ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ᠎ᠤᠨ ᠠᠵᠢᠯ᠎ᠢ ᠭᠦᠨᠵᠡᠭᠡᠶ ᠠᠬᠢᠭᠤᠯᠬᠤ ᠵᠢᠨ ᠲᠥᠯᠥᠭᠡ᠂ 10 ᠰᠠᠷ᠎ᠠ ᠵᠢᠨ 24᠎ᠤ ᠡᠳᠦᠷ᠂ 《ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠤᠷᠴᠢᠨ᠎ᠤ ᠡᠯᠡᠰᠦᠷᠬᠡᠭ ᠭᠠᠵᠠᠷ᠎ᠢ ᠤᠰᠠᠳᠬᠠᠬᠤ ᠳᠠᠶ᠋ᠢᠯᠠᠯᠳᠤᠭ᠋ᠠᠨ᠎ᠤ ᠢᠯᠠᠯᠲᠠ ᠵᠢ ᠡᠷᠡᠰ ᠲᠡᠮᠡᠴᠡᠨ ᠤᠯᠬᠤ》᠎ᠪᠠᠷ ᠭᠤᠤᠯ ᠰᠡᠳᠦᠪ ᠪᠣᠯᠭ᠋ᠠᠭᠰᠠᠨ ᠡᠯᠡᠰᠦᠷᠬᠡᠭᠵᠢᠯ᠎ᠢ ᠰᠡᠷᠭᠡᠶ᠋ᠢᠯᠡᠵᠦ ᠡᠯᠡᠰᠦᠷᠬᠡᠭᠵᠢᠯ᠎ᠢ ᠵᠠᠰᠠᠬᠤ ᠦᠢ᠍ᠯᠡᠳᠦᠯᠬᠡ ᠵᠢᠨ ᠠᠵᠢᠯᠯᠠᠭ᠎ᠠ ᠰᠢᠷᠠᠮᠥ᠋ᠷᠡᠨ ᠰᠤᠮᠤ ᠵᠢᠨ ᠫᠠᠶ᠋ᠢᠮᠤᠳᠤ ᠭᠠᠴᠠᠭ᠋ᠠᠨ᠎ᠤ ᠡᠯᠡᠰᠦᠷᠬᠡᠭ ᠭᠠᠵᠠᠷ᠎ᠲᠤ ᠡᠬᠢᠯᠡᠪᠡ᠃ ᠬᠤᠰᠢᠭᠤᠨ᠎ᠤ ᠨᠠᠮ᠎ᠤᠨ ᠬᠤᠷᠢᠶ᠎ᠠ ᠵᠢᠨ ᠱᠦᠵᠢ ᠵᠢᠨ ᠵᠢᠶᠠᠩ ᠪᠥᠸᠧ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠲᠣᠭᠤᠷᠢᠨ᠎ᠳᠤ ᠰᠤᠷᠤᠯᠴᠠᠬᠤ ᠵᠢᠨ ᠬᠠᠮᠲᠤ ᠳᠠᠶ᠋ᠢᠴᠢᠯᠠᠯᠲᠠ ᠵᠢᠨ ᠶᠠᠷᠢᠶ᠎ᠠ ᠲᠠᠯᠪᠢᠪᠠ᠃ ᠬᠡᠰᠡᠭ ᠰᠢᠶᠠᠨ ᠭᠠᠵᠠᠷ᠎ᠤᠨ ᠲᠡᠰ᠎ᠤᠨ ᠤᠳᠤᠷᠢᠳᠤᠯᠭ᠎ᠠ᠂ ᠰᠢᠷᠠᠮᠥ᠋ᠷᠡᠨ ᠰᠤᠮᠤ ᠵᠢᠨ ᠠᠵᠢᠯᠲᠠᠨ ᠵᠢᠴᠢ ᠡᠯ᠎ᠡ ᠭᠠᠴᠠᠭ᠎ᠠ ᠲᠣᠰᠬᠤᠨ᠎ᠤ ᠮᠠᠯᠴᠢᠨ ᠲᠠᠷᠢᠶᠠᠴᠢᠨ ᠠᠵᠢᠯᠯᠠᠭ᠎ᠠ᠎ᠳᠤ ᠣᠷᠣᠯᠴᠠᠪᠠ᠃
ᠵᠢᠨ ᠵᠢᠶᠠᠩ ᠪᠥᠸᠧ ᠴᠢᠬᠤᠯᠠᠴᠢᠯᠠᠭᠰᠠᠨ᠎ᠨᠢ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠪᠣᠯ ᠨᠠᠮ᠎ᠤᠨ ᠲᠥᠪ ᠬᠤᠷᠢᠶ᠎ᠡ᠎ᠠᠴᠠ ᠪᠢᠳᠡᠨ᠎ᠳᠤ ᠲᠤᠰᠢᠶᠠᠭᠰᠠᠨ ᠴᠢᠬᠤᠯᠠ ᠶᠡᠭᠡ ᠡᠭᠦᠷᠭᠡ ᠮᠥᠨ᠂ ᠪᠠᠰᠠ ᠴᠤ᠌ ᠲᠡᠦᠬᠡ᠎ᠠᠴᠠ ᠪᠢᠳᠡᠨ᠎ᠳᠤ ᠳᠠᠭ᠋ᠠᠭ᠋ᠠᠯᠭ᠋ᠠᠭᠰᠠᠨ ᠢᠷᠠᠭᠤ ᠠᠯᠳᠠᠷᠲᠤ ᠬᠠᠷᠢᠭᠤᠴᠠᠯᠭ᠎ᠠ ᠮᠥᠨ᠃ ᠡᠯ᠎ᠡ ᠰᠢᠶᠠᠨ ᠭᠠᠵᠠᠷ᠎ᠤᠨ ᠱᠠᠲᠤᠨ᠎ᠤ ᠤᠳᠤᠷᠢᠳᠤᠯᠭ᠎ᠠ ᠲᠤᠰ ᠲᠤᠰ᠎ᠤᠨ ᠡᠭᠦᠷᠭᠡ ᠴᠢᠳᠠᠪᠤᠷᠢ ᠵᠢᠨ ᠠᠵᠢᠯ᠎ᠲᠠᠢ᠎ᠪᠠᠨ ᠤᠶᠠᠯᠳᠤᠭᠤᠯᠤᠨ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠠᠵᠢᠯ᠎ᠳᠤ ᠲᠦᠷᠦᠭᠦᠯᠡᠨ ᠣᠷᠣᠯᠴᠠᠬᠤ ᠬᠡᠷᠡᠭᠲᠡᠶ; ᠡᠯ᠎ᠡ ᠰᠤᠮᠤ ᠪᠠᠯᠭ᠋ᠠᠰᠤ ᠭᠤᠤᠯ ᠴᠣᠭᠴᠠ ᠵᠢᠨ ᠬᠠᠷᠢᠭᠤᠴᠠᠯᠭ᠎ᠠ᠎ᠪᠠᠨ ᠦᠨᠡᠩᠬᠦ ᠡᠭᠦᠷᠭᠡᠯᠡᠵᠦ᠂ ᠲᠣᠰ ᠭᠠᠵᠠᠷ ᠣᠷᠣᠨ᠎ᠤ᠎ᠪᠠᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠲᠥᠯᠥᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠨᠠᠶ᠋ᠢᠷᠠᠭᠤᠯᠤᠨ ᠵᠣᠬᠢᠶᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ᠎ᠤᠨ᠎ᠬᠢᠨ ᠬᠦᠴᠦ᠎ᠪᠠᠨ ᠬᠠᠮᠲᠤᠳᠬᠠᠨ ᠬᠠᠮᠵᠢᠯᠴᠠᠵᠤ᠂ ᠡᠭᠦᠷᠭᠡ᠎ᠪᠠᠨ ᠣᠨ ᠬᠦᠷᠲᠡᠯ᠎ᠡ ᠵᠠᠳᠠᠯᠤᠨ᠂ ᠲᠥᠷᠥᠯ ᠵᠦᠢ᠍ᠯ ᠬᠦᠷᠲᠡᠯ᠎ᠡ ᠨᠠᠷᠢᠯᠢᠬ᠍ᠵᠢᠭᠤᠯᠵᠤ᠂ ᠭᠠᠵᠠᠷ ᠬᠦᠷᠲᠡᠯ᠎ᠡ ᠨᠠᠶ᠋ᠢᠳᠠᠪᠤᠷᠢᠵᠢᠭᠤᠯᠤᠨ᠂ ᠬᠥᠮᠦᠨ᠎ᠤ ᠲᠤᠭ᠎ᠠ ᠬᠦᠷᠲᠡᠯ᠎ᠡ ᠲᠣᠳᠣᠷᠬᠠᠶ᠋ᠢᠯᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠎ᠠ ᠪᠣᠯᠤᠨ 2030 ᠣᠨ᠎ᠤ ᠰᠡᠭᠦᠯᠴᠢ᠎ᠪᠠᠷ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠬᠠᠷᠠᠯᠲᠠ ᠡᠭᠦᠷᠭᠡ᠎ᠪᠠᠨ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠬᠦ ᠵᠢ ᠦᠨᠡᠩᠬᠦ ᠪᠠᠲᠤᠯᠠᠬᠤ ᠬᠡᠷᠡᠭᠲᠡᠶ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠨ᠎ᠬᠢᠨ ᠳᠡᠭᠡᠳᠦ ᠱᠠᠲᠤᠨ᠎ᠤ ᠠᠵᠢᠯ ᠲᠥᠷᠥᠯ᠎ᠤᠨ ᠰᠠᠯᠠᠭ᠎ᠠ ᠮᠥᠴᠢᠷ᠎ᠯᠦᠭᠡ ᠵᠢᠨ ᠨᠡᠪᠲᠡᠷᠡᠯᠴᠡᠭᠡ ᠵᠣᠯᠭ᠋ᠠᠯᠴᠠᠭ᠎ᠠ᠎ᠪᠠᠨ ᠰᠠᠨᠠᠭ᠋ᠠᠴᠢᠯᠠᠭ᠎ᠠ᠎ᠠᠴᠠ᠎ᠪᠠᠨ ᠴᠢᠩᠭ᠋ᠠᠳᠬᠠᠵᠤ᠂ ᠨᠠᠩ ᠣᠯᠠᠨ ᠲᠥᠷᠥ ᠵᠢᠨ ᠪᠣᠳᠣᠯᠭ᠎ᠠ᠂ ᠲᠥᠷᠥᠯ ᠵᠦᠢ᠍ᠯ᠂ ᠪᠠᠯᠠ ᠮᠥᠩᠭᠦ ᠵᠢ ᠪᠠᠭ᠋ᠠᠷᠢᠨ ᠪᠠᠷᠠᠭᠤᠨ ᠬᠤᠰᠢᠭᠤ ᠳᠠᠰᠢ ᠬᠡᠯᠪᠠᠶ᠋ᠢᠯᠭᠡᠬᠦᠪᠠᠷ ᠪᠥᠬᠦ ᠬᠦᠴᠦᠨ ᠵᠶ᠋ᠠᠷ ᠵᠶ᠋ᠠᠨ ᠴᠢᠷᠮᠠᠶ᠋ᠢᠬᠤ ᠬᠡᠷᠡᠭᠲᠡᠶ᠃ ᠪᠦᠬᠦ ᠬᠤᠰᠢᠭᠤ᠎ᠪᠠᠷ ᠵᠶ᠋ᠠᠨ ᠨᠡᠶ᠋ᠢᠭᠡᠮ᠎ᠤᠨ ᠬᠦᠴᠦᠨ᠎ᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ᠎ᠳᠤ ᠣᠷᠣᠯᠴᠠᠬᠤ ᠵᠢ ᠵᠣᠷᠢᠭᠵᠢᠭᠤᠯᠬᠤ ᠲᠦᠷᠦ ᠵᠢᠨ ᠪᠤᠳᠤᠯᠭ᠎ᠠ ᠲᠣᠭᠲᠠᠴᠠ ᠵᠢ ᠨᠠᠷᠢᠨ ᠬᠢᠨᠠᠮᠠᠭ᠋ᠠᠢ ᠰᠤᠳᠤᠯᠵᠤ᠂ 《ᠬᠡᠨ ᠪᠡᠯᠡ ᠣᠷᠣᠭᠤᠯᠪᠠᠯ ᠬᠡᠨ ᠵᠠᠰᠠᠵᠤ᠂ ᠬᠡᠨ ᠠᠰᠢᠭ ᠬᠦᠷᠳᠡᠬᠦ》 ᠵᠠᠷᠴᠢᠮ ᠶᠣᠰᠣᠭ᠋ᠠᠷ᠂ ᠲᠠᠪᠴᠠᠩ ᠪᠠᠶ᠋ᠢᠭᠤᠯᠵᠤ᠂ ᠦᠢ᠍ᠯᠡᠴᠢᠯᠡᠭᠡ ᠬᠠᠩᠭ᠋ᠠᠵᠤ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠬᠦᠴᠦᠷᠬᠡᠭ ᠶᠡᠭᠡ ᠬᠠᠮᠲᠤᠷᠠᠯ ᠬᠦᠴᠦᠨ᠎ᠢ ᠨᠢᠭᠲᠠᠷᠠᠭᠤᠯᠵᠤ᠂ ᠡᠯᠡᠰᠦᠷᠬᠡᠭ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠶᠠᠰᠤ ᠴᠢᠨᠠᠷ ᠪᠣᠯᠤᠨ ᠤᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠤᠨ ᠨᠥᠬᠦᠴᠡᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠵᠢᠷᠠᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠬᠦ ᠬᠡᠷᠡᠭᠲᠡᠢ ᠭᠡᠪᠡ᠃
ᠦᠶ᠎ᠡ ᠵᠢᠨ ᠦᠶ᠎ᠡ᠎ᠳᠤ ᠤᠯᠠᠮᠵᠢᠯᠠᠨ ᠵᠠᠯᠭ᠋ᠠᠮᠵᠢᠯᠠᠬᠤ᠎ᠳᠤ ᠥᠨᠢ ᠤᠳᠠᠭ᠋ᠠᠨ᠎ᠤ ᠴᠢᠷᠮᠠᠶ᠋ᠢᠯᠭ᠎ᠠ᠎ᠲᠠᠢ ᠪᠠᠶ᠋ᠢᠬᠤ ᠬᠡᠷᠡᠭᠲᠡᠶ᠃ ᠪᠠᠭ᠋ᠠᠷᠢᠨ ᠪᠠᠷᠠᠭᠤᠨ ᠬᠤᠰᠢᠭᠤᠨ᠎ᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠠᠵᠢᠯ ᠳᠡᠭᠡᠷ᠎ᠡ ᠵᠠᠭᠤᠨ᠎ᠤ ᠵᠢᠷᠠ ᠳᠠᠯᠠᠭ᠋ᠠᠳ ᠣᠨ᠎ᠠᠴᠠ ᠡᠬᠢᠯᠡᠵᠦ᠂ ᠨᠠᠶᠠ ᠶᠡᠷᠡᠭᠡᠳ ᠣᠨ᠎ᠳᠤ ᠪᠦᠬᠦ ᠲᠠᠯ᠎ᠠ᠎ᠪᠠᠷ ᠡᠬᠢᠯᠡᠵᠦ᠂ 2000 ᠣᠨ᠎ᠠᠴᠠ ᠨᠠᠭ᠋ᠠᠰᠢ ᠬᠡᠪᠴᠢᠶᠡᠵᠢᠭᠦᠯᠦᠨ ᠪᠦᠲᠦᠭᠡᠨ ᠪᠠᠶ᠋ᠢᠭᠤᠯᠬᠤ ᠱᠠᠲᠤᠨ᠎ᠳᠤ ᠣᠷᠣᠪᠠ᠃ ᠣᠯᠠᠨ ᠵᠢᠯ᠎ᠤᠨ ᠲᠤᠷᠰᠢ᠂ 《ᠭᠤᠷᠪᠠᠨ ᠣᠷᠣᠨ᠂ ᠬᠤᠶᠠᠷ ᠵᠠᠮ᠂ ᠨᠢᠭᠡ ᠪᠦᠰᠡ᠂ ᠨᠢᠭᠡ ᠡᠯᠡᠰᠦ》 ᠵᠢ ᠵᠠᠰᠠᠬᠤ ᠶᠡᠷᠦᠩᠬᠡᠶ ᠢᠨᠵᠧᠨᠧᠷᠢᠩ᠎ᠢ ᠬᠡᠷᠡᠭᠵᠢᠭᠦᠯᠬᠦ᠎ᠪᠠᠷ ᠳᠠᠮᠵᠢᠭᠤᠯᠤᠨ᠂ ᠪᠡᠭᠡᠵᠢᠩ ᠲᠢᠶᠠᠨᠵᠢᠨ᠎ᠤ ᠡᠷᠭᠢᠨ ᠲᠣᠭᠤᠷᠢᠨ᠎ᠤ ᠰᠠᠯᠬᠢ ᠡᠯᠡᠰᠦᠨ᠎ᠤ ᠡᠬᠢ ᠵᠢ ᠵᠠᠰᠠᠬᠤ ᠲᠥᠷᠥᠯ ᠵᠦᠢ᠍ᠯ᠂ ᠲᠠᠷᠢᠶᠠᠯᠠᠬᠤ᠎ᠪᠠᠨ ᠵᠣᠭᠰᠣᠭ᠋ᠠᠵᠤ ᠣᠶ ᠮᠣᠳᠣ ᠲᠠᠷᠢᠬᠤ᠂ ᠭᠤᠣᠯᠳᠠᠯᠭ᠎ᠠ᠎ᠲᠠᠢ ᠣᠷᠣᠨ ᠪᠦᠰᠡ ᠵᠢ ᠨᠣᠭᠤᠭ᠋ᠠᠷᠠᠭᠤᠯᠬᠤ ᠢᠨᠵᠧᠨᠧᠷᠢᠩ ᠵᠡᠷᠭᠡ ᠣᠶ ᠰᠢᠭᠤᠶ ᠵᠢᠨ ᠭᠤᠣᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠬᠡᠷᠡᠭᠵᠢᠭᠦᠯᠵᠦ᠂ ᠬᠦᠷᠢᠶᠡᠯᠡᠵᠦ ᠪᠢᠲᠡᠭᠦᠮᠵᠢᠯᠡᠨ ᠪᠤᠶ᠋ᠢᠵᠢᠭᠤᠯᠬᠤ᠂ ᠨᠢᠰᠬᠡᠯ ᠵᠶ᠋ᠠᠷ ᠡᠪᠡᠰᠦ ᠲᠠᠷᠢᠬᠤ᠂ ᠬᠥᠮᠦᠨ᠎ᠤ ᠬᠦᠴᠦ᠎ᠪᠠᠷ ᠡᠪᠡᠰᠦ ᠲᠠᠷᠢᠬᠤ ᠵᠡᠷᠭᠡ ᠨᠤᠲᠤᠭ ᠪᠡᠯᠴᠢᠭᠡᠷ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠬᠡᠷᠡᠭᠵᠢᠭᠦᠯᠵᠦ᠂ ᠨᠢᠭᠡ ᠬᠤᠭᠤᠴᠠᠭ᠎ᠠ᠎ᠨᠢ ᠨᠢᠭᠡ ᠬᠤᠭᠤᠴᠠᠭ᠎ᠠ᠎ᠪᠠᠨ ᠵᠠᠯᠭ᠋ᠠᠨ ᠬᠢᠵᠦ᠂ ᠪᠣᠬᠢᠷᠲᠤᠯ ᠦᠭᠡᠶ ᠤᠷᠲᠤ ᠴᠠᠭ᠋ᠠᠨ ᠬᠡᠷᠡᠮ᠎ᠢ ᠬᠦᠴᠦᠯᠡᠨ ᠪᠠᠶ᠋ᠢᠭᠤᠯᠵᠤ᠂ ᠠᠮᠢ ᠠᠬᠤᠶ ᠵᠢᠨ ᠬᠠᠯᠬᠠᠪᠴᠢ ᠵᠢ ᠪᠠᠬᠢᠵᠢᠭᠦᠯᠦᠭᠰᠡᠨ ᠪᠠᠶ᠋ᠢᠨ᠎ᠠ᠃
ᠵᠢᠷᠤᠭ ᠲᠥᠰᠦᠪ᠎ᠢ ᠵᠢᠷᠤᠭᠯᠠᠵᠤ᠂ ᠬᠡᠷᠡᠭᠵᠢᠭᠦᠯᠬᠦ᠎ᠪᠠᠷ ᠭᠤᠣᠯᠳᠠᠯᠭ᠎ᠠ ᠪᠣᠯᠭ᠋ᠠᠨ᠎ᠠ᠃ ᠪᠠᠭ᠋ᠠᠷᠢᠨ ᠪᠠᠷᠠᠭᠤᠨ ᠬᠤᠰᠢᠭᠤᠨ᠎ᠤ ᠨᠠᠮ᠎ᠤᠨ ᠬᠤᠷᠢᠶ᠎ᠠ᠂ ᠬᠤᠰᠢᠭᠤᠨ᠎ᠤ ᠵᠠᠰᠠᠭ᠎ᠤᠨ ᠣᠷᠳᠣᠨ ᠴᠠᠭ᠎ᠢ ᠦᠵᠡᠨ ᠪᠠᠶ᠋ᠢᠳᠠᠯ᠎ᠢ ᠰᠢᠨᠵᠢᠵᠦ᠂ ᠤᠷᠢᠳᠴᠢᠯᠠᠨ ᠲᠥᠰᠦᠪᠯᠡᠵᠦ᠂ ᠡᠯ᠎ᠡ ᠱᠠᠲᠤᠨ᠎ᠤ ᠨᠠᠮ᠎ᠤᠨ ᠭᠡᠰᠢᠭᠦᠨ ᠤᠳᠤᠷᠢᠳᠬᠤ ᠺᠠᠳ᠋ᠷ ᠵᠠᠷᠯᠢᠭ᠎ᠢ ᠰᠣᠨᠣᠰᠤᠮᠠᠭᠴᠠ᠎ᠪᠠᠨ ᠬᠥᠳᠡᠯᠦᠯᠴᠡᠵᠦ᠂ ᠪᠡᠶ᠎ᠡ᠎ᠪᠠᠷ ᠵᠶ᠋ᠠᠨ ᠬᠡᠪ ᠳᠠᠭᠤᠷᠢᠶᠠᠯ ᠪᠣᠯᠵᠣ᠂ ᠪᠥᠬᠦ ᠬᠤᠰᠢᠭᠤᠨ᠎ᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠶᠡᠭᠡ ᠴᠡᠷᠢᠭ ᠠᠩᠭᠢ ᠬᠠᠮᠠᠷ ᠬᠠᠳᠬᠤᠬᠤ ᠡᠪᠡᠰᠦ ᠥᠬᠡᠶ ᠬᠠᠯᠴᠠᠭ᠋ᠠᠶ ᠭᠠᠵᠠᠷ᠎ᠲᠤ ᠣᠷᠣᠵᠤ᠂ ᠲᠩᠷᠢ ᠭᠠᠵᠠᠷ᠎ᠲᠠᠢ ᠲᠡᠮᠡᠴᠡᠵᠦ ᠡᠬᠢᠯᠡᠪᠡ᠂ ᠪᠣᠶ ᠪᠥᠬᠦᠶ ᠰᠢᠶᠠᠨ ᠭᠠᠵᠠᠷ᠎ᠤᠨ ᠲᠠᠰ᠎ᠤᠨ ᠤᠳᠤᠷᠢᠳᠤᠯᠭ᠎ᠠ᠂ ᠰᠤᠮᠤᠨ᠎ᠤ ᠠᠵᠢᠯᠲᠠᠳ ᠮᠠᠯᠴᠢᠨ ᠲᠠᠷᠢᠶᠠᠴᠢᠨ᠎ᠲᠠᠢ ᠬᠠᠮᠲᠤ᠎ᠪᠠᠷ ᠣᠶ ᠰᠢᠭᠤᠶ ᠵᠢᠨ ᠮᠡᠷᠭᠡᠵᠢᠯ᠎ᠤᠨ ᠠᠵᠢᠯᠲᠠᠨ᠎ᠤ ᠵᠢᠯᠣᠭᠤᠳᠣᠯᠭ᠎ᠠ ᠳᠤᠤᠷ᠎ᠠ᠂ ᠪᠥᠬᠦ ᠬᠦᠴᠦᠨ ᠵᠶ᠋ᠠᠷ ᠵᠶ᠋ᠠᠨ ᠬᠠᠮᠵᠢᠯᠴᠠᠵᠤ᠂ ᠨᠢᠭᠡ ᠨᠢᠭᠡ ᠠᠯᠬᠤᠮ ᠵᠶ᠋ᠠᠷ᠂ ᠬᠦᠷᠵᠡ ᠪᠠᠷᠢᠵᠤ᠂ ᠡᠯᠡᠰᠦᠨ ᠬᠠᠯᠬᠠᠪᠴᠢ ᠬᠠᠳᠬᠤᠵᠤ᠂ ᠮᠣᠳᠣ ᠵᠠᠶ᠋ᠢᠯᠠᠵᠤ᠂ ᠴᠢᠬᠢ ᠮᠣᠳᠣ ᠳᠠᠷᠢᠵᠤ ᠣᠶ᠋ᠢᠵᠢᠭᠤᠯᠵᠤ᠂ ᠡᠯ᠎ᠡ ᠭᠤᠭᠴᠤᠭ᠎ᠠ ᠵᠢ ᠡᠮᠬᠢ ᠵᠢᠷᠤᠮ᠎ᠲᠠᠢ ᠵᠣᠯᠭ᠋ᠠᠭᠤᠯᠵᠤ᠂ ᠨᠢᠭᠲᠠ ᠬᠠᠮᠵᠢᠯᠴᠠᠪᠠ᠃ ᠦᠷᠭᠦᠯᠵᠢᠯᠡᠭᠰᠡᠨ ᠡᠯᠡᠰᠦᠨ ᠳᠣᠪᠣᠴᠠᠭ ᠳᠡᠭᠡᠷ᠎ᠡ᠂ ᠥᠨᠳᠥᠷ ᠨᠠᠮ ᠳᠡᠭᠡᠨᠴᠡᠯ᠎ᠤᠨ ᠲᠣᠣᠷᠯᠢᠭ ᠡᠯᠡᠰᠦᠨ ᠬᠠᠯᠬᠠᠪᠴᠢ᠂ ᠴᠡᠪᠡᠷ ᠴᠡᠮᠴᠡᠭᠡᠷ ᠬᠠᠷᠭ᠋ᠠᠨ᠎ᠠ ᠵᠢᠨ ᠵᠤᠯᠵᠠᠭ᠎ᠠ ᠮᠣᠳᠣ ᠰᠠᠯᠬᠢᠨ᠎ᠤ ᠠᠶ᠎ᠠ᠎ᠪᠠᠷ ᠰᠡᠬᠦ᠋ᠢ᠍ᠨ ᠰᠦᠨᠳᠡᠷᠯᠡᠵᠦ᠂ ᠬᠢᠵᠠᠭ᠋ᠠᠯᠠᠰᠢ ᠦᠭᠡᠢ ᠠᠮᠢᠵᠢᠷᠠᠯ᠎ᠤᠨ ᠪᠠᠶ᠋ᠢᠳᠠᠯ ᠢᠯᠡᠷᠡᠪᠡ᠃
ᠪᠣᠳᠠᠲᠠᠢ ᠵᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠥᠩᠭᠡᠷᠡᠭᠰᠡᠨ᠎ᠤ ᠪᠠᠭ᠋ᠠᠷᠢᠨ ᠪᠠᠷᠠᠭᠤᠨ ᠬᠤᠰᠢᠭᠤ᠎ᠨᠢ ᠤᠯᠠᠭ᠋ᠠᠨᠬᠠᠳᠠ ᠬᠤᠳᠠ ᠵᠢᠨ ᠪᠤᠰᠤᠳ ᠬᠤᠰᠢᠭᠤ ᠰᠢᠶᠠᠨ ᠲᠣᠭᠤᠷᠢᠭ᠎ᠲᠠᠢ ᠠᠳᠠᠯᠢ᠎ᠪᠠᠷ ᠰᠣᠷᠭᠤᠭ ᠴᠡᠴᠡᠭ ᠪᠠᠳᠠᠷᠠᠨ ᠳᠡᠯᠭᠡᠷᠡᠭᠰᠡᠨ ᠲᠠᠯ᠎ᠠ ᠨᠤᠲᠤᠭ ᠵᠶ᠋ᠠᠷ ᠵᠣᠭᠰᠣᠬᠤ ᠦᠭᠡᠢ ᠪᠠᠰᠠ ᠡᠯᠡᠰᠦ ᠮᠠᠩᠬ᠎ᠠ᠎ᠲᠠᠢ ᠪᠠᠶ᠋ᠢᠯ᠎ᠠ᠃ ᠶᠡᠷᠦ᠎ᠠᠴᠠ ᠬᠡᠪ᠎ᠤᠨ ᠪᠠᠶ᠋ᠢᠳᠠᠯ ᠵᠶ᠋ᠠᠨ ᠠᠯᠳᠠᠭᠰᠠᠨ ᠦᠭᠡᠢ ᠬᠤᠷᠴᠢᠨ᠎ᠤ ᠡᠯᠡᠰᠦᠷᠬᠡᠭ ᠭᠠᠵᠠᠷ ᠰᠢᠷᠠᠮᠥ᠋ᠷᠡᠨ ᠭᠤᠣᠯ᠎ᠢ᠎ᠲᠠᠭᠠᠨ ᠪᠠᠷᠠᠭᠤᠨ᠎ᠠᠴᠠ ᠵᠡᠭᠦᠨᠰᠢ ᠲᠠᠰᠤᠷᠠᠯᠲᠠ ᠦᠭᠡᠢ ᠬᠠᠯᠳᠠᠨ ᠲᠦᠢ᠍ᠪᠡᠭᠡᠵᠦ᠂ ᠪᠠᠭ᠋ᠠᠷᠢᠨ ᠪᠠᠷᠠᠭᠤᠨ ᠬᠤᠰᠢᠭᠤᠨ᠎ᠳᠤ ᠰᠦᠷ ᠵᠢᠪᠬᠤᠭ᠎ᠠ᠎ᠪᠠᠷ ᠪᠢᠯᠬᠠᠨ᠎ᠠ᠃ ᠥᠩᠭᠡᠷᠡᠭᠰᠡᠨ᠎ᠳᠤ᠂ ᠪᠥᠬᠦ ᠬᠤᠰᠢᠭᠤᠨ᠎ᠤ ᠡᠯᠡᠰᠦᠵᠢᠭᠰᠡᠨ ᠭᠠᠵᠠᠷ ᠰᠢᠷᠣᠶ ᠵᠢᠨ ᠲᠠᠯᠠᠪᠠᠶ ᠨᠢᠭᠡᠨᠲᠡ 402.76 ᠲᠦᠮᠡᠨ ᠮᠥ᠍᠎ᠳᠤ ᠬᠦᠷᠴᠦ᠂ ᠪᠥᠬᠦ ᠬᠤᠰᠢᠭᠤᠨ᠎ᠤ ᠪᠥᠬᠦ ᠭᠠᠵᠠᠷ ᠰᠢᠷᠣᠶ ᠵᠢᠨ ᠲᠠᠯᠠᠪᠠᠶ ᠵᠢᠨ 26% ᠵᠢ ᠡᠵᠡᠯᠡᠵᠦ ᠪᠠᠶ᠋ᠢᠪᠠ᠃ ᠡᠶ᠋ᠢᠮᠦ ᠬᠦᠨᠳᠦ ᠬᠡᠴᠡᠭᠦᠦ ᠠᠮᠢ ᠠᠬᠤᠶ ᠵᠢᠨ ᠪᠠᠶ᠋ᠢᠳᠠᠯ᠎ᠤᠨ ᠡᠮᠦᠨ᠎ᠡ᠂ ᠪᠠᠭ᠋ᠠᠷᠢᠨ ᠪᠠᠷᠠᠭᠤᠨ ᠬᠤᠰᠢᠭᠤᠨ᠎ᠤ ᠨᠠᠮ᠎ᠤᠨ ᠬᠤᠷᠢᠶ᠎ᠠ᠂ ᠬᠤᠰᠢᠭᠤᠨ᠎ᠤ ᠵᠠᠰᠠᠭ᠎ᠤᠨ ᠣᠷᠳᠣᠨ᠎ᠠᠴᠠ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠳᠤᠮᠳᠠ ᠬᠤᠭᠤᠴᠠᠭ᠋ᠠᠨ᠎ᠤ ᠡᠯᠡᠰᠦ ᠵᠢ ᠰᠡᠷᠭᠡᠶ᠋ᠢᠯᠡᠨ ᠵᠠᠰᠠᠬᠤ ᠲᠥᠯᠥᠪᠵᠢᠭᠦᠯᠭᠡ ᠵᠢ ᠲᠣᠭᠲᠠᠭ᠋ᠠᠭᠰᠠᠨ ᠪᠠᠶ᠋ᠢᠨ᠎ᠠ᠃ ᠣᠶ᠋ᠢᠯᠠᠭ᠋ᠠᠭᠰᠠᠨ ᠵᠶ᠋ᠠᠷ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠪᠠᠭ᠋ᠠᠷᠢᠨ ᠪᠠᠷᠠᠭᠤᠨ ᠬᠤᠰᠢᠭᠤᠨ᠎ᠤ ᠲᠥᠯᠥᠪᠵᠢᠭᠦᠯᠦᠭᠰᠡᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠣᠶ ᠰᠢᠭᠤᠶ ᠵᠢᠨ ᠪᠥᠲᠥᠭᠡᠨ ᠪᠠᠶ᠋ᠢᠭᠤᠯᠤᠯᠲᠠ ᠵᠢᠨ ᠡᠭᠦᠷᠭᠡ ᠪᠣᠯ 10 ᠲᠦᠮᠡᠨ ᠮᠥ᠍ ᠬᠥᠮᠦᠨ᠎ᠤ ᠬᠦᠴᠦ᠎ᠪᠠᠷ ᠣᠶ᠋ᠢᠵᠢᠭᠤᠯᠬᠤ ᠶᠠᠪᠤᠳᠠᠯ ᠪᠣᠯᠤᠨ᠎ᠠ᠃ 5 ᠲᠦᠮᠡᠨ ᠮᠥ᠍ ᠠᠭᠤᠯᠠ ᠵᠢ ᠪᠢᠲᠡᠭᠦᠮᠵᠢᠯᠡᠨ ᠣᠶ᠋ᠢᠵᠢᠭᠤᠯᠵᠤ᠂ 6 ᠲᠦᠮᠡᠨ ᠮᠥ᠍ ᠡᠯᠡᠰᠦ ᠵᠢ ᠢᠨᠵᠧᠨᠧᠷᠢᠩ ᠵᠶ᠋ᠠᠷ ᠲᠣᠭᠲᠠᠪᠤᠷᠢᠵᠢᠭᠤᠯᠵᠤ᠂ 27 ᠲᠦᠮᠡᠨ ᠮᠥ᠍ ᠮᠠᠭᠤᠳᠠᠭᠰᠠᠨ ᠣᠶ ᠵᠢ ᠲᠥᠯᠥᠪᠵᠢᠭᠦᠯᠦᠨ ᠵᠠᠰᠠᠵᠤ᠂ 1.75 ᠲᠦᠮᠡᠨ ᠮᠥ᠍ ᠭᠤᠤᠯᠳᠠᠯᠭ᠎ᠠ᠎ᠲᠠᠢ ᠣᠷᠣᠨ ᠪᠦᠰᠡ ᠵᠢ ᠨᠣᠭᠤᠭ᠋ᠠᠷᠠᠭᠤᠯᠵᠤ᠂ 0.3 ᠲᠦᠮᠡᠨ ᠮᠥ᠍ ᠠᠯᠳᠠᠭ᠋ᠠᠨᠠ ᠬᠠᠶ᠋ᠢᠲᠠᠩᠤᠨ ᠠᠵᠤ ᠠᠬᠤᠶ ᠵᠢᠨ ᠣᠶ ᠵᠢ ᠪᠦᠳᠦᠬᠡᠨ ᠪᠠᠶ᠋ᠢᠭᠤᠯᠤᠨ᠂᠂᠂᠂᠂᠂ ᠪᠠᠭ᠋ᠠᠷᠢᠨ ᠪᠠᠷᠠᠭᠤᠨ ᠬᠤᠰᠢᠭᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢᠨ ᠲᠠᠯ᠎ᠠ᠎ᠪᠠᠷ ᠶᠡᠭᠡ ᠰᠡᠳᠬᠢᠮᠵᠢ᠎ᠲᠠᠢ ᠪᠠᠶ᠋ᠢᠵᠤ᠂ ᠣᠲᠣ ᠶᠠᠭ ᠠᠯᠬᠤᠮ ᠠᠯᠬᠤᠮ ᠵᠶ᠋ᠠᠷ ᠶᠡᠭᠡ ᠠᠵᠢᠯ ᠬᠢᠵᠦ ᠪᠠᠶ᠋ᠢᠨ᠎ᠠ᠃
ᠲᠣᠰ ᠤᠳᠠᠭ᠋ᠠᠨ᠎ᠤ ᠦᠢ᠍ᠯᠡᠳᠦᠯᠭᠡ ᠵᠢᠨ ᠠᠵᠢᠯᠯᠠᠭ᠎ᠠ ᠵᠢ ᠡᠷᠭᠢᠯᠡᠭᠰᠡᠨ᠎ᠨᠢ ᠪᠠᠭ᠋ᠠᠷᠢᠨ ᠪᠠᠷᠠᠭᠤᠨ ᠬᠤᠰᠢᠭᠤᠨ᠎ᠤ᠎ᠬᠢᠨ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ᠂ ᠶᠡᠷᠦᠩᠬᠡᠶ ᠱᠦᠵᠢ ᠰᠢ ᠵᠢᠨ ᠫᠢᠩ᠎ᠤᠨ ᠡᠯᠡᠰᠦᠷᠬᠡᠭᠵᠢᠯ᠎ᠢ ᠰᠡᠷᠭᠡᠶ᠋ᠢᠯᠡᠵᠦ ᠡᠯᠡᠰᠦᠷᠬᠡᠭᠵᠢᠯ᠎ᠢ ᠵᠠᠰᠠᠬᠤ ᠪᠠ 《ᠭᠤᠷᠪᠠᠨ ᠤᠮᠠᠷᠠᠲᠤ ᠤᠷᠤᠨ》᠎ᠤ ᠢᠨᠵᠧᠨᠧᠷᠢᠩ᠎ᠤᠨ ᠲᠤᠬᠠᠶ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠣᠣᠱᠯᠠᠭᠤᠯᠵᠣ᠂ ᠭᠤᠤᠯ ᠰᠡᠳᠦᠪᠲᠦ ᠬᠥᠮᠦᠵᠢᠯ ᠥᠷᠨᠢᠭᠦᠯᠬᠦ ᠵᠢ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠥᠲᠥᠭᠡᠨ ᠪᠠᠶ᠋ᠢᠭᠤᠯᠬᠤ᠎ᠲᠠᠢ ᠤᠶᠠᠯᠳᠤᠭᠤᠯᠵᠤ᠂ ᠭᠤᠤᠯ ᠰᠡᠳᠦᠪᠲᠦ ᠬᠥᠮᠦᠵᠢᠯ᠎ᠤᠨ ᠭᠦᠨᠵᠡᠭᠡᠶ᠋ᠢᠷᠡᠨ ᠪᠣᠳᠠᠲᠠᠶ᠋ᠢᠵᠢᠬᠤ ᠵᠢ ᠠᠬᠢᠭᠤᠯᠬᠤ ᠠᠮᠢᠳᠤᠯᠢᠭ ᠦᠢ᠍ᠯᠡᠳᠦᠯᠭᠡ ᠪᠣᠯᠬᠤ ᠵᠢ ᠬᠦᠢ᠍ᠴᠡᠳ ᠬᠠᠷᠠᠭᠤᠯᠪᠠ᠃ ᠡᠭᠦᠨ᠎ᠤ ᠵᠣᠷᠢᠯᠭ᠎ᠠ᠎ᠨᠢ 《ᠵᠠᠩᠭᠢᠯᠠᠭ᠎ᠠ ᠵᠢᠨ ᠴᠥᠭᠡᠨ ᠲᠣᠭ᠋ᠠᠲᠠᠨ》 ᠵᠶ᠋ᠠᠷ ᠪᠥᠬᠦ ᠬᠤᠰᠢᠭᠤᠨ᠎ᠤ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠣᠯᠠᠨ ᠲᠦᠮᠡᠨ᠎ᠢ ᠳᠠᠶ᠋ᠢᠴᠢᠯᠠᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠠᠵᠢᠯ᠎ᠳᠤ ᠢᠳᠡᠪᠬᠢᠲᠡᠶ ᠣᠷᠣᠯᠴᠠᠭᠤᠯᠵᠤ᠂ ᠬᠤᠷᠴᠢᠨ᠎ᠤ ᠡᠯᠡᠰᠦᠷᠬᠡᠭ ᠭᠠᠵᠠᠷ᠎ᠢ ᠤᠰᠠᠳᠬᠠᠬᠤ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ ᠢᠲᠡᠭᠡᠯ ᠵᠣᠷᠢᠭ᠎ᠢ ᠪᠠᠲᠤᠳᠬᠠᠵᠤ᠂ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠪᠠᠭ᠋ᠠᠷᠢᠨ᠎ᠤ ᠡᠬᠡ ᠭᠠᠵᠠᠷ᠎ᠲᠤ ᠦᠨᠳᠦᠰᠦᠯᠡᠭᠦᠯᠵᠦ᠂ ᠴᠡᠴᠡᠭᠯᠡᠭᠦᠯᠦᠨ ᠵᠢᠮᠢᠰᠯᠡᠭᠦᠯᠬᠦ ᠵᠢᠨ ᠲᠥᠯᠥᠭᠡ ᠶᠤᠮ᠃