11 ᠰᠠᠷ᠎ᠠ ᠵᠢᠨ 21᠎ᠤ ᠦᠳᠡ ᠵᠢᠨ ᠬᠣᠢ᠌ᠨ᠎ᠠ᠂ ᠠᠷᠤ ᠬᠤᠷᠴᠢᠨ ᠬᠣᠰᠢᠭᠤ ᠪᠦᠬᠦ ᠬᠣᠰᠢᠭᠤᠨ᠎ᠤ ᠭᠣᠣᠯ ᠮᠦᠷᠡᠨ ᠨᠠᠭᠤᠷ ᠴᠦᠭᠦᠷᠦᠮ᠎ᠤᠨ ᠳᠠᠷᠤᠭ᠎ᠠ ᠵᠢᠨ ᠳᠦᠷᠢᠮ᠎ᠤᠨ ᠠᠵᠢᠯ ᠵᠢᠴᠢ ᠬᠠᠤᠯᠢ ᠪᠤᠰᠤ᠎ᠪᠠᠷ ᠭᠣᠣᠯ᠎ᠤᠨ ᠬᠡᠪᠡᠯᠢ ᠵᠢ ᠪᠦᠭᠯᠡᠭᠰᠡᠨ ᠠᠰᠠᠭᠤᠳᠠᠯ᠎ᠢ ᠴᠡᠩᠴᠡᠯᠡᠨ ᠵᠠᠰᠠᠬᠤ ᠠᠵᠢᠯ᠎ᠤᠨ ᠬᠤᠷᠠᠯ ᠬᠤᠷᠠᠯᠳᠤᠭᠤᠯᠵᠤ᠂ ᠬᠣᠰᠢᠭᠤᠨ ᠨᠠᠮ ᠤᠨ ᠬᠣᠷᠢᠶᠠᠨ᠎ᠤ ᠳᠡᠳ᠋ ᠱᠦᠵᠢ᠂ ᠬᠣᠰᠢᠭᠤᠨ ᠳᠠᠷᠤᠭ᠎ᠠ᠂ᠭᠣᠣᠯ ᠮᠦᠷᠡᠨ ᠨᠠᠭᠤᠷ ᠴᠦᠬᠦᠷᠦᠮ᠎ᠤᠨ ᠬᠣᠰᠢᠭᠤᠨ ᠲᠠᠰ᠎ᠤᠨ ᠳᠡᠳ᠋ ᠶᠡᠷᠦᠩᠬᠡᠢ ᠳᠠᠷᠤᠭ᠎ᠠ ᠴᠸᠨ ᠬᠤ᠌ ᠨᠠᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠬᠣᠰᠢᠭᠤᠨ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ᠂ ᠪᠠᠢ᠌ᠩᠭᠤ ᠵᠢᠨ ᠬᠣᠰᠢᠭᠤᠨ ᠳᠡᠳ᠋ ᠳᠠᠷᠤᠭ᠎ᠠ᠂ ᠭᠤᠤᠯ ᠮᠦᠷᠡᠨ ᠨᠠᠭᠤᠷ ᠴᠦᠬᠦᠷᠦᠮ᠎ᠤᠨ ᠬᠤᠰᠢᠭᠤᠨ ᠳᠡᠰ᠎ᠤᠨ ᠳᠠᠷᠤᠭ᠎ᠠ ᠵᠢᠶᠠ ᡁᠢ ᠬᠤᠩ᠂ ᠬᠣᠰᠢᠭᠤᠨ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ᠂ ᠬᠤᠰᠢᠭᠤᠨ ᠳᠡᠳ᠋ ᠳᠠᠷᠤᠭ᠎ᠠ᠂ ᠭᠤᠤᠯ ᠮᠦᠷᠡᠨ ᠨᠠᠭᠤᠷ ᠴᠦᠬᠦᠷᠦᠮ᠎ᠤᠨ ᠬᠤᠰᠢᠭᠤᠨ ᠳᠡᠰ᠎ᠤᠨ ᠳᠠᠷᠤᠭ᠎ᠠ ᠲᠡᠮᠦᠷ᠎ᠡ᠂ ᠬᠣᠰᠢᠭᠤᠨ ᠳᠡᠳ᠋ ᠳᠠᠷᠤᠭ᠎ᠠ᠂ ᠭᠤᠤᠯ ᠮᠦᠷᠡᠨ ᠨᠠᠭᠤᠷ ᠴᠦᠬᠦᠷᠦᠮ᠎ᠤᠨ ᠬᠤᠰᠢᠭᠤᠨ ᠳᠡᠰ᠎ᠤᠨ ᠳᠠᠷᠤᠭ᠎ᠠ ᠬᠠᠨ ᠵᠢᠶᠸ᠂ ᠬᠣᠰᠢᠭᠤᠨ ᠳᠡᠳ᠋ ᠳᠠᠷᠤᠭ᠎ᠠ᠂ ᠭᠤᠤᠯ ᠮᠦᠷᠡᠨ ᠨᠠᠭᠤᠷ ᠴᠦᠬᠦᠷᠦᠮ᠎ᠤᠨ ᠬᠤᠰᠢᠭᠤᠨ ᠳᠡᠰ᠎ᠤᠨ ᠳᠠᠷᠤᠭ᠎ᠠ ᠶᠠᠠ ᠰᠢᠦᠸᠠᠢ ᠲᠣᠣ ᠬᠤᠷᠠᠯ᠎ᠳᠤ ᠣᠷᠣᠯᠴᠠᠪᠠ᠃
ᠬᠣᠰᠢᠭᠤᠨ ᠨᠠᠮ᠎ᠤᠨ ᠬᠣᠷᠢᠶᠠᠨ᠎ᠤ ᠳᠡᠳ᠋ ᠱᠦᠵᠢ᠂ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶᠠᠨ᠎ᠤ ᠱᠦᠵᠢ᠂ ᠭᠤᠤᠯ ᠮᠦᠷᠡᠨ ᠨᠠᠭᠤᠷ ᠴᠦᠬᠦᠷᠦᠮ᠎ᠤᠨ ᠬᠤᠰᠢᠭᠤᠨ ᠳᠡᠰ᠎ᠤᠨ ᠳᠠᠷᠤᠭ᠎ᠠ ᠴᠢ ᠰᠢᠨ ᠮᠢᠶᠣᠤ ᠬᠤᠷᠠᠯ ᠡᠷᠬᠢᠯᠡᠪᠡ᠃
ᠬᠤᠷᠠᠯ ᠳᠡᠭᠡᠷ᠎ᠡ᠂ ᠲᠡᠮᠦᠷ᠎ᠡ ᠰᠢᠷᠠᠮᠦ᠋ᠷᠡᠨ ᠭᠣᠣᠯ᠎ᠳᠤ ᠬᠠᠰᠢᠯᠭ᠎ᠠ ᠪᠠᠷᠢᠭᠰᠠᠨ ᠵᠢᠴᠢ ᠭᠣᠣᠯ᠎ᠤᠨ ᠬᠠᠰᠢᠯᠭ᠎ᠠ ᠵᠢᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ᠎ᠢ ᠮᠡᠳᠡᠭᠳᠡᠪᠡ᠃ ᠱᠣᠣ ᠪᠠᠯᠭ᠋ᠠᠰᠤ᠂ ᠪᠠᠯᠴᠢᠷᠤᠳ ᠰᠤᠮᠤ᠂ ᠴᠢᠪᠠᠭ᠎ᠠ ᠪᠠᠯᠭ᠋ᠠᠰᠤ᠂ ᠪᠠᠶᠠᠬᠤᠸᠠ ᠪᠠᠯᠭ᠋ᠠᠰᠤ ᠭᠣᠣᠯ ᠮᠦᠷᠡᠨ ᠨᠠᠭᠤᠷ ᠴᠦᠬᠦᠷᠦᠮ᠎ᠤᠨ ᠳᠠᠷᠤᠭ᠎ᠠ ᠵᠢᠨ ᠳᠦᠷᠢᠮ᠎ᠤᠨ ᠠᠵᠢᠯ ᠵᠶ᠋ᠠᠨ ᠨᠠᠢ᠌ᠲᠠᠪᠤᠷᠢᠵᠢᠭᠤᠯᠤᠭᠰᠠᠨ ᠪᠠᠢ᠌ᠳᠠᠯ᠎ᠤᠨ ᠲᠤᠬᠠᠢ ᠦᠭᠡ ᠬᠡᠯᠡᠪᠡ᠃ ᠴᠸᠨ ᠬᠤ᠌ ᠨᠠᠨ᠂ ᠣᠢ᠌ᠷ᠎ᠠ ᠵᠢᠨ ᠵᠢᠯ᠎ᠠᠴᠠ᠂ ᠪᠥᠬᠥ ᠬᠣᠰᠢᠭᠤ᠎ᠪᠠᠷ ᠵᠶ᠋ᠠᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠡᠷᠡᠰ ᠲᠣᠭᠣᠰᠢᠯᠠᠭᠤᠯᠵᠤ᠂ ᠭᠣᠣᠯ ᠮᠦᠷᠡᠨ ᠨᠠᠭᠤᠷ ᠴᠦᠭᠦᠷᠦᠮ ᠤᠨ ᠳᠠᠷᠤᠭ᠎ᠠ ᠵᠢᠨ ᠳᠦᠷᠢᠮ᠎ᠢ ᠰᠢᠰᠲᠸᠮ᠎ᠲᠠᠢ ᠲᠦᠯᠦᠪᠵᠢᠭᠦᠯᠦᠨ ᠨᠠᠢ᠌ᠳᠠᠪᠤᠷᠢᠵᠢᠭᠤᠯᠵᠤ᠂ ᠡᠯ᠎ᠡ ᠰᠠᠪᠠ ᠭᠠᠵᠠᠷ᠎ᠤᠨ ᠭᠣᠣᠯ ᠮᠥᠷᠡᠨ᠎ᠤ ᠠᠮᠢ ᠠᠬᠤᠢ ᠣᠷᠴᠢᠨ ᠲᠣᠭᠣᠷᠢᠨ ᠢᠯᠡᠳᠲᠡ ᠰᠠᠢ᠌ᠵᠢᠷᠠᠪᠠ᠃ ᠭᠡᠪᠡᠴᠦ ᠡᠯ᠎ᠡ ᠱᠠᠲᠤᠨ᠎ᠤ ᠱᠠᠭ᠋ᠠᠷᠲᠠᠨ ᠪᠠᠢ᠌ᠴᠠᠭ᠋ᠠᠵᠤ ᠬᠠᠷᠢᠭᠤ ᠲᠤᠰᠬᠠᠭᠰᠠᠨ ᠪᠠᠢ᠌ᠳᠠᠯ᠎ᠠᠴᠠ ᠦᠵᠡᠪᠡᠯ᠂ ᠭᠣᠣᠯ᠎ᠤᠨ ᠬᠡᠪᠡᠯᠢ ᠵᠢ ᠬᠠᠤᠯᠢ ᠪᠤᠰᠤ ᠪᠠᠷ ᠪᠦᠭᠯᠡᠭᠰᠡᠨ᠂ ᠭᠣᠣᠯ ᠮᠦᠷᠡᠨ ᠨᠠᠭᠤᠷ ᠴᠦᠬᠦᠷᠦᠮ᠎ᠤᠨ ᠡᠷᠭᠢ ᠲᠠᠭ᠋ᠠᠤ ᠭᠠᠵᠠᠷ᠎ᠢ ᠳᠤᠷ᠎ᠠ᠎ᠪᠠᠷ ᠡᠵᠡᠯᠡᠭᠰᠡᠨ ᠵᠡᠷᠭᠡ ᠠᠰᠠᠭᠤᠳᠠᠯ ᠮᠥᠨ ᠬᠦ᠌ ᠣᠷᠣᠰᠢᠵᠤ ᠪᠠᠢ᠌ᠨ᠎ᠠ᠂ ᠡᠯ᠎ᠡ ᠱᠠᠲᠤᠨ᠎ᠤ ᠭᠣᠣᠯ ᠮᠦᠷᠡᠨ ᠨᠠᠭᠤᠷ ᠴᠦᠭᠦᠷᠦᠮ᠎ᠤᠨ ᠳᠠᠷᠤᠭ᠎ᠠ ᠪᠣᠯᠣᠨ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠡᠭᠦᠨ᠎ᠠᠴᠠ ᠰᠤᠷᠭ᠋ᠠᠮᠵᠢ ᠠᠪᠴᠤ᠂ ᠨᠢᠭᠡ᠎ᠠᠴᠠ ᠨᠥᠭᠥᠭᠡ ᠵᠢ ᠵᠦᠢ᠍ᠴᠢᠯᠡᠨ ᠮᠡᠳᠡᠵᠦ᠂ ᠬᠣᠰᠢᠭᠤᠨ᠎ᠤ ᠬᠡᠪᠴᠢᠶᠡᠨ᠎ᠳᠠᠬᠢ ᠭᠣᠣᠯ ᠮᠦᠷᠡᠨ ᠨᠠᠭᠤᠷ ᠴᠦᠭᠦᠷᠦᠮ᠎ᠳᠤ ᠨᠢᠭᠡ ᠤᠳᠠᠭ᠋ᠠᠨ᠎ᠤ ᠡᠪᠦᠯ᠎ᠤᠨ ᠤᠯᠠᠷᠢᠯ᠎ᠤᠨ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠭᠣᠣᠯ ᠮᠥᠷᠡᠨ᠎ᠢ ᠰᠠᠬᠢᠬᠤ ᠬᠠᠷᠢᠭᠤᠴᠠᠯᠭ᠎ᠠ᠎ᠲᠠᠢ᠂ ᠭᠣᠣᠯ ᠮᠥᠷᠡᠨ᠎ᠢ ᠴᠠᠭᠳᠠᠨ ᠲᠣᠭᠣᠷᠢᠬᠤ᠎ᠳᠤ ᠬᠦᠴᠦᠲᠡᠢ᠂ ᠭᠣᠣᠯ ᠮᠥᠷᠡᠨ᠎ᠢ ᠵᠠᠰᠠᠬᠤ ᠠᠷᠭ᠎ᠠ ᠪᠣᠳᠣᠯᠭ᠎ᠠ᠎ᠲᠠᠢ ᠪᠠᠢ᠌ᠬᠤ ᠵᠢ ᠦᠨᠡᠨ ᠬᠦ᠌ ᠪᠡᠶᠡᠯᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠬᠤ ᠵᠢᠨ ᠬᠠᠮᠲᠤ ᠬᠠᠷᠢᠭᠤᠴᠠᠯᠭ᠎ᠠ ᠵᠢᠨ ᠰᠢᠰᠲᠸᠮ᠎ᠤᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠵᠦ᠂ ᠡᠯ᠎ᠡ ᠱᠠᠲᠤᠨ᠎ᠤ ᠭᠣᠣᠯ ᠮᠦᠷᠡᠨ ᠨᠠᠭᠤᠷ ᠴᠦᠭᠦᠷᠦᠮ᠎ᠤᠨ ᠳᠠᠷᠤᠭ᠎ᠠ᠂ ᠭᠣᠣᠯ ᠮᠦᠷᠡᠨ ᠨᠠᠭᠤᠷ ᠴᠦᠭᠦᠷᠦᠮ᠎ᠤᠨ ᠳᠠᠷᠤᠭ᠎ᠠ ᠵᠢᠨ ᠳᠦᠷᠢᠮ᠎ᠤᠨ ᠬᠠᠷᠢᠭᠤᠴᠠᠯᠭ᠎ᠠ ᠵᠢᠨ ᠰᠠᠯᠠᠭ᠎ᠠ ᠮᠥᠴᠢᠷ᠂ ᠭᠣᠣᠯ ᠮᠦᠷᠡᠨ ᠨᠠᠭᠤᠷ ᠴᠦᠭᠦᠷᠦᠮ᠎ᠤᠨ ᠳᠠᠷᠤᠭ᠎ᠠ ᠵᠢᠨ ᠳᠦᠷᠢᠮ᠎ᠤᠨ ᠠᠯᠪᠠᠨ ᠭᠡᠷ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠨᠠᠢ᠍ᠢ᠌ᠳᠠᠪᠤᠷᠢᠵᠢᠭᠤᠯᠵᠤ᠂ ᠳᠠᠷᠤᠯᠲᠠ ᠵᠢ ᠪᠤᠳᠠᠲᠠᠢ ᠨᠠᠢ᠌ᠲᠠᠪᠤᠷᠢᠵᠢᠭᠤᠯᠬᠤ ᠬᠡᠷᠡᠭᠲᠡᠢ᠃ ᠱᠠᠭ᠋ᠠᠷᠲᠠᠨ ᠵᠢᠯᠤᠭᠤᠳᠬᠤ ᠰᠢᠰᠲᠸᠮ᠎ᠤᠨ ᠪᠠᠢ᠌ᠭᠤᠯᠤᠯᠲᠠ ᠵᠢ ᠬᠦᠨᠵᠡᠭᠡᠢ᠌ᠢ᠍ᠷᠡᠭᠦᠯᠵᠦ᠂ ᠱᠠᠭ᠋ᠠᠷᠲᠠᠨ ᠪᠠᠢ᠌ᠴᠠᠭ᠋ᠠᠵᠤ᠂ ᠮᠥᠷᠲᠡᠨ ᠳᠠᠭ᠋ᠠᠵᠤ ᠭᠦᠢ᠍ᠴᠡᠳᠬᠡᠬᠦ᠂ ᠲᠣᠭᠲᠠᠮᠠᠯ ᠬᠤᠭᠤᠴᠠᠭ᠎ᠠ ᠲᠠᠢ᠎ᠪᠠᠷ ᠮᠡᠳᠡᠭᠡᠯᠡᠬᠦ ᠲᠣᠭᠳᠠᠴᠠ ᠵᠢ ᠲᠡᠭᠦᠯᠳᠡᠷᠵᠢᠭᠦᠯᠦᠨ᠂ ᠠᠰᠠᠭᠤᠳᠠᠯ᠎ᠢ ᠱᠠᠭ᠋ᠠᠷᠲᠠᠨ ᠭᠦᠢ᠍ᠴᠡᠳᠬᠡᠬᠦ ᠵᠢ ᠪᠤᠲᠠᠲᠠᠢ᠌ᠵᠢᠭᠤᠯᠬᠤ ᠬᠡᠷᠡᠭᠲᠡᠢ᠃ ᠬᠠᠤᠯᠢ ᠬᠡᠷᠡᠭᠵᠢᠭᠦᠯᠬᠦ ᠰᠢᠰᠲᠸᠮ᠎ᠤᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠵᠦ᠂ ᠥᠨᠳᠥᠷ ᠳᠠᠷᠤᠯᠲᠠᠲᠤ ᠴᠢᠩᠭ᠎ᠠ ᠴᠣᠬᠢᠯᠲᠠ ᠥᠭᠬᠦ ᠬᠢᠨᠠᠯᠲᠠ ᠬᠠᠮᠢᠶᠠᠷᠤᠯᠲᠠ ᠵᠢᠨ ᠪᠠᠢ᠌ᠳᠠᠯ᠎ᠢ ᠪᠤᠢ ᠪᠣᠯᠭ᠋ᠠᠵᠤ᠂ 《ᠡᠷᠡᠭᠦᠦ ᠰᠢᠢ᠍ᠳᠬᠡᠯ᠎ᠢ ᠵᠤᠯᠭ᠋ᠠᠯᠳᠤᠭᠤᠯᠬᠤ》 ᠵᠢ ᠠᠬᠢᠭᠤᠯᠵᠤ᠂ ᠴᠢᠩᠭ᠎ᠠ ᠬᠠᠮᠢᠶᠠᠷᠬᠤ ᠵᠢ ᠲᠣᠭᠣᠰᠢᠯᠠᠭᠤᠯᠬᠤ ᠬᠡᠷᠡᠭᠲᠡᠢ᠃ ᠤᠬᠠᠭᠤᠯᠭ᠎ᠠ ᠵᠢᠨ ᠰᠢᠰᠲᠸᠮ᠎ᠤᠨ ᠪᠠᠢ᠌ᠭᠤᠯᠤᠯᠲᠠ ᠵᠢ ᠬᠦᠨᠵᠡᠬᠡᠢ᠌ᠷᠡᠭᠦᠯᠵᠦ᠂ ᠭᠣᠣᠯ ᠮᠦᠷᠡᠨ ᠨᠠᠭᠤᠷ ᠴᠦᠭᠦᠷᠦᠮ᠎ᠤᠨ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢ ᠤᠬᠠᠭᠤᠯᠤᠨ ᠰᠤᠷᠳᠠᠯᠴᠢᠯᠠᠬᠤ ᠡᠷᠴᠢᠮ ᠵᠶ᠋ᠡᠨ ᠴᠢᠩᠭ᠋ᠠᠷᠠᠭᠤᠯᠤᠨ᠂ ᠦᠵᠡᠯ ᠰᠠᠨᠠᠭ᠎ᠠ ᠵᠢ ᠪᠤᠳᠠᠲᠠᠢ᠎ᠳᠤ ᠨᠠᠢ᠌ᠳᠠᠪᠤᠷᠢᠵᠢᠭᠤᠯᠵᠤ᠂ ᠪᠥᠬᠥ ᠠᠷᠠᠳ ᠵᠶ᠋ᠠᠷ ᠵᠶ᠋ᠠᠨ ᠭᠣᠣᠯ ᠮᠥᠷᠡᠨ᠎ᠢ ᠬᠠᠢ᠌ᠷᠠᠯᠠᠨ ᠬᠠᠮᠠᠭ᠋ᠠᠯᠠᠵᠤ᠂ ᠭᠣᠣᠯ ᠮᠥᠷᠡᠨ᠎ᠢ ᠡᠷᠬᠢᠮᠯᠡᠨ ᠨᠠᠢ᠍ᠲᠢᠩᠨᠠᠬᠤ ᠭᠦᠨ ᠵᠤᠵᠠᠭ᠋ᠠᠨ ᠠᠭᠤᠷ ᠠᠮᠢᠰᠬᠤᠯ ᠢ ᠪᠤᠢ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠵᠠᠢ᠃ ᠬᠣᠰᠢᠭᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠡᠯ᠎ᠡ ᠰᠣᠮᠣ ᠰᠢᠶᠠᠩ ᠪᠠᠯᠭ᠋ᠠᠰᠤ᠂ ᠵᠡᠭᠡᠯᠢ ᠭᠣᠲᠣᠮᠵᠢ ᠵᠢᠨ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃ (ᠬᠤ᠌ ᠵᠢᠩ ᠶᠤᠸᠠᠨ)