ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠵᠠᠷᠤᠳ ᠬᠤᠰᠢᠭᠤ᠄ ᠰᠢᠨᠵᠢᠯᠡᠬᠦ ᠤᠬᠠᠭ᠋ᠠᠨᠴᠢ᠎ᠪᠠᠷ ᠡᠯᠡᠰᠦ ᠵᠢ ᠰᠡᠷᠭᠡᠶ᠋ᠢᠯᠡᠨ ᠵᠠᠰᠠᠵᠤ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠬᠢᠵᠢᠭᠦᠯᠵᠦ ᠪᠤᠢ
ᠨᠡᠶ᠋ᠢᠲᠡᠯᠡᠭᠰᠡᠨ ᠴᠠᠭ᠄ 2023-12-15

      ᠣᠶ᠋ᠢᠷ᠎ᠠ ᠵᠢᠨ ᠵᠢᠯ᠎ᠳᠤ᠂ ᠵᠠᠷᠤᠳ ᠬᠤᠰᠢᠭᠤ 《ᠲᠠᠪᠤᠨ ᠶᠡᠭᠡ ᠡᠭᠦᠷᠭᠡ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠦᠷᠢᠲᠥ ᠡᠪᠡᠰᠦ ᠡᠯᠡᠰᠦ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠡᠷᠭᠦᠭᠡᠬᠦ ᠢᠨᠵᠧᠨᠧᠷᠢᠩ᠂ 《ᠭᠤᠷᠪᠠᠨ ᠤᠮᠠᠷᠠᠲᠤ》 ᠵᠢᠨ ᠬᠠᠯᠬᠠᠪᠴᠢ ᠣᠶ᠂ ᠡᠸᠦ᠋ᠷᠦᠫᠡ ᠲᠢᠪ᠎ᠤᠨ ᠪᠡᠯᠡ ᠣᠷᠣᠭᠤᠯᠤᠯᠲᠠ ᠵᠢᠨ ᠪᠠᠩᠬᠢ ᠵᠢᠨ ᠵᠢᠭᠡᠯᠡᠯᠭᠡ᠎ᠪᠠᠷ ᠣᠶ᠋ᠢᠵᠢᠭᠤᠯᠬᠤ᠂ ᠮᠠᠯᠵᠢᠬᠤ ᠵᠢ ᠵᠣᠭᠰᠣᠭ᠋ᠠᠵᠤ ᠡᠪᠡᠰᠦ ᠪᠡᠯᠴᠢᠭᠡᠷ᠎ᠢ ᠰᠡᠷᠭᠦᠭᠡᠬᠦ᠂ ᠣᠶ᠋ᠢᠵᠢᠭᠤᠯᠤᠯᠲᠠ ᠵᠢᠨ ᠨᠥᠬᠦᠪᠦᠷᠢ ᠥᠭᠬᠦ ᠵᠡᠷᠭᠡ ᠭᠤᠣᠯᠳᠠᠯᠭ᠎ᠠ᠎ᠲᠠᠢ ᠢᠨᠵᠧᠨᠧᠷᠢᠩ᠎ᠤᠨ ᠲᠥᠷᠥᠯ ᠵᠦᠢ᠍ᠯ᠎ᠳᠤ ᠲᠦᠰᠢᠭᠯᠡᠨ᠂ 《ᠣᠶ᠋ᠢᠵᠢᠭᠤᠯᠬᠤ ᠪᠢᠲᠡᠭᠦᠮᠵᠢᠯᠡᠬᠦ ᠨᠢᠰᠭᠡᠯ ᠵᠶ᠋ᠠᠷ ᠲᠠᠷᠢᠬᠤ᠂ ᠲᠤᠷᠤᠭ ᠮᠤᠲᠣ ᠪᠣᠳᠠ ᠮᠤᠲᠣ ᠲᠠᠷᠢᠬᠤ᠂ ᠪᠦᠰᠡ ᠲᠣᠣᠷ ᠬᠡᠰᠡᠭ》᠎ᠢ ᠤᠶᠠᠯᠳᠤᠭᠤᠯᠬᠤ ᠵᠠᠭᠪᠤᠷ᠎ᠢ ᠬᠡᠷᠡᠭᠯᠡᠨ᠂ ᠬᠤᠷᠴᠢᠨ᠎ᠤ ᠡᠯᠡᠰᠦᠷᠬᠡᠭ ᠭᠠᠵᠠᠷ᠎ᠢ ᠦᠭᠡᠶ᠋ᠢᠰᠭᠡᠬᠦ ᠳᠠᠶ᠋ᠢᠯᠠᠯᠳᠣᠭ᠋ᠠᠨ᠎ᠢ ᠪᠥᠬᠦ ᠲᠠᠯ᠎ᠠ᠎ᠪᠠᠷ ᠡᠬᠢᠯᠡᠭᠦᠯᠵᠦ᠂ ᠰᠡᠷᠭᠡᠶ᠋ᠢᠯᠡᠬᠦ᠎ᠪᠠᠷ ᠭᠤᠣᠯ ᠪᠣᠯᠭ᠋ᠠᠨ᠂ ᠰᠢᠨᠵᠢᠯᠡᠬᠦ ᠤᠬᠠᠭ᠋ᠠᠨᠴᠢ᠎ᠪᠠᠷ ᠵᠠᠰᠠᠵᠤ᠂ ᠵᠦᠢ ᠵᠣᠬᠢᠰᠲᠠᠢ ᠠᠰᠢᠭᠯᠠᠬᠤ ᠵᠢ ᠪᠠᠷᠢᠮᠲᠠᠯᠠᠨ᠂ ᠰᠢᠨᠵᠢᠯᠡᠬᠦ ᠤᠬᠠᠭ᠋ᠠᠨᠴᠢ᠎ᠪᠠᠷ ᠪᠣᠭᠤᠮᠲᠠ ᠰᠢᠪᠲᠤᠯᠬᠤ ᠵᠢ ᠦᠷᠭᠦᠯᠵᠢᠯᠡᠨ ᠥᠷᠨᠢᠭᠦᠯᠵᠦ᠂ ᠡᠯᠡᠰᠦᠷᠬᠡᠭᠵᠢᠯ᠎ᠢ ᠰᠡᠷᠭᠡᠶ᠋ᠢᠯᠡᠵᠦ ᠡᠯᠡᠰᠦ ᠵᠢ ᠵᠠᠰᠠᠬᠤ ᠠᠵᠢᠯ᠎ᠢ ᠲᠦᠷᠭᠡᠨ ᠵᠠᠮ᠎ᠳᠤ ᠣᠷᠣᠭᠤᠯᠵᠤ᠂ ᠬᠡᠰᠡᠭ ᠬᠡᠰᠡᠭ ᠡᠯᠡᠰᠦᠷᠬᠡᠭ ᠭᠠᠵᠠᠷ᠎ᠤᠨ ᠣᠷᠭᠤᠮᠠᠯ᠎ᠤᠨ ᠬᠤᠴᠢᠯᠭ᠎ᠠ ᠵᠢ ᠵᠣᠵᠠᠭ᠋ᠠᠳᠬᠠᠪᠠ᠃
      ᠰᠠᠯᠬᠢ ᠵᠢ ᠬᠠᠯᠬᠠᠯᠠᠬᠤ ᠡᠯᠡᠰᠦ ᠵᠢ ᠰᠡᠷᠭᠡᠶ᠋ᠢᠯᠡᠬᠦ ᠬᠠᠯᠬᠠᠪᠴᠢ ᠪᠣᠯ ᠰᠠᠯᠬᠢᠨ᠎ᠤ ᠬᠤᠷᠳᠤᠴᠠ ᠵᠢ ᠪᠠᠭ᠋ᠠᠰᠬᠠᠵᠤ᠂ ᠡᠯᠡᠰᠦᠨ᠎ᠤ ᠭᠠᠳᠠᠷᠭᠤ ᠵᠢ ᠲᠣᠭᠲᠠᠪᠤᠷᠢᠵᠢᠭᠤᠯᠬᠤ ᠪᠦᠲᠦᠮᠵᠢᠲᠡᠶ ᠠᠷᠭ᠎ᠠ ᠬᠡᠮᠵᠢᠶ᠎ᠡ ᠮᠥᠨ᠂ ᠲᠡᠷᠡ᠎ᠨᠢ ᠰᠠᠯᠬᠢ ᠡᠯᠡᠰᠦᠨ᠎ᠤ ᠬᠥᠨᠥᠭᠡᠯ᠎ᠢ ᠰᠡᠷᠭᠡᠶ᠋ᠢᠯᠡᠨ ᠵᠠᠰᠠᠬᠤ ᠦᠢ᠍ᠯᠡᠳᠦᠯ᠎ᠲᠠᠢ ᠮᠥᠷᠲᠡᠭᠡᠨ ᠪᠠᠰᠠ ᠡᠯᠡᠰᠦ ᠳᠠᠬᠢᠨ ᠭᠠᠷᠬᠤ ᠵᠢ ᠪᠦᠲᠦᠮᠵᠢᠲᠡᠶ ᠪᠠᠭ᠋ᠠᠰᠬᠠᠬᠤ ᠪᠤᠶᠤ ᠵᠠᠶ᠋ᠢᠯᠠᠭᠤᠯᠵᠤ᠂ ᠲᠠᠷᠢᠶᠠᠯᠠᠩ ᠦᠢ᠍ᠯᠡᠳᠪᠦᠷᠢᠯᠡᠯ᠎ᠢ ᠪᠠᠲᠤᠯᠠᠬᠤ᠎ᠳᠤ ᠴᠢᠬᠤᠯᠠ ᠦᠢ᠍ᠯᠡᠳᠦᠯ ᠦᠵᠡᠭᠦᠯᠳᠡᠭ᠃
      ᠡᠨᠡ ᠬᠤᠶᠠᠷ ᠡᠳᠦᠷ᠂ ᠬᠤᠷᠴᠢᠨ᠎ᠤ ᠲᠠᠯ᠎ᠠ ᠨᠤᠲᠤᠭ᠎ᠤᠨ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠡᠯᠪᠢᠨ ᠵᠠᠰᠠᠬᠤ ᠢᠨᠵᠧᠨᠧᠷᠢᠩ᠎ᠤᠨ ᠬᠤᠪᠢᠶᠠᠷᠢ ᠲᠦᠷᠦᠯ ᠵᠦᠢ᠍ᠯ ᠪᠣᠯᠬᠤ ᠯᠦᠪᠧᠢ ᠪᠠᠯᠭ᠋ᠠᠰᠤᠨ᠎ᠤ ᠬᠤᠶᠠᠷᠬᠠᠳᠠ ᠭᠠᠴᠠᠭ᠎ᠠ ᠵᠢᠨ ᠲᠦᠷᠦᠯ ᠵᠦᠢ᠍ᠯ᠎ᠤᠨ ᠲᠣᠭᠤᠷᠢᠭ᠎ᠲᠤ᠂ ᠠᠵᠢᠯᠴᠢᠳ ᠶᠠᠭ ᠰᠠᠶ᠋ᠢᠬᠠᠨ ᠡᠯᠡᠰᠦ ᠵᠢ ᠬᠠᠯᠬᠠᠯᠠᠬᠤ ᠬᠠᠯᠬᠠᠪᠴᠢ ᠳᠡᠪᠢᠰᠴᠦ᠂ 30 ᠰᠡᠨᠲ᠋ᠢᠮᠸᠲᠷ ᠤᠷᠳᠤ ᠡᠯᠡᠰᠦ ᠵᠢ ᠬᠠᠯᠬᠠᠯᠠᠬᠤ ᠪᠤᠷᠭ᠋ᠠᠰᠤ ᠵᠢ ᠡᠯᠡᠰᠦᠨ᠎ᠳᠤ ᠰᠠᠭᠤᠯᠭ᠋ᠠᠵᠤ᠂ ᠠᠬᠤᠢ ᠲᠠᠯᠠᠪᠠᠢ᠎ᠳᠤ ᠶᠠᠭ᠋ᠠᠷᠠᠯᠲᠠᠢ ᠠᠵᠢᠯᠯᠠᠵᠤ ᠪᠠᠶ᠋ᠢᠯ᠎ᠠ᠃
      ᠮᠧᠩ ᠼᠤᠤ ᠺᠣᠮᠫᠠᠨᠢ ᠵᠢᠨ ᠬᠠᠮᠢᠶᠠᠷᠤᠯᠲᠠ ᠵᠢᠨ ᠠᠵᠢᠯᠲᠠᠨ ᠳ᠋ᠢᠶᠣᠣ ᠰᠢᠶᠠᠨ ᠾᠧ ᠵᠢᠨ ᠲᠠᠨᠢᠯᠴᠠᠭᠤᠯᠤᠭᠰᠠᠨ ᠵᠶ᠋ᠠᠷ᠄ 《ᠪᠢᠳᠡ ᠲᠤᠲᠤᠷᠭ᠎ᠠ ᠵᠢᠨ ᠡᠪᠡᠰᠦᠨ᠎ᠤ ᠰᠠᠯᠠᠭ᠎ᠠ᠎ᠪᠠᠷ 3 ᠮᠸᠲᠷ ᠥᠷᠭᠡᠨ ᠪᠦᠰᠡᠯᠢᠭ ᠡᠯᠡᠰᠦᠨ ᠬᠠᠯᠬᠠᠪᠴᠢ ᠬᠢᠵᠦ᠂ ᠨᠡᠭᠦᠳᠡᠯ ᠡᠯᠡᠰᠦᠨ ᠳᠣᠪᠣᠴᠠᠭ᠎ᠢ ᠲᠣᠭᠲᠠᠪᠤᠷᠢᠵᠢᠭᠤᠯᠵᠤ᠂ ᠡᠯᠡᠰᠦ ᠵᠢ ᠰᠡᠷᠭᠡᠶ᠋ᠢᠯᠡᠬᠦ ᠵᠢᠨ ᠬᠠᠮᠲᠤ ᠡᠪᠡᠰᠦ ᠳᠠᠷᠢᠬᠤ ᠨᠣᠷᠮ᠎ᠠ ᠵᠢ ᠪᠠᠲᠣᠯᠠᠪᠠ》 ᠭᠡᠪᠡ᠃
      ᠣᠶ᠋ᠢᠯᠠᠭ᠋ᠠᠭᠰᠠᠨ ᠵᠶ᠋ᠠᠷ᠂ ᠬᠤᠶᠠᠷᠬᠠᠳᠠ ᠭᠠᠴᠠᠭ᠎ᠠ ᠵᠢᠨ ᠲᠥᠷᠥᠯ ᠵᠦᠢ᠍ᠯ᠎ᠤᠨ ᠲᠣᠭᠤᠷᠢᠭ᠎ᠤᠨ ᠶᠡᠷᠦᠩᠬᠡᠢ ᠲᠠᠯᠠᠪᠠᠶ᠎ᠨᠢ 2513 ᠮᠦ᠍ ᠪᠠᠶ᠋ᠢᠵᠤ᠂ ᠡᠭᠦᠨ᠎ᠳᠤ ᠨᠡᠭᠦᠳᠡᠯ᠂ ᠬᠠᠭ᠋ᠠᠰ ᠨᠡᠭᠦᠳᠡᠯ ᠮᠠᠩᠬ᠎ᠠ 1500 ᠮᠦ᠍᠂ ᠰᠠᠯᠬᠢᠨ᠎ᠳᠤ ᠢᠳᠡᠭᠳᠡᠭᠰᠡᠨ ᠭᠤᠤ ᠨᠦᠬᠡ 300 ᠮᠦ᠍᠂ ᠮᠠᠭᠤᠳᠠᠭᠰᠠᠨ ᠨᠤᠲᠤᠭ ᠪᠡᠯᠴᠢᠭᠡᠷ 713 ᠮᠦ᠍ ᠪᠠᠶ᠋ᠢᠨ᠎ᠠ᠃ ᠡᠨᠡ ᠵᠢᠯ᠂ ᠵᠠᠷᠤᠳ ᠬᠤᠰᠢᠭᠤ ᠬᠠᠭ᠋ᠠᠯᠪᠤᠷᠢᠯᠠᠬᠤ ᠦᠭᠡᠢ᠎ᠪᠠᠷ ᠨᠥᠬᠦᠵᠦ ᠳᠠᠷᠢᠬᠤ᠂ ᠬᠥᠮᠥᠨ᠎ᠤ ᠬᠦᠴᠦ᠎ᠪᠠᠷ ᠳᠠᠷᠢᠬᠤ ᠢᠨᠵᠧᠨᠧᠷᠢᠩ᠎ᠤᠨ ᠠᠷᠭ᠎ᠠ ᠬᠡᠮᠵᠢᠶ᠎ᠡ᠎ᠪᠠᠷ ᠤᠤᠯ᠎ᠤᠨ ᠤᠷᠭᠤᠮᠠᠯ᠎ᠤᠨ ᠬᠤᠴᠢᠯᠭ᠎ᠠ ᠵᠢᠨ ᠡᠪᠳᠡᠯᠡᠭᠡ ᠵᠢ ᠪᠠᠭ᠋ᠠᠰᠬᠠᠵᠤ᠂ ᠲᠣᠬᠢᠷᠠᠮᠵᠢᠲᠠᠢ ᠰᠠᠶ᠋ᠢᠨ ᠪᠡᠯᠴᠢᠭᠡᠷ ᠡᠪᠡᠰᠦ ᠵᠢ ᠨᠥᠬᠦᠵᠦ ᠳᠠᠷᠢᠵᠤ᠂ ᠡᠯᠡᠰᠦᠵᠢᠭᠰᠡᠨ ᠡᠪᠡᠰᠦᠲᠦ ᠭᠠᠵᠠᠷ᠎ᠤᠨ ᠤᠷᠭᠤᠮᠠᠯ᠎ᠤᠨ ᠬᠤᠴᠢᠯᠭ᠎ᠠ᠂ ᠨᠤᠲᠤᠭ᠎ᠤᠨ ᠤᠷᠭᠤᠮᠠᠯ᠎ᠤᠨ ᠪᠦᠷᠬᠦᠴᠡ ᠪᠠ ᠪᠣᠳᠠᠰ᠎ᠤᠨ ᠳᠦᠷᠰᠦ ᠵᠢᠨ ᠣᠯᠠᠨ ᠶᠠᠩᠵᠤᠲᠤ ᠴᠢᠨᠠᠷ᠎ᠢ ᠳᠡᠭᠡᠭᠰᠢᠯᠡᠭᠦᠯᠪᠡ᠃
      ᠡᠪᠦᠯ᠎ᠤᠨ ᠵᠠᠷᠣᠳ ᠲᠠᠯ᠎ᠠ ᠨᠤᠲᠤᠭ᠎ᠢ ᠮᠥᠩᠭᠦᠨ ᠴᠠᠭ᠋ᠠᠨ ᠴᠠᠰᠤ ᠬᠤᠴᠢᠨ᠎ᠠ᠃ ᠬᠠᠷ᠎ᠠ ᠥᠷᠯᠥᠭᠡ᠂ ᠪᠠᠶᠠᠨᠲᠠᠯ᠎ᠠ ᠰᠤᠮᠤ ᠵᠢᠨ ᠮᠤᠵᠢ ᠵᠢᠨ ᠵᠠᠮ᠎ᠤᠨ ᠬᠠᠮᠠᠭ᠋ᠠᠯᠠᠯᠲᠠ ᠵᠢᠨ ᠥᠷᠲᠡᠭᠡᠨ᠎ᠤ ᠤᠢ ᠬᠠᠮᠠᠭ᠋ᠠᠯᠠᠭᠴᠢᠳ ᠰᠤᠮᠤ ᠵᠢᠨ ᠠᠮᠢ ᠠᠬᠤᠢ ᠵᠢᠨ ᠶᠡᠷᠦᠩᠬᠡᠶ᠋ᠢᠯᠡᠭᠰᠡᠨ ᠵᠠᠰᠠᠯᠲᠠ ᠵᠢᠨ ᠲᠦᠷᠦᠯ ᠵᠦᠢ᠍ᠯ᠎ᠤᠨ ᠲᠣᠭᠤᠷᠢᠭ᠎ᠲᠤ ᠲᠣᠭᠤᠷᠢᠨ ᠬᠠᠮᠠᠭ᠋ᠠᠯᠠᠯᠲᠠ ᠥᠷᠨᠢᠭᠦᠯᠵᠦ ᠪᠠᠶ᠋ᠢᠯ᠎ᠠ᠃ ᠤᠢ ᠬᠠᠮᠠᠭ᠋ᠠᠯᠠᠭᠴᠢ ᠯᠢ ᠵᠧᠨ ᠸᠧᠢ ᠰᠤᠷᠪᠤᠯᠵᠢᠯᠠᠭᠴᠢ᠎ᠳᠤ ᠬᠡᠯᠡᠬᠦ᠎ᠳᠡᠭᠡᠨ᠂ ᠲᠦᠷᠦᠯ ᠵᠦᠢ᠍ᠯ᠎ᠤᠨ ᠲᠣᠭᠤᠷᠢᠭ᠎ᠤᠨ ᠵᠢᠭ᠋ᠠᠷᠲᠤ ᠨᠠᠷᠠᠰᠤᠨ᠎ᠤ ᠤᠷᠭᠤᠴᠠ ᠬᠥᠮᠥᠨ᠎ᠢ ᠪᠠᠶᠠᠷᠯᠠᠭᠤᠯᠤᠮ᠎ᠠ ᠪᠠᠶ᠋ᠢᠬᠤ ᠵᠢ ᠬᠠᠷᠠᠭ᠋ᠠᠳ ᠲᠡᠷᠡ ᠬᠠᠮᠲᠤ ᠠᠵᠢᠯᠯᠠᠭᠰᠠᠳ᠎ᠲᠠᠢ᠎ᠪᠠᠨ ᠠᠵᠢᠯᠯᠠᠬᠤ᠎ᠳᠤ ᠨᠡᠩ ᠤᠷᠮ᠎ᠠ ᠵᠣᠷᠢᠭ᠎ᠲᠠᠢ ᠪᠣᠯᠵᠠᠢ ᠭᠡᠪᠡ᠃
      《ᠪᠢᠳᠡ ᠡᠳᠦᠷ ᠪᠦᠷᠢ ᠬᠠᠷᠢᠭᠤᠴᠠᠯᠭ᠎ᠠ ᠵᠢᠨ ᠣᠷᠣᠨ᠎ᠳᠤ᠎ᠪᠠᠨ ᠲᠣᠭᠤᠷᠢᠨ ᠬᠠᠮᠠᠭ᠋ᠠᠯᠠᠵᠤ᠂ ᠬᠥᠮᠥᠨ ᠪᠣᠯᠣᠨ ᠮᠠᠯ᠎ᠤᠨ ᠲᠥᠷᠥᠯ ᠵᠦᠢ᠍ᠯ᠎ᠤᠨ ᠣᠷᠣᠨ᠎ᠤ ᠣᠶ ᠮᠣᠳᠣ ᠵᠢ ᠡᠪᠳᠡᠬᠦ᠎ᠠᠴᠠ ᠰᠡᠷᠭᠡᠶ᠋ᠢᠯᠡᠬᠦ ᠵᠢᠨ ᠬᠠᠮᠲᠤ ᠲᠣᠣᠷ ᠬᠠᠰᠢᠶ᠎ᠠ ᠵᠢ᠎ᠨᠢ ᠦᠵᠡᠵᠦ᠂ ᠡᠪᠳᠡᠷᠡᠭᠰᠡᠨ᠎ᠢ᠎ᠨᠢ ᠴᠠᠭ ᠲᠤᠬᠠᠢ᠎ᠳᠤᠨᠢ ᠵᠠᠰᠠᠵᠤ ᠰᠡᠯᠪᠢᠨ᠎ᠡ᠃》 ᠭᠡᠵᠦ ᠯᠢ ᠵᠧᠨ ᠸᠧᠢ ᠬᠡᠯᠡᠪᠡ᠃
      ᠣᠶ᠋ᠢᠷ᠎ᠠ ᠵᠢᠨ ᠵᠢᠯ᠎ᠳᠤ᠂ ᠵᠠᠷᠤᠳ ᠬᠤᠰᠢᠭᠤᠨ᠎ᠤ᠎ᠬᠢᠨ ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶ᠋ᠢᠯᠠᠭ᠋ᠠᠭᠳᠠᠬᠤᠨ᠎ᠢ ᠪᠠᠲᠤ ᠪᠠᠬᠢ ᠪᠤᠶ ᠪᠣᠯᠭ᠋ᠠᠨ ᠦᠢ᠍ᠯᠡᠳᠦᠯᠭᠡᠵᠢᠭᠦᠯᠵᠦ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦᠨ᠎ᠤ ᠰᠢᠰᠲ᠋ᠧᠮ᠎ᠤᠨ ᠵᠠᠰᠠᠯᠲᠠ ᠵᠢ ᠨᠢᠭᠡᠳᠦᠯᠲᠡᠢ ᠲᠥᠯᠥᠪᠯᠡᠵᠦ᠂ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠵᠢ ᠪᠦᠭᠦ ᠬᠤᠰᠢᠭᠤᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠶᠡᠭᠡ ᠲᠠᠯ᠎ᠠ᠎ᠳᠤ ᠣᠷᠣᠭᠤᠯᠤᠨ ᠲᠥᠯᠥᠪᠵᠢᠭᠦᠯᠬᠦ ᠵᠢ ᠪᠠᠷᠢᠮᠲᠠᠯᠠᠵᠤ᠂ ᠨᠢᠭᠡ ᠲᠠᠯ᠎ᠠ᠎ᠪᠠᠷ ᠠᠵᠤ ᠠᠬᠤᠢ ᠵᠢᠨ ᠬᠦᠢ᠍ᠭᠵᠢᠯᠲᠠ ᠵᠢ ᠠᠳᠬᠤᠵᠤ᠂ ᠨᠢᠭᠡ ᠲᠠᠯ᠎ᠠ᠎ᠪᠠᠷ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠪᠠ ᠬᠠᠮᠠᠭ᠋ᠠᠯᠠᠯᠲᠠ ᠵᠢ ᠠᠳᠬᠤᠵᠤ᠂ ᠲᠥᠯᠦᠪᠵᠢᠭᠦᠯᠭᠡ ᠵᠢ ᠤᠷᠢᠳᠠᠪᠠᠷ ᠬᠢᠵᠦ᠂ ᠬᠤᠭᠤᠴᠠᠭ᠎ᠠ ᠬᠤᠪᠢᠶᠠᠨ ᠬᠡᠷᠡᠭᠵᠢᠭᠦᠯᠵᠦ᠂ ᠤᠷᠢᠳᠠᠪᠠᠷ ᠬᠢᠯᠪᠠᠷ᠎ᠢ᠎ᠨᠢ ᠬᠢᠵᠦ ᠲᠠᠷᠠᠭ᠎ᠠ᠎ᠨᠢ ᠬᠦᠴᠢᠷᠲᠡᠢ ᠵᠢ᠎ᠨᠢ ᠬᠢᠵᠦ᠂ ᠪᠦᠬᠦ ᠲᠠᠯ᠎ᠠ᠎ᠪᠠᠷ ᠠᠬᠢᠭᠤᠯᠬᠤ ᠵᠠᠷᠴᠢᠮ ᠶᠣᠰᠣᠭ᠋ᠠᠷ᠂ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠶᠡᠷᠦᠩᠬᠡᠢ ᠲᠥᠯᠦᠪᠵᠢᠭᠦᠯᠭᠡ ᠲᠣᠭᠲᠠᠭ᠋ᠠᠵᠤ᠂ ᠥᠨᠢ ᠤᠳᠠᠭ᠋ᠠᠨ ᠵᠶ᠋ᠠᠷ ᠴᠢᠷᠮᠠᠶ᠋ᠢᠨ᠂ ᠦᠷᠭᠦᠯᠵᠢᠯᠡᠨ ᠬᠦᠴᠦ ᠭᠠᠷᠭ᠋ᠠᠵᠤ᠂ ᠨᠢᠭᠡ ᠲᠥᠰᠦᠪ ᠵᠶ᠋ᠠᠷ ᠡᠴᠦᠰ᠎ᠲᠤᠨᠢ ᠳᠣᠯᠲᠠᠯ᠎ᠠ ᠬᠠᠮᠢᠶᠠᠷᠴᠤ᠂ ᠨᠢᠭᠡ ᠵᠢᠷᠤᠭ ᠲᠥᠰᠥᠪ᠎ᠢ ᠡᠴᠦᠰ᠎ᠲᠤᠨᠢ ᠲᠤᠯᠲᠠᠯ᠎ᠠ ᠵᠢᠷᠣᠭᠯᠠᠪᠠ᠃ ᠣᠲᠣ ᠪᠣᠯᠲᠠᠯ᠎ᠠ᠂ ᠪᠥᠬᠦ ᠬᠤᠰᠢᠭᠤᠨ᠎ᠤ ᠬᠤᠷᠴᠢᠨ᠎ᠤ ᠡᠯᠡᠰᠦᠷᠬᠡᠭ ᠭᠠᠵᠠᠷ᠎ᠢ ᠶᠡᠷᠦᠩᠬᠡᠶ᠋ᠢᠯᠡᠨ ᠵᠠᠰᠠᠬᠤ ᠢᠨᠵᠧᠨᠧᠷᠢᠩ᠎ᠢ ᠨᠡᠶ᠋ᠢᠲᠡ 142.2 ᠲᠦᠮᠡᠨ ᠮᠦ᠍᠂ ᠪᠠᠶ᠋ᠢᠭ᠋ᠠᠯᠢ ᠵᠢᠨ ᠨᠤᠲᠤᠭ ᠪᠡᠯᠴᠢᠭᠡᠷ᠎ᠢ ᠵᠠᠰᠠᠨ ᠰᠡᠷᠭᠦᠭᠡᠬᠦ ᠢᠨᠵᠧᠨᠧᠷᠢᠩ᠎ᠢ ᠨᠡᠶ᠋ᠢᠲᠡ 165.9 ᠲᠦᠮᠡᠨ ᠮᠦ᠍ ᠪᠡᠶᠡᠯᠡᠭᠦᠯᠪᠡ; ᠨᠤᠲᠤᠭ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ 61.7%᠎ᠠᠴᠠ ᠳᠡᠭᠡᠭᠰᠢ᠎ᠳᠤ ᠬᠦᠷᠴᠦ᠂ 300 ᠭᠠᠷᠤᠢ ᠲᠦᠮᠡᠨ ᠮᠦ᠍ ᠡᠯᠡᠰᠦᠵᠢᠭᠰᠡᠨ ᠭᠠᠵᠠᠷ ᠰᠢᠷᠣᠢ ᠵᠢ ᠪᠦᠲᠦᠮᠵᠢᠲᠡᠢ ᠵᠠᠰᠠᠵᠤ᠂ ᠤᠢ ᠰᠢᠭᠤᠢ ᠵᠢᠨ ᠲᠠᠯᠠᠪᠠᠢ 811.12 ᠲᠦᠮᠡᠨ ᠮᠦ᠍᠎ᠳᠤ ᠬᠦᠷᠴᠦ᠂ ᠲᠤᠷᠤᠭ ᠮᠤᠲᠣ ᠪᠤᠳᠠ ᠮᠣᠲᠤ ᠲᠠᠷᠢᠬᠤ ᠪᠠ ᠪᠦᠰᠡ ᠲᠣᠣᠷ ᠬᠡᠰᠡᠭ᠎ᠢ ᠬᠠᠷᠢᠯᠴᠠᠨ ᠤᠶᠠᠯᠳᠤᠭᠤᠯᠤᠭᠰᠠᠨ᠂ ᠪᠦᠷᠢᠨ ᠲᠡᠭᠦᠯᠳᠡᠷ ᠴᠢᠳᠠᠪᠬᠢ᠎ᠲᠠᠢ ᠣᠷᠣᠨ ᠪᠦᠰᠡ ᠵᠢᠨ ᠴᠢᠨᠠᠷᠲᠠᠢ ᠠᠮᠢ ᠠᠬᠤᠢ ᠵᠢᠨ ᠬᠠᠮᠠᠭ᠋ᠠᠯᠠᠯᠲᠠ ᠵᠢᠨ ᠰᠢᠰᠲ᠋ᠧᠮ᠎ᠢ ᠪᠠᠶ᠋ᠢᠭᠤᠯᠵᠤ᠂ ᠭᠠᠩ ᠬᠠᠭᠰᠠᠷᠭ᠋ᠠᠨ᠂ ᠦᠶᠡᠷ ᠤᠰᠤᠲᠤᠯ᠂ ᠰᠠᠯᠬᠢ ᠡᠯᠡᠰᠦ ᠵᠡᠷᠭᠡ ᠪᠠᠶ᠋ᠢᠭ᠋ᠠᠯᠢ ᠵᠢᠨ ᠭᠠᠮᠰᠢᠭ᠎ᠢ ᠪᠦᠲᠦᠮᠵᠢᠲᠡᠢ ᠬᠤᠷᠢᠭᠯᠠᠵᠤ᠂ ᠬᠤᠷᠴᠢᠨ᠎ᠤ ᠡᠯᠡᠰᠦᠷᠬᠡᠭ ᠭᠠᠵᠠᠷ᠎ᠢ ᠦᠭᠡᠶ᠋ᠢᠰᠭᠡᠬᠦ ᠳᠠᠶ᠋ᠢᠯᠠᠯᠳᠤᠭ᠋ᠠᠨ᠎ᠳᠤ ᠪᠦᠬᠦ ᠲᠠᠯ᠎ᠠ᠎ᠪᠠᠷ ᠢᠯᠠᠯᠲᠠ ᠣᠯᠬᠤ᠎ᠳᠤ ᠵᠠᠷᠣᠳ᠎ᠤᠨ ᠤᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠭᠦᠪᠡ᠃

ᠢᠷᠡᠯᠲᠡ᠄ ᠵᠠᠷᠤᠳ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠦᠯᠵᠢᠶ᠎ᠠ
          
ᠬᠠᠮᠢᠶ᠎ᠡ ᠪᠦᠬᠦᠢ ᠰᠣᠨᠢᠨ
ᠲᠦᠮᠡᠳ ᠵᠡᠭᠦᠨ ᠬᠤᠰᠢᠭᠤᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ 2023 ᠣᠨ᠎ᠤ ᠣᠶ ᠰᠢᠭᠤᠢ ᠡᠪᠡᠰᠦ ᠪᠡᠯᠴᠢᠭᠡᠷ᠎ᠤᠨ ᠬᠥᠨᠥᠭᠡᠯᠲᠡᠢ ᠠᠮᠢᠳᠤ ᠪᠣᠳᠠᠰ᠎ᠤᠨ ᠡᠭᠦᠰᠦᠯᠲᠡ ᠵᠢᠨ ᠪᠠᠶ᠋ᠢᠳᠠᠯ᠎ᠤᠨ ᠠᠵᠢᠯ᠎ᠤᠨ ᠳ᠋ᠦᠩᠨᠡᠯᠲᠡ ᠵᠢᠴᠢ 2024 ᠣᠨ᠎ᠤ ᠬᠠᠨᠳᠤᠰᠢ ᠵᠢᠨ ᠵᠢᠱ᠌ᠢᠯᠲᠡ ᠵᠢᠨ ᠬᠤᠷᠠᠯ᠎ᠢ ᠵᠣᠬᠢᠶᠠᠨ ᠪᠠᠶ᠋ᠢᠭᠤᠯᠵᠤ ᠬᠤᠷᠠᠯᠳᠤᠭᠤᠯᠪᠠ
ᠠᠯᠠᠱ᠌ᠠ ᠵᠡᠭᠦᠨ ᠬᠤᠰᠢᠭᠤ 2024 ᠣᠨ᠎ᠤ ᠣᠶ᠋ᠢᠵᠢᠭᠤᠯᠵᠤ ᠨᠣᠭᠤᠭ᠋ᠠᠷᠠᠭᠤᠯᠬᠤ ᠪᠡᠯᠡᠳᠬᠡᠯ ᠠᠵᠢᠯ ᠵᠶ᠋ᠠᠨ ᠡᠷᠴᠢᠮᠲᠡᠢ ᠥᠷᠨᠢᠭᠦᠯᠵᠦ ᠪᠠᠶ᠋ᠢᠨ᠎ᠠ
ᠨᠢᠩᠴᠧᠩ ᠰᠢᠶᠠᠨ ᠡᠪᠦᠯ᠎ᠤᠨ ᠤᠯᠠᠷᠢᠯ᠎ᠤᠨ ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠤᠶᠤᠨᠴᠢ ᠬᠠᠮᠢᠶᠠᠷᠤᠯᠲᠠ ᠵᠢ ᠲᠦᠯᠬᠢᠨ ᠠᠬᠢᠭᠤᠯᠤᠨ᠎ᠠ
ᠠᠤᠬᠠᠨ ᠬᠤᠰᠢᠭᠤᠨ᠎ᠤ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠶᠡᠭᠡ ᠠᠩᠭᠢ ᠬᠠᠷᠢᠶᠠᠲᠤ ᠣᠷᠣᠨ᠎ᠤ ᠵᠣᠴᠢᠳ᠎ᠤᠨ ᠪᠠᠭᠤᠳᠠᠯ᠎ᠳᠤ ᠭᠦᠨᠵᠡᠭᠡᠶ᠋ᠢᠷᠡᠨ ᠭᠠᠯ ᠤᠨᠲᠠᠷᠠᠭ᠋ᠠᠬᠤ ᠠᠮᠤᠷ ᠲᠦᠪᠰᠢᠨ᠎ᠤ ᠪᠠᠶ᠋ᠢᠴᠠᠭ᠋ᠠᠯᠲᠠ ᠥᠷᠨᠢᠭᠦᠯᠪᠡ
ᠠᠯᠠᠱ᠌ᠠ ᠠᠶ᠋ᠢᠮᠠᠭ᠎ᠤᠨ ᠪᠠᠷᠠᠭᠤᠨ ᠬᠡᠰᠡᠭ᠎ᠤᠨ ᠡᠯᠡᠰᠦᠨ ᠴᠥᠯ᠎ᠢ ᠶᠡᠷᠦᠩᠬᠡᠶ᠋ᠢᠯᠡᠨ ᠵᠠᠰᠠᠬᠤ ᠲᠦᠷᠦᠯ ᠵᠦᠢ᠍ᠯ (ᠬᠣᠶᠠᠳᠤᠭ᠋ᠠᠷ ᠬᠤᠭᠤᠴᠠᠭ᠎ᠠ)᠎ᠤᠨ ᠪᠥᠲᠥᠭᠡᠨ ᠪᠠᠶ᠋ᠢᠭᠤᠯᠤᠯᠲᠠ ᠵᠢ ᠨᠠᠶ᠋ᠢᠳᠠᠪᠤᠷᠢᠵᠢᠭᠤᠯᠤᠨ ᠬᠡᠷᠡᠭᠵᠢᠭᠦᠯᠬᠦ ᠵᠢ ᠢᠳᠡᠪᠬᠢᠲᠡᠶ ᠠᠬᠢᠭᠤᠯᠵᠤ ᠪᠤᠢ
 
             蒙ICP备05000248号