ᠭᠤᠣᠯ ᠠᠶ᠋ᠢᠮᠠᠭ ᠬᠤᠯᠠᠨ ᠰᠢᠷᠭ᠎ᠠ ᠳᠠᠭ᠎ᠠ ᠵᠢᠨ ᠡᠯᠡᠰᠦ ᠵᠢ ᠰᠥᠨᠥᠭᠡᠬᠦ ᠳᠠᠶ᠋ᠢᠯᠠᠯᠳᠤᠭ᠋ᠠᠨ᠎ᠤ ᠢᠯᠠᠯᠲᠠ ᠵᠢ ᠡᠷᠡᠰ ᠲᠡᠮᠡᠴᠡᠨ ᠣᠯᠬᠤ ᠭᠤᠣᠯᠳᠠᠯᠭ᠎ᠠ᠎ᠲᠠᠢ ᠢᠨᠵᠧᠨᠧᠷᠢᠩ᠎ᠤᠨ 2023 ᠣᠨ᠎ᠤ ᠨᠠᠮᠤᠷ᠎ᠤᠨ ᠤᠯᠠᠷᠢᠯ᠎ᠤᠨ ᠬᠠᠮ ᠠᠵᠢᠯᠯᠠᠭ᠎ᠠ ᠵᠢ ᠡᠬᠢᠯᠡᠭᠦᠯᠵᠡᠢ ᠳᠠᠶ᠋ᠢᠴᠢᠨ ᠬᠤᠷᠠᠯ᠎ᠳᠤ ᠣᠷᠣᠯᠴᠠᠪᠠ
ᠲᠦᠮᠡᠳ ᠵᠡᠭᠦᠨ ᠬᠤᠰᠢᠭᠤᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠡᠭᠡᠷ᠎ᠡ ᠵᠢᠨ ᠠᠮᠢᠲᠠᠨ᠎ᠢ ᠬᠢᠨᠠᠨ ᠬᠡᠮᠵᠢᠬᠦ ᠪᠠ ᠲᠣᠭᠤᠷᠢᠨ ᠬᠠᠮᠠᠭ᠋ᠠᠯᠠᠬᠤ ᠠᠵᠢᠯ᠎ᠢ ᠴᠢᠩᠭ᠋ᠠᠳᠬᠠᠨ᠎ᠠ
ᠤᠡᠭᠭᠤᠨ ᠲᠠᠯ᠎ᠠ ᠵᠢᠨ ᠡᠯᠡᠰᠤ ᠵᠢ ᠨᠤᠭᠤᠭ᠋ᠠᠨ ᠵᠶ᠋ᠠᠷ 《ᠪᠤᠳᠤᠬᠯᠠᠬᠰᠡᠨ》᠎ᠨᠢ
ᠣᠷᠠᠳ᠎ᠤᠨ ᠳᠤᠮᠳᠠᠳᠤ ᠬᠤᠰᠢᠭᠤᠨ᠎ᠤ ᠣᠶ ᠰᠢᠭᠤᠢ ᠨᠣᠳᠤᠭ ᠪᠡᠯᠴᠢᠭᠡᠷ᠎ᠤᠨ ᠲᠣᠪᠴᠢᠶ᠎ᠠ ᠬᠢᠯᠢ ᠬᠢᠵᠠᠭ᠋ᠠᠷ ᠵᠶ᠋ᠠᠷ ᠥᠩᠭᠡᠷᠡᠬᠦ ᠨᠡᠭᠦᠳᠡᠯ᠎ᠤᠨ ᠰᠢᠪᠠᠭᠤᠳ᠎ᠢ ᠲᠣᠭᠤᠷᠢᠨ ᠬᠠᠮᠠᠭ᠋ᠠᠯᠠᠬᠤ ᠬᠢᠨᠠᠯᠳᠠ᠎ᠪᠠᠨ ᠴᠢᠩᠭ᠋ᠠᠳᠬ᠍ᠵᠣ ᠪᠣᠢ
 
             蒙ICP备05000248号