ᠠᠯᠠᠱ᠌ᠠ ᠠᠶ᠋ᠢᠮᠠᠭ᠎ᠤᠨ ᠥᠪᠥᠷ ᠮᠣᠩᠭᠣᠯ᠎ᠤᠨ ᠪᠠᠷᠠᠭᠤᠨ ᠬᠡᠰᠡᠭ᠎ᠤᠨ ᠴᠦᠯᠯᠡᠷᠭᠡᠭᠵᠢᠯ᠎ᠢ ᠶᠡᠷᠦᠩᠬᠡᠶ᠋ᠢᠯᠡᠨ ᠵᠠᠰᠠᠬᠤ ᠲᠦᠷᠦᠯ ᠵᠦᠢ᠍ᠯ (ᠨᠢᠭᠡᠳᠦᠭᠡᠷ ᠬᠤᠭᠤᠴᠠᠭ᠎ᠠ)᠎ᠤᠨ ᠡᠵᠡᠨ᠎ᠡ ᠬᠣᠰᠢᠭᠤ ᠵᠢᠨ 2022、2023 ᠣᠨ᠎ᠤ ᠲᠠᠴᠢᠷᠳᠠᠭᠰᠠᠨ ᠨᠤᠲᠤᠭ ᠪᠡᠯᠴᠢᠭᠡᠷ᠎ᠢ ᠰᠡᠷᠭᠦᠭᠡᠨ ᠵᠠᠰᠠᠬᠤ ᠢᠨᠵᠧᠨᠧᠷᠢᠩ ᠪᠣᠯ 《ᠤᠮᠠᠷᠠᠲᠤ ᠵᠢᠨ ᠭᠤᠷᠪᠠᠨ ᠤᠷᠤᠨ᠎ᠤ ᠵᠢᠷᠭᠤᠳᠤᠭ᠋ᠠᠷ ᠬᠤᠭᠤᠴᠠᠭ᠎ᠠ》 ᠵᠢᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠨᠢᠭᠡᠨ ᠬᠤᠪᠢᠶᠠᠷᠢ ᠲᠦᠷᠦᠯ ᠵᠦᠢ᠍ᠯ ᠪᠣᠯᠤᠨ᠎ᠠ᠂ ᠪᠦᠬᠦ ᠬᠣᠰᠢᠭᠤᠨ᠎ᠤ ᠪᠠᠶ᠋ᠢᠭ᠋ᠠᠯᠢ ᠵᠢᠨ ᠨᠤᠲᠤᠭ ᠪᠡᠯᠴᠢᠭᠡᠷ᠎ᠢ ᠰᠡᠷᠭᠦᠭᠡᠨ ᠵᠠᠰᠠᠬᠤ᠂ ᠡᠯᠡᠰᠦᠷᠬᠡᠭᠵᠢᠯ᠎ᠤᠨ ᠠᠬᠢᠴᠠ ᠵᠢ ᠬᠣᠷᠢᠭᠯᠠᠬᠤ᠎ᠳᠤ ᠮᠠᠰᠢ ᠴᠢᠬᠤᠯᠠ ᠦᠢ᠍ᠯᠡᠳᠦᠯ᠎ᠲᠠᠢ ᠶᠤᠮ᠃
ᠠᠯᠠᠱ᠌ᠠ ᠠᠶ᠋ᠢᠮᠠᠭ᠎ᠤᠨ ᠥᠪᠥᠷ ᠮᠣᠩᠭᠣᠯ᠎ᠤᠨ ᠪᠠᠷᠠᠭᠤᠨ ᠬᠡᠰᠡᠭ᠎ᠤᠨ ᠴᠦᠯᠯᠡᠷᠭᠡᠭᠵᠢᠯ᠎ᠢ ᠶᠡᠷᠦᠩᠬᠡᠶ᠋ᠢᠯᠡᠨ ᠵᠠᠰᠠᠬᠤ ᠲᠥᠷᠥᠯ ᠵᠦᠢ᠍ᠯ (ᠨᠢᠭᠡᠳᠦᠭᠡᠷ ᠬᠤᠭᠤᠴᠠᠭ᠎ᠠ)᠎ᠤᠨ ᠡᠵᠡᠨ᠎ᠡ ᠬᠣᠰᠢᠭᠤ ᠵᠢᠨ 2022 、2023 ᠣᠨ᠎ᠤ ᠲᠠᠴᠢᠷᠳᠠᠭᠰᠠᠨ ᠨᠤᠲᠤᠭ ᠪᠡᠯᠴᠢᠭᠡᠷ᠎ᠢ ᠰᠡᠷᠭᠦᠭᠡᠬᠦ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠶᠡᠷᠦᠩᠬᠡᠶ ᠲᠠᠯᠠᠪᠠᠶ᠎ᠨᠢ 39.4 ᠲᠦᠮᠡᠨ ᠮᠥ᠍ ᠪᠣᠯᠤᠨ᠎ᠠ᠃ ᠡᠭᠦᠨ᠎ᠳᠤ᠄ ᠲᠤᠤᠷ ᠬᠡᠷᠡᠰᠭᠡ᠎ᠪᠠᠷ ᠪᠢᠲᠡᠭᠦᠮᠵᠢᠯᠡᠬᠦ ᠲᠠᠯᠠᠪᠠᠢ 35.4 ᠲᠦᠮᠡᠨ ᠮᠥ᠍ (ᠵᠠᠮ ᠱᠤᠭᠤᠮ᠎ᠤᠨ ᠶᠡᠷᠦᠩᠬᠡᠶ ᠣᠷᠳᠣᠨ᠎ᠢ 38 ᠲᠦᠮᠡᠨ ᠮᠧᠲᠷ)᠂ ᠬᠥᠮᠦᠨ᠎ᠤ ᠬᠦᠴᠦ᠎ᠪᠠᠷ ᠡᠪᠡᠰᠦ ᠳᠠᠷᠢᠬᠤ (ᠵᠠᠭ ᠮᠣᠳᠣ ᠳᠠᠷᠢᠬᠤ) ᠲᠠᠯᠠᠪᠠᠢ 4 ᠲᠦᠮᠡᠨ ᠮᠥ᠍ ᠪᠤᠯᠤᠨ᠎ᠠ᠃ ᠲᠣᠰ ᠲᠥᠷᠥᠯ ᠵᠦᠢ᠍ᠯ᠎ᠢ 2022 ᠣᠨ᠎ᠤ 11 ᠰᠠᠷ᠎ᠠ᠎ᠳᠤ ᠡᠬᠢᠯᠡᠭᠦᠯᠵᠦ᠂ 2023 ᠣᠨ᠎ᠤ 11 ᠰᠠᠷ᠎ᠠ ᠵᠢᠨ 10᠎ᠤ ᠡᠳᠦᠷ ᠪᠠᠷᠢᠯᠭ᠎ᠠ ᠳᠠᠭᠤᠰᠬᠠᠵᠤ᠂ ᠨᠡᠶ᠋ᠢᠲᠡ 2010.25 ᠲᠦᠮᠡᠨ ᠲᠥᠭᠥᠷᠢᠭ᠎ᠤᠨ ᠪᠠᠯᠠ ᠣᠷᠣᠭᠤᠯᠪᠠ᠃
ᠠᠯᠠᠱ᠌ᠠ ᠠᠶ᠋ᠢᠮᠠᠭ᠎ᠤᠨ ᠥᠪᠥᠷ ᠮᠣᠩᠭᠣᠯ᠎ᠤᠨ ᠪᠠᠷᠠᠭᠤᠨ ᠬᠡᠰᠡᠭ᠎ᠤᠨ ᠴᠦᠯᠯᠡᠷᠭᠡᠭᠵᠢᠯ᠎ᠢ ᠶᠡᠷᠦᠩᠬᠡᠶ᠋ᠢᠯᠡᠨ ᠵᠠᠰᠠᠬᠤ ᠲᠥᠷᠥᠯ ᠵᠦᠢ᠍ᠯ (ᠨᠢᠭᠡᠳᠦᠭᠡᠷ ᠬᠤᠭᠤᠴᠠᠭ᠎ᠠ)᠎ᠤᠨ ᠡᠵᠡᠨ᠎ᠡ ᠬᠣᠰᠢᠭᠤ ᠵᠢᠨ 2022、2023 ᠣᠨ᠎ᠤ ᠲᠠᠴᠢᠷᠳᠠᠭᠰᠠᠨ ᠨᠤᠲᠤᠭ ᠪᠡᠯᠴᠢᠭᠡᠷ᠎ᠢ ᠵᠠᠰᠠᠨ ᠰᠡᠷᠭᠦᠭᠡᠬᠦ ᠢᠨᠵᠧᠨᠧᠷᠢᠩ᠎ᠢ ᠲᠡᠭᠦᠰ ᠠᠮᠵᠢᠯᠲᠠ᠎ᠲᠠᠢ ᠪᠡᠶᠡᠯᠡᠭᠦᠯᠦᠭᠰᠡᠨ᠎ᠨᠢ 《ᠤᠮᠠᠷᠠᠲᠤ ᠵᠢᠨ ᠭᠤᠷᠪᠠᠨ ᠤᠷᠤᠨ᠎ᠤ ᠵᠢᠷᠭᠤᠳᠤᠭ᠋ᠠᠷ ᠬᠤᠭᠤᠴᠠᠭ᠎ᠠ》 ᠵᠢᠨ 2023 ᠣᠨ᠎ᠤ ᠪᠣᠶ ᠪᠥᠬᠥᠶ ᠬᠤᠪᠢᠶᠠᠷᠢ ᠲᠥᠷᠥᠯ ᠵᠦᠢ᠍ᠯ᠎ᠢ ᠪᠦᠬᠦᠨ᠎ᠢ ᠪᠡᠶᠡᠯᠡᠭᠦᠯᠦᠭᠰᠡᠨ᠎ᠢ ᠬᠠᠷᠠᠭᠤᠯᠵᠤ ᠪᠣᠶ᠃ 39.4 ᠲᠦᠮᠡᠨ ᠮᠥ᠍ ᠴᠦᠯᠯᠡᠷᠬᠡᠭᠵᠢᠭᠰᠡᠨ ᠭᠠᠵᠠᠷ ᠰᠢᠷᠣᠶ ᠵᠢ ᠪᠦᠲᠦᠮᠵᠢᠲᠡᠶ ᠵᠠᠰᠠᠵᠤ᠂ ᠥᠪᠥᠷ ᠮᠣᠩᠭᠣᠯ᠎ᠤᠨ ᠥᠨᠳᠥᠷᠯᠢᠭ ᠵᠢᠴᠢ 《ᠤᠮᠠᠷᠠᠲᠤ ᠵᠢᠨ ᠡᠯᠡᠰᠦ ᠵᠢ ᠰᠡᠷᠭᠡᠶ᠋ᠢᠯᠡᠬᠦ ᠪᠦᠰᠡ》 ᠵᠢᠨ ᠠᠮᠤᠷ ᠲᠦᠪᠰᠢᠨ᠎ᠤ ᠬᠠᠯᠬᠠᠪᠴᠢ ᠵᠢᠨ ᠰᠢᠰᠲ᠋ᠧᠮ᠎ᠢ ᠶᠠᠭ ᠪᠦᠲᠦᠭᠡᠨ ᠪᠠᠶ᠋ᠢᠭᠤᠯᠵᠤ ᠪᠣᠶ᠃