ᠪᠠᠶᠠᠨᠨᠠᠭᠤᠷ ᠬᠣᠲᠠ ᠵᠢᠨ ᠤᠷᠠᠳ᠎ᠤᠨ ᠬᠣᠢ᠌ᠲᠤ ᠬᠤᠰᠢᠭᠤᠨ᠎ᠤ ᠲᠤᠬᠠᠢ ᠵᠢᠨ ᠭᠠᠵᠠᠷ ᠤᠷᠤᠨ᠎ᠳᠤ ᠳᠤᠬᠢᠷᠠᠭᠰᠠᠨ ᠡᠯᠡᠰᠦᠷᠬᠡᠭᠵᠢᠯ᠎ᠢ ᠰᠡᠷᠭᠡᠢ᠌ᠯᠡᠨ ᠵᠠᠰᠠᠬᠤ ᠮᠡᠷᠭᠡᠵᠢᠯ ᠪᠣᠯᠤᠨ ᠵᠠᠭᠪᠤᠷ᠎ᠢ ᠰᠦᠪᠡᠭᠴᠢᠯᠡᠨ ᠲᠡᠭᠦᠯᠳᠡᠷᠵᠢᠭᠦᠯᠵᠦ᠂ ᠡᠯᠡᠰᠦᠷᠬᠡᠭᠵᠢᠯ᠎ᠢ ᠰᠡᠷᠭᠡᠢ᠌ᠯᠡᠨ ᠵᠠᠰᠠᠭᠰᠠᠨ ᠲᠤᠷᠰᠢᠯᠲᠠ ᠵᠢ ᠪᠣᠢ ᠪᠣᠯᠭ᠋ᠠᠬᠤ ᠵᠢᠨ ᠲᠥᠯᠥᠭᠡ᠂ ᠪᠠᠶᠠᠨᠨᠠᠭᠤᠷ ᠬᠣᠲᠠ ᠵᠢᠨ ᠤᠷᠠᠳ᠎ᠤᠨ ᠬᠤᠢ᠌ᠲᠤ ᠬᠤᠰᠢᠭᠤᠨ᠎ᠤ ᠪᠠᠷᠠᠭᠤᠨ ᠪᠤᠯᠤᠩ᠎ᠤᠨ ᠣᠢ ᠰᠢᠭᠤᠢ ᠵᠢᠨ ᠲᠠᠯᠠᠪᠠᠢ᠎ᠳᠤ 《ᠢᠨᠵᠧᠨᠧᠷᠢᠩ᠎ᠤᠨ ᠡᠯᠡᠰᠦ ᠵᠢ ᠲᠣᠭᠲᠠᠪᠤᠷᠢᠵᠢᠭᠤᠯᠬᠤ + ᠪᠢᠲᠡᠭᠦᠮᠵᠢᠯᠡᠨ ᠵᠠᠰᠠᠬᠤ》 ᠰᠢᠰᠲᠸᠮᠲᠤ ᠵᠠᠰᠠᠯᠲᠠ ᠵᠢᠨ ᠲᠤᠷᠰᠢᠯᠳᠠ ᠬᠢᠪᠡ᠃ ᠪᠠᠷᠠᠭᠤᠨ ᠪᠤᠯᠤᠩ᠎ᠤᠨ ᠣᠢ ᠰᠢᠭᠤᠶ ᠵᠢᠨ ᠲᠠᠯᠠᠪᠠᠢ 10.19 ᠲᠦᠮᠡᠨ ᠮᠦ᠍ ᠪᠠᠶ᠋ᠢᠵᠤ᠂ ᠡᠭᠦᠨ᠎ᠳᠤ 7.89 ᠲᠦᠮᠡᠨ ᠮᠦ᠍ ᠵᠢ ᠵᠠᠰᠠᠵᠤ᠂ 2.3 ᠲᠦᠮᠡᠨ ᠮᠦ᠍ ᠦᠯᠡᠳᠡᠵᠦ ᠪᠤᠢ᠃
ᠢᠨᠵᠧᠨᠧᠷᠢᠩ᠎ᠤᠨ ᠡᠯᠡᠰᠦ ᠵᠢ ᠲᠣᠭᠲᠠᠪᠤᠷᠢᠵᠢᠭᠤᠯᠬᠤ᠎ᠳᠤ ᠪᠤᠭᠤᠳᠠᠢ ᠵᠢᠨ ᠰᠦᠷᠡᠯ᠂ ᠵᠡᠭᠡᠰᠦ᠂ ᠴᠢᠯᠠᠭᠤ᠂ ᠡᠯᠡᠰᠦᠨ ᠪᠤᠷᠭ᠋ᠠᠰᠤ᠂ ᠨᠠᠩᠭᠢ ᠰᠢᠷᠣᠢ᠂ ᠥᠨᠳᠥᠷ ᠪᠣᠰᠤᠭ᠎ᠠ ᠡᠯᠡᠰᠦ ᠵᠢ ᠲᠣᠭᠲᠠᠪᠤᠷᠢᠵᠢᠭᠤᠯᠬᠤ ᠬᠠᠯᠬᠠᠪᠴᠢ᠁ ᠵᠡᠷᠭᠡ ᠠᠳᠠᠯᠢ ᠪᠤᠰᠤ ᠮᠠᠲ᠋ᠧᠷᠢᠶᠠᠯ ᠵᠶ᠋ᠡᠷ ᠡᠯᠡᠰᠦ ᠵᠢ ᠲᠣᠭᠲᠠᠪᠤᠷᠢᠵᠢᠭᠤᠯᠬᠤ ᠲᠤᠷᠰᠢᠯᠲᠠ ᠬᠢᠪᠡ᠃ ᠡᠯᠡᠰᠦ ᠵᠢ ᠬᠤᠷᠢᠭᠯᠠᠨ ᠵᠣᠭᠰᠣᠭ᠋ᠠᠬᠤ ᠠᠳᠠᠯᠢ ᠪᠤᠰᠤ ᠨᠥᠬᠦᠴᠡᠯ ᠳᠣᠤᠷᠠᠬᠢ ᠥᠪᠡᠷ᠎ᠤᠨ ᠥᠷᠲᠡᠭ᠂ ᠡᠯᠡᠰᠦ ᠵᠢ ᠲᠣᠭᠲᠠᠪᠤᠷᠢᠵᠢᠭᠤᠯᠬᠤ ᠦᠷ᠎ᠡ ᠪᠦᠲᠦᠮᠵᠢ ᠵᠢ ᠬᠠᠷᠢᠴᠠᠭᠤᠯᠤᠨ ᠵᠠᠳᠠᠯᠬᠤ᠎ᠪᠠᠷ ᠳᠠᠮᠵᠢᠭᠤᠯᠤᠨ᠂ ᠬᠠᠮᠤᠭ᠎ᠤᠨ ᠲᠣᠬᠢᠷᠠᠮᠵᠢᠲᠠᠶ ᠡᠯᠡᠰᠦ ᠵᠢ ᠬᠤᠷᠢᠭᠯᠠᠬᠤ ᠵᠠᠭᠪᠤᠷ᠎ᠢ ᠰᠣᠩᠭᠤᠨ ᠭᠠᠷᠭ᠋ᠠᠪᠠ᠃
ᠡᠯᠡᠰᠦ ᠵᠢ ᠲᠣᠭᠲᠠᠪᠤᠷᠢᠵᠢᠭᠤᠯᠬᠤ ᠣᠷᠣᠨ᠎ᠳᠤ᠂ ᠬᠠᠷᠭ᠋ᠠᠨ᠎ᠠ᠂ ᠡᠯᠡᠰᠦᠨ ᠴᠢᠪᠠᠭ᠎ᠠ᠂ ᠢᠰᠬᠦᠯᠡᠩ ᠴᠢᠪᠠᠭ᠎ᠠ ᠵᠡᠷᠭᠡ ᠡᠯᠡᠰᠦᠷᠬᠡᠭ ᠭᠠᠵᠠᠷ᠎ᠲᠤ ᠳᠠᠷᠢᠬᠤ᠎ᠳᠤ ᠳᠣᠭᠢᠷᠠᠬᠤ ᠪᠣᠳᠠ ᠮᠣᠳᠣ ᠵᠢ ᠲᠠᠷᠢᠵᠦ᠂ ᠵᠢᠯᠣᠭᠤᠴᠢ ᠥᠬᠡᠶ ᠨᠢᠰᠬᠡᠯ ᠵᠶ᠋ᠠᠷ ᠡᠪᠡᠰᠦ ᠲᠠᠷᠢᠵᠤ᠂ ᠣᠶ ᠰᠢᠭᠤᠶ ᠨᠤᠲᠤᠭ ᠪᠡᠯᠴᠢᠭᠡᠷ᠎ᠤᠨ ᠶᠡᠷᠦᠩᠬᠡᠶ᠋ᠢᠯᠡᠭᠰᠡᠨ ᠤᠷᠭᠤᠮᠠᠯ᠎ᠤᠨ ᠬᠤᠴᠢᠯᠭ᠎ᠠ ᠵᠢ ᠳᠡᠭᠡᠭᠰᠢᠯᠡᠭᠦᠯᠪᠡ᠃ ᠴᠢᠬᠢ ᠮᠣᠳᠣ ᠵᠢᠴᠢ ᠡᠪᠡᠰᠦᠨ ᠦᠷ᠎ᠡ ᠵᠢᠨ ᠡᠳᠡᠭᠡᠷᠡᠯᠲᠡ ᠵᠢᠨ ᠪᠠᠶ᠋ᠢᠳᠠᠯ᠎ᠢ ᠬᠢᠨᠠᠨ ᠬᠡᠮᠵᠢᠬᠦ᠎ᠪᠠᠷ ᠳᠠᠮᠵᠢᠭᠤᠯᠤᠨ᠂ ᠲᠤᠰ ᠭᠠᠵᠠᠷ ᠣᠷᠣᠨ᠎ᠤ ᠡᠯᠡᠰᠦᠷᠬᠡᠭᠵᠢᠯ᠎ᠢ ᠰᠡᠷᠭᠡᠶ᠋ᠢᠯᠡᠨ ᠵᠠᠰᠠᠬᠤ᠎ᠳᠤ ᠲᠤᠬᠢᠷᠠᠬᠤ ᠮᠣᠳᠣᠨ᠎ᠤ ᠲᠥᠷᠥᠯ ᠪᠠ ᠡᠪᠡᠰᠦᠨ ᠦᠷ᠎ᠡ ᠵᠢ ᠰᠣᠩᠭᠣᠨ ᠭᠠᠷᠭ᠋ᠠᠪᠠ᠃
ᠳᠡᠭᠡᠷᠡᠬᠢ ᠲᠤᠷᠰᠢᠯᠲᠠ ᠵᠢᠨ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠰᠢᠨᠵᠢᠯᠡᠬᠦ ᠤᠬᠠᠭ᠋ᠠᠨᠴᠢ᠎ᠪᠠᠷ ᠡᠯᠡᠰᠦ ᠵᠢ ᠵᠠᠰᠠᠬᠤ᠎ᠳᠤ ᠵᠦᠶ ᠵᠣᠬᠢᠰᠲᠠᠶ ᠲᠥᠰᠦᠯ ᠬᠠᠩᠭ᠋ᠠᠵᠤ᠂ ᠪᠠᠶᠠᠨᠨᠠᠭᠤᠷ ᠬᠤᠲᠠ ᠵᠢᠨ ᠤᠷᠠᠳ᠎ᠤᠨ ᠬᠤᠶ᠋ᠢᠲᠤ ᠬᠤᠰᠢᠭᠤᠨ᠎ᠳᠤ ᠳᠣᠭᠢᠷᠠᠬᠤ ᠡᠯᠡᠰᠦᠷᠬᠡᠭᠵᠢᠯ᠎ᠢ ᠰᠡᠷᠭᠡᠶ᠋ᠢᠯᠡᠨ ᠵᠠᠰᠠᠬᠤ ᠵᠠᠭᠪᠤᠷ᠎ᠢ ᠪᠤᠢ ᠪᠤᠯᠭ᠋ᠠᠵᠤ᠂ ᠡᠴᠦᠰ᠎ᠲᠡᠭᠡᠨ ᠭᠠᠵᠠᠷ ᠰᠢᠷᠣᠶ ᠵᠢᠨ ᠡᠯᠡᠰᠦᠷᠬᠡᠭᠵᠢᠭᠰᠡᠨ ᠲᠠᠯᠠᠪᠠᠶ ᠪᠠ ᠡᠯᠡᠰᠦᠷᠬᠡᠭᠵᠢᠭᠰᠡᠨ ᠬᠡᠮᠵᠢᠶ᠎ᠡ ᠦᠷᠭᠦᠯᠵᠢᠯᠡᠨ ᠪᠠᠭ᠋ᠠᠰᠴᠤ᠂ ᠣᠶ ᠰᠢᠭᠤᠶ ᠨᠤᠲᠤᠭ ᠪᠡᠯᠴᠢᠭᠡᠷ᠎ᠤᠨ ᠡᠯᠡᠰᠦᠨ᠎ᠤ ᠪᠦᠷᠬᠦᠴᠡ ᠵᠢᠨ ᠬᠡᠮᠵᠢᠶ᠎ᠡ ᠦᠷᠭᠦᠯᠵᠢᠯᠡᠨ ᠪᠠᠭ᠋ᠠᠰᠴᠤ᠂ ᠡᠯᠡᠰᠦᠷᠬᠡᠭ ᠣᠷᠣᠨ᠎ᠤ ᠠᠮᠢ ᠠᠬᠤᠶ ᠵᠢᠨ ᠣᠷᠴᠢᠨ ᠲᠣᠭᠤᠷᠢᠨ ᠤᠯᠠᠮ ᠨᠢᠭᠡ ᠠᠯᠬᠤᠮ ᠰᠠᠶ᠋ᠢᠵᠢᠷᠠᠪᠠ᠃