ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠬᠦ ᠵᠢᠨ ᠲᠥᠯᠥᠭᠡ᠂ ᠣᠶ᠋ᠢᠷ᠎ᠠ᠎ᠳᠤ᠂ ᠲᠦᠮᠡᠳ ᠵᠡᠭᠦᠨ ᠬᠤᠰᠢᠭᠤᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠵᠢᠯᠲᠠᠳ ᠬᠠᠷᠢᠶᠠᠲᠤ ᠣᠷᠣᠨ᠎ᠤ᠎ᠪᠠᠨ ᠬᠡᠭᠡᠷ᠎ᠡ ᠵᠢᠨ ᠠᠮᠢᠲᠠᠨ᠎ᠤ ᠣᠷᠣᠰᠢᠨ ᠠᠮᠢᠳᠤᠷᠠᠬᠤ ᠭᠠᠵᠠᠷ᠎ᠲᠤ ᠡᠳᠦᠷ ᠲᠤᠲᠤᠮ᠎ᠤᠨ ᠬᠢᠨᠠᠨ ᠬᠡᠮᠵᠢᠯᠲᠡ ᠪᠠ ᠲᠣᠭᠤᠷᠢᠨ ᠬᠠᠮᠠᠭ᠋ᠠᠯᠠᠯᠲᠠ ᠬᠢᠵᠦ᠂ ᠨᠡᠭᠦᠳᠡᠯᠯᠡᠨ ᠦᠷᠡᠵᠢᠵᠦ ᠪᠠᠶ᠋ᠢᠭ᠎ᠠ ᠰᠢᠪᠠᠭᠤᠨ᠎ᠤ ᠲᠥᠷᠥᠯ᠎ᠳᠤ ᠠᠮᠤᠷ ᠲᠦᠪᠰᠢᠨ᠂ ᠲᠠᠭ᠋ᠠᠯᠠᠮᠵᠢᠲᠠᠢ ᠣᠷᠣᠰᠢᠨ ᠠᠮᠢᠳᠤᠷᠠᠬᠤ ᠣᠷᠴᠢᠨ ᠲᠣᠭᠤᠷᠢᠨ᠎ᠢ ᠪᠣᠶ ᠪᠣᠯᠭ᠋ᠠᠵᠤ ᠥᠭᠭᠦᠭᠰᠡᠨ ᠪᠠᠶ᠋ᠢᠨ᠎ᠠ᠃
ᠨᠢᠭᠡ᠎ᠳᠤ᠂ ᠰᠢᠨᠵᠢᠯᠡᠬᠦ ᠤᠬᠠᠭ᠋ᠠᠨᠴᠢ᠎ᠪᠠᠷ ᠬᠢᠨᠠᠨ ᠬᠡᠮᠵᠢᠵᠦ ᠲᠣᠭᠤᠷᠢᠨ ᠬᠠᠮᠠᠭ᠋ᠠᠯᠠᠵᠤ᠂ ᠣᠷᠣᠰᠢᠨ ᠠᠮᠢᠳᠤᠷᠠᠬᠤ ᠭᠠᠵᠠᠷ᠎ᠤᠨ ᠬᠠᠮᠠᠭ᠋ᠠᠯᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠪᠦᠬᠦ ᠬᠤᠰᠢᠭᠤᠨ᠎ᠤ ᠡᠯ᠎ᠡ ᠰᠢᠶᠠᠩ ᠪᠠᠯᠭ᠋ᠠᠰᠤ ᠵᠢᠨ ᠬᠠᠷᠢᠶ᠎ᠠ ᠣᠷᠣᠨ᠎ᠤ ᠨᠤᠭᠤ ᠭᠠᠵᠠᠷ᠂ ᠤᠰᠤᠨ ᠴᠥᠭᠦᠷᠥᠮ᠎ᠤᠨ ᠳᠣᠲᠣᠷᠠᠬᠢ ᠨᠡᠭᠦᠳᠡᠯ᠎ᠤᠨ ᠰᠢᠪᠠᠭᠤ ᠵᠡᠷᠭᠡ ᠬᠡᠭᠡᠷ᠎ᠡ ᠵᠢᠨ ᠠᠮᠢᠲᠠᠨ᠎ᠤ ᠣᠷᠣᠰᠢᠨ ᠠᠮᠢᠳᠤᠷᠠᠬᠤ ᠭᠠᠵᠠᠷ᠂ ᠢᠳᠡᠰᠢ ᠡᠷᠢᠬᠦ ᠭᠠᠵᠠᠷ᠂ ᠨᠡᠭᠦᠳᠡᠯᠯᠡᠨ ᠠᠮᠠᠷᠠᠬᠤ ᠭᠠᠵᠠᠷ᠎ᠤᠨ ᠬᠠᠮᠠᠭ᠋ᠠᠯᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠲᠣᠣᠷ ᠲᠠᠲᠠᠬᠤ ᠮᠠᠶᠢᠭ᠎ᠤᠨ ᠵᠢᠭᠰᠠᠭ᠋ᠠᠨ ᠪᠠᠶ᠋ᠢᠴᠠᠭ᠋ᠠᠬᠤ ᠵᠢ ᠲᠥᠪᠯᠡᠷᠡᠭᠦᠯᠦᠨ ᠥᠷᠨᠢᠭᠦᠯᠵᠦ᠂ ᠲᠣᠭᠤᠷᠢᠨ ᠬᠠᠮᠠᠭ᠋ᠠᠯᠠᠬᠤ ᠵᠠᠮ ᠱᠤᠭᠤᠮ᠎ᠢ ᠨᠢᠭᠲᠠ ᠬᠢᠨᠠᠨ ᠬᠡᠮᠵᠢᠵᠦ᠂ ᠠᠪᠠ ᠵᠢᠨ ᠳᠤᠭᠲᠤᠢ᠂ ᠠᠪᠠ ᠵᠢᠨ ᠬᠠᠪᠴᠢᠭᠤᠷ᠂ ᠰᠢᠪᠠᠭᠤ ᠠᠩᠨᠠᠬᠤ ᠲᠣᠣᠷ᠂ ᠭᠠᠵᠠᠷ ᠳᠡᠭᠡᠷᠡᠬᠢ ᠫᠤᠤ᠂ ᠭᠠᠯ ᠫᠤᠤ ᠵᠡᠷᠭᠡ ᠬᠠᠤᠯᠢ ᠪᠤᠰᠤ᠎ᠪᠠᠷ ᠠᠩᠨᠠᠬᠤ ᠡᠯ᠎ᠡ ᠲᠦᠷᠦᠯ᠎ᠤᠨ ᠪᠠᠭ᠋ᠠᠵᠢ ᠬᠡᠷᠡᠭᠰᠡᠯ᠎ᠢ ᠲᠤᠶ᠋ᠢᠯᠪᠤᠷᠢᠲᠠᠢ ᠴᠡᠪᠡᠷᠯᠡᠵᠦ᠂ ᠬᠡᠭᠡᠷ᠎ᠡ ᠵᠢᠨ ᠠᠮᠢᠲᠠᠨ᠎ᠢ ᠠᠩᠨᠠᠬᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠡᠬᠢ ᠡᠭᠦᠰᠦᠯ᠎ᠠᠴᠠ᠎ᠨᠢ ᠰᠡᠷᠭᠡᠶ᠋ᠢᠯᠡᠨ ᠴᠣᠬᠢᠯᠲᠠ ᠥᠭᠭᠦᠨ᠎ᠡ᠃
ᠬᠤᠶᠠᠷ᠎ᠲᠤ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠬᠤ ᠵᠢ ᠴᠢᠩᠭ᠋ᠠᠳᠬᠠᠵᠤ᠂ ᠬᠢᠵᠢᠭ᠎ᠤᠨ ᠡᠭᠦᠰᠦᠯ᠎ᠤᠨ ᠬᠢᠵᠢᠭ ᠡᠪᠡᠳᠴᠢᠨ᠎ᠢ ᠬᠢᠨᠠᠨ ᠬᠡᠮᠵᠢᠵᠦ ᠰᠡᠷᠭᠡᠶ᠋ᠢᠯᠡᠨ ᠡᠵᠡᠮᠳᠡᠬᠦ ᠠᠵᠢᠯ᠎ᠢ ᠰᠠᠶ᠋ᠢᠲᠤᠷ ᠬᠢᠨ᠎ᠡ᠃ ᠨᠡᠭᠦᠳᠡᠯ᠎ᠤᠨ ᠰᠢᠪᠠᠭᠤ ᠵᠡᠷᠭᠡ ᠬᠡᠭᠡᠷ᠎ᠡ ᠵᠢᠨ ᠠᠮᠢᠲᠠᠨ᠎ᠤ ᠬᠢᠵᠢᠭ᠎ᠠᠴᠠ ᠢᠷᠡᠯᠲᠡ᠎ᠲᠠᠢ ᠬᠢᠵᠢᠭ ᠡᠪᠡᠳᠴᠢᠨ᠎ᠢ ᠬᠢᠨᠠᠨ ᠬᠡᠮᠵᠢᠵᠦ ᠰᠡᠷᠭᠡᠶ᠋ᠢᠯᠡᠨ ᠡᠵᠡᠮᠳᠡᠬᠦ ᠠᠵᠢᠯ᠎ᠢ ᠢᠳᠡᠪᠬᠢᠲᠡᠢ ᠰᠠᠶ᠋ᠢᠲᠤᠷ ᠬᠢᠵᠦ᠂ ᠵᠢᠭᠦᠷᠲᠡᠨ᠎ᠤ ᠬᠠᠯᠳᠠᠪᠤᠷᠢᠲᠤ ᠲᠠᠭᠰᠢᠭᠤᠷ᠎ᠤᠨ ᠬᠠᠯᠳᠠᠪᠤᠷᠢᠯᠠᠬᠤ ᠳᠠᠯᠳᠠ ᠲᠦᠭᠰᠢᠭᠦᠷᠢ ᠵᠢ ᠰᠢᠨᠵᠢᠯᠡᠬᠦ ᠤᠬᠠᠭ᠋ᠠᠨᠴᠢ᠎ᠪᠠᠷ ᠠᠷᠭ᠋ᠠᠴᠠᠵᠤ᠂ ᠮᠡᠳᠡᠭᠡ ᠵᠠᠩᠭᠢ ᠵᠢ ᠮᠡᠳᠡᠭᠦᠯᠬᠦ ᠪᠠ ᠲᠣᠭᠤᠷᠢᠨ ᠬᠠᠮᠠᠭ᠋ᠠᠯᠠᠬᠤ ᠵᠢᠵᠢᠭᠦᠷᠯᠡᠨ ᠰᠠᠬᠢᠬᠤ ᠵᠡᠷᠭᠡ ᠡᠳᠦᠷ ᠲᠤᠲᠤᠮ᠎ᠤᠨ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠬᠠᠮᠤᠭ᠎ᠤᠨ ᠲᠡᠷᠢᠭᠦᠨ᠎ᠳᠤ ᠢᠯᠡᠷᠡᠭᠦᠯᠵᠦ᠂ ᠬᠠᠮᠤᠭ᠎ᠤᠨ ᠲᠡᠷᠢᠭᠦᠨ᠎ᠳᠤ ᠮᠡᠳᠡᠭᠦᠯᠵᠦ᠂ ᠬᠠᠮᠤᠭ᠎ᠤᠨ ᠲᠡᠷᠢᠭᠦᠨ᠎ᠳᠤ ᠰᠢᠢ᠍ᠳᠪᠦᠷᠢᠯᠡᠬᠦ ᠵᠢ ᠦᠨᠡᠨᠬᠦ ᠪᠠᠲᠤᠯᠠᠬᠤ ᠬᠡᠷᠡᠭᠲᠡᠢ᠃
ᠭᠤᠷᠪᠠ᠎ᠳᠤ᠂ ᠬᠥᠳᠡᠯᠦᠩᠭᠦᠢ ᠬᠢᠨᠠᠨ ᠬᠡᠮᠵᠢᠯᠲᠡ ᠵᠢ ᠴᠢᠩᠭ᠋ᠠᠳᠬᠠᠵᠤ᠂ ᠬᠤᠷᠢᠶᠠᠨ ᠠᠪᠴᠤ ᠠᠪᠤᠷᠠᠨ ᠲᠤᠰᠠᠯᠠᠬᠤ ᠵᠢ ᠵᠢᠷᠤᠮᠵᠢᠭᠤᠯᠤᠨ᠎ᠠ᠃ ᠨᠡᠭᠦᠳᠡᠯ᠎ᠤᠨ ᠰᠢᠪᠠᠭᠤ ᠵᠡᠷᠭᠡ ᠬᠡᠭᠡᠷ᠎ᠡ ᠵᠢᠨ ᠠᠮᠢᠲᠠᠨ᠎ᠢ ᠬᠤᠷᠢᠶᠠᠨ ᠠᠪᠴᠤ ᠠᠪᠤᠷᠠᠨ ᠲᠤᠰᠠᠯᠠᠬᠤ ᠠᠵᠢᠯ᠎ᠢ ᠬᠠᠤᠯᠢ ᠲᠣᠭᠲᠠᠭ᠋ᠠᠯ ᠶᠣᠰᠣᠭ᠋ᠠᠷ ᠥᠷᠨᠢᠭᠦᠯᠵᠦ᠂ ᠰᠢᠷᠬᠠᠲᠤᠭᠰᠠᠨ᠎ᠠᠴᠠ ᠪᠣᠯᠤᠭᠰᠠᠨ᠂ ᠬᠦᠴᠢᠷᠳᠡᠯ᠎ᠳᠤ ᠤᠴᠠᠷᠠᠭᠰᠠᠨ᠂ ᠡᠪᠡᠳᠴᠢᠨ ᠵᠶ᠋ᠠᠷ ᠪᠠᠭᠤᠷᠠᠢ ᠰᠢᠪᠠᠭᠤᠨ᠎ᠤ ᠲᠥᠷᠥᠯ ᠵᠢᠴᠢ ᠬᠡᠭᠡᠷ᠎ᠡ ᠵᠢᠨ ᠠᠮᠢᠲᠠᠨ᠎ᠢ ᠴᠠᠭ ᠲᠤᠬᠠᠢᠳᠤᠨᠢ ᠠᠪᠤᠷᠠᠨ ᠲᠤᠰᠠᠯᠠᠬᠤ ᠪᠠ ᠲᠠᠯᠪᠢᠵᠤ ᠶᠠᠪᠤᠭᠤᠯᠤᠨ᠎ᠠ᠃ ᠨᠡᠭᠦᠳᠡᠯ᠎ᠤᠨ ᠰᠢᠪᠠᠭᠤ ᠵᠢᠨ ᠨᠡᠭᠦᠳᠡᠯᠯᠡᠵᠦ ᠠᠮᠠᠷᠠᠬᠤ ᠭᠠᠵᠠᠷ ᠵᠢᠴᠢ ᠡᠪᠦᠯᠵᠢᠬᠦ ᠭᠠᠵᠠᠷ᠎ᠲᠤ ᠳᠤᠷ᠎ᠠ᠎ᠪᠠᠷ ᠵᠶ᠋ᠠᠨ ᠢᠳᠡᠰᠢᠯᠡᠬᠦ ᠵᠢ ᠴᠠᠭ᠋ᠠᠵᠠᠯᠠᠵᠤ᠂ ᠵᠣᠷᠢᠭᠤᠳᠠ ᠵᠢᠨ ᠰᠢᠯᠲᠠᠭ᠋ᠠᠨ᠎ᠠᠴᠠ ᠪᠣᠯᠵᠤ ᠨᠡᠭᠦᠳᠡᠯ᠎ᠤᠨ ᠰᠢᠪᠠᠭᠤ ᠵᠢᠨ ᠰᠠᠭ᠋ᠠᠲᠠᠬᠤ ᠪᠤᠶᠤ ᠨᠡᠭᠦᠳᠡᠯᠯᠡᠬᠦ ᠵᠢ ᠬᠤᠶ᠋ᠢᠰᠢᠯᠠᠭᠤᠯᠬᠤ᠎ᠠᠴᠠ ᠵᠠᠶ᠋ᠢᠯᠠᠰᠬᠢᠬᠦ ᠬᠡᠷᠡᠭᠲᠡᠢ᠃ ᠴᠢᠭᠢᠭᠯᠢᠭ ᠭᠠᠵᠠᠷ ᠪᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠲᠤ ᠳᠤᠷ᠎ᠠ᠎ᠪᠠᠷ ᠵᠶ᠋ᠠᠨ ᠣᠷᠣᠵᠤ ᠰᠢᠪᠠᠭᠤ ᠵᠢ ᠦᠵᠡᠬᠦ ᠪᠠ ᠰᠢᠪᠠᠭᠤ ᠵᠢ ᠠᠯᠠᠭ᠋ᠠᠳᠠᠬᠤ ᠵᠢ ᠴᠠᠭ᠋ᠠᠵᠠᠯᠠᠨ᠎ᠠ᠂ ᠰᠢᠪᠠᠭᠤᠨ᠎ᠤ ᠰᠦᠷᠦᠭ᠎ᠢ ᠬᠥᠭᠡᠭᠡᠵᠦ᠂ ᠨᠡᠭᠦᠳᠡᠯ᠎ᠤᠨ ᠰᠢᠪᠠᠭᠤ ᠵᠢᠨ ᠨᠡᠭᠦᠳᠡᠯᠯᠡᠬᠦ ᠵᠢ ᠬᠠᠷᠰᠢᠯᠠᠬᠤ ᠵᠢ ᠴᠠᠭ᠋ᠠᠵᠠᠯᠠᠨ᠎ᠠ᠃
ᠲᠠᠷᠠᠭ᠋ᠠᠴᠢ ᠵᠢᠨ ᠠᠯᠬᠤᠮ᠎ᠳᠤ᠂ ᠬᠤᠰᠢᠭᠤᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠡᠭᠡᠷ᠎ᠡ ᠵᠢᠨ ᠠᠮᠢᠲᠠᠨ᠎ᠢ ᠬᠢᠨᠠᠨ ᠬᠡᠮᠵᠢᠵᠦ ᠲᠣᠭᠤᠷᠢᠨ ᠬᠠᠮᠠᠭ᠋ᠠᠯᠠᠬᠤ ᠠᠵᠢᠯ᠎ᠢ ᠦᠷᠭᠦᠯᠵᠢᠯᠡᠨ ᠴᠢᠩᠭ᠋ᠠᠳᠬᠠᠵᠤ᠂ ᠬᠡᠭᠡᠷ᠎ᠡ ᠵᠢᠨ ᠠᠮᠢᠲᠠᠨ᠎ᠤ ᠠᠵᠢᠯᠯᠠᠭ᠋ᠠᠨ᠎ᠤ ᠵᠢᠮ᠎ᠡ ᠶᠣᠰᠣ ᠵᠢ ᠡᠵᠡᠮᠰᠢᠨ᠂ ᠠᠮᠢ ᠠᠬᠤᠢ ᠵᠢᠨ ᠠᠮᠤᠷ ᠲᠦᠪᠰᠢᠨ᠎ᠢ ᠬᠠᠮᠠᠭ᠋ᠠᠯᠠᠵᠤ᠂ ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ᠎ᠢ ᠬᠠᠮᠠᠭ᠋ᠠᠯᠠᠨ᠎ᠠ᠃