12 ᠰᠠᠷ᠎ᠠ ᠵᠢᠨ 19᠎ᠤ ᠡᠳᠦᠷ᠂ ᠲᠦᠮᠡᠳ ᠵᠡᠭᠦᠨ ᠬᠤᠰᠢᠭᠤᠨ᠎ᠤ ᠣᠶ ᠰᠢᠭᠤᠢ ᠡᠪᠡᠰᠦ ᠪᠡᠯᠴᠢᠭᠡᠷ᠎ᠤᠨ ᠲᠣᠪᠴᠢᠶ᠎ᠠ 2023 ᠣᠨ᠎ᠤ ᠣᠶ ᠰᠢᠭᠤᠢ ᠡᠪᠡᠰᠦ ᠪᠡᠯᠴᠢᠭᠡᠷ᠎ᠤᠨ ᠬᠥᠨᠥᠭᠡᠯᠲᠡᠢ ᠠᠮᠢᠳᠤ ᠪᠣᠳᠠᠰ᠎ᠤᠨ ᠡᠭᠦᠰᠦᠯᠲᠡ ᠵᠢᠨ ᠪᠠᠶ᠋ᠢᠳᠠᠯ᠎ᠤᠨ ᠲᠤᠬᠠᠢ ᠠᠵᠢᠯ᠎ᠤᠨ ᠳ᠋ᠦᠩᠨᠡᠯᠲᠡ ᠵᠢᠨ ᠬᠤᠷᠠᠯ᠎ᠢ ᠵᠣᠬᠢᠶᠠᠨ ᠪᠠᠶ᠋ᠢᠭᠤᠯᠵᠤ᠂ 2024 ᠣᠨ᠎ᠤ ᠣᠶ ᠰᠢᠭᠤᠢ ᠡᠪᠡᠰᠦ ᠪᠡᠯᠴᠢᠭᠡᠷ᠎ᠤᠨ ᠬᠥᠨᠥᠭᠡᠯᠲᠡᠢ ᠠᠮᠢᠳᠤ ᠪᠣᠳᠠᠰ᠎ᠤᠨ ᠡᠭᠦᠰᠦᠯᠲᠡ ᠵᠢᠨ ᠬᠠᠨᠳᠤᠰᠢ ᠵᠢ ᠲᠥᠰᠥᠭᠡᠯᠡᠵᠦ ᠵᠠᠳᠠᠯᠤᠭᠰᠠᠨ ᠪᠠᠶ᠋ᠢᠨ᠎ᠠ᠃
ᠬᠤᠷᠠᠯ ᠳᠡᠭᠡᠷ᠎ᠡ᠂ ᠲᠦᠮᠡᠳ ᠵᠡᠭᠦᠨ ᠬᠤᠰᠢᠭᠤᠨ ᠣᠶ ᠰᠢᠭᠤᠢ ᠵᠢᠨ ᠬᠠᠮᠠᠭ᠋ᠠᠯᠠᠯᠲᠠ ᠵᠢᠨ ᠥᠷᠲᠡᠭᠡ ᠵᠢᠨ ᠬᠠᠷᠢᠭᠤᠴᠠᠯᠭ᠋ᠠᠲᠠᠨ ᠮᠠᠨ᠎ᠤ ᠬᠤᠰᠢᠭᠤᠨ᠎ᠤ 2023 ᠣᠨ᠎ᠤ ᠣᠶ ᠰᠢᠭᠤᠢ ᠡᠪᠡᠰᠦ ᠪᠡᠯᠴᠢᠭᠡᠷ᠎ᠤᠨ ᠬᠥᠨᠥᠭᠡᠯᠲᠡᠢ ᠠᠮᠢᠳᠤ ᠪᠣᠳᠠᠰ᠎ᠢ ᠬᠢᠨᠠᠨ ᠬᠡᠮᠵᠢᠭᠰᠡᠨ ᠪᠠᠶ᠋ᠢᠳᠠᠯ᠂ ᠣᠶ ᠰᠢᠭᠤᠢ ᠡᠪᠡᠰᠦ ᠪᠡᠯᠴᠢᠭᠡᠷ᠎ᠤᠨ ᠬᠥᠨᠥᠭᠡᠯᠲᠡᠢ ᠠᠮᠢᠳᠤ ᠪᠣᠳᠠᠰ᠎ᠤᠨ ᠪᠠᠶ᠋ᠢᠴᠠᠭ᠋ᠠᠯᠲᠠ ᠵᠢᠨ ᠲᠤᠭ᠎ᠠ ᠪᠠᠷᠢᠮᠲᠠ ᠬᠢᠭᠡᠳ ᠰᠡᠷᠭᠡᠶ᠋ᠢᠯᠡᠨ ᠵᠠᠰᠠᠭᠰᠠᠨ ᠪᠠᠶ᠋ᠢᠳᠠᠯ᠂ ᠣᠶ ᠰᠢᠭᠤᠢ ᠡᠪᠡᠰᠦ ᠪᠡᠯᠴᠢᠭᠡᠷ᠎ᠤᠨ ᠬᠥᠨᠥᠭᠡᠯᠲᠡᠢ ᠠᠮᠢᠳᠤ ᠪᠣᠳᠠᠰ᠎ᠤᠨ ᠡᠭᠦᠰᠦᠯᠲᠡ ᠵᠢᠨ ᠣᠨᠴᠠᠯᠢᠭ᠎ᠲᠠᠢ ᠤᠶᠠᠯᠳᠤᠭᠤᠯᠤᠨ᠂ 2023 ᠣᠨ᠎ᠤ ᠠᠵᠢᠯ᠎ᠤᠨ ᠬᠢᠯᠠᠰ ᠴᠡᠭ᠎ᠢ ᠳ᠋ᠦᠩᠨᠡᠭᠰᠡᠨ ᠪᠥᠭᠡᠳ 2024 ᠣᠨ᠎ᠤ ᠣᠶ ᠰᠢᠭᠤᠢ ᠡᠪᠡᠰᠦ ᠪᠡᠯᠴᠢᠭᠡᠷ᠎ᠤᠨ ᠬᠥᠨᠥᠭᠡᠯᠲᠡᠢ ᠠᠮᠢᠳᠤ ᠪᠣᠳᠠᠰ᠎ᠤᠨ ᠡᠭᠦᠰᠦᠯᠲᠡ ᠵᠢᠨ ᠬᠠᠨᠳᠤᠰᠢ ᠵᠢ ᠵᠠᠳᠠᠯᠤᠨ ᠲᠥᠰᠥᠭᠡᠯᠡᠪᠡ᠃
ᠬᠤᠷᠠᠯ᠎ᠠᠴᠠ᠂ ᠤᠢ ᠰᠢᠭᠤᠢ ᠡᠪᠡᠰᠦ ᠪᠡᠯᠴᠢᠭᠡᠷ᠎ᠤᠨ ᠬᠥᠨᠥᠭᠡᠯᠲᠡᠢ ᠠᠮᠢᠳᠤ ᠪᠣᠳᠠᠰ᠎ᠢ ᠰᠡᠷᠭᠡᠶ᠋ᠢᠯᠡᠨ ᠡᠵᠡᠮᠳᠡᠬᠦ ᠴᠢᠬᠤᠯᠠ ᠶᠡᠭᠡ ᠠᠵᠢᠯ᠎ᠤᠨ ᠴᠢᠬᠤᠯᠠ ᠴᠢᠨᠠᠷ᠎ᠢ ᠭᠦᠢ᠍ᠴᠡᠳ ᠲᠠᠨᠢᠵᠤ᠂ ᠤᠯᠤᠰ᠎ᠤᠨ ᠤᠢ ᠰᠢᠭᠤᠢ ᠡᠪᠡᠰᠦ ᠪᠡᠯᠴᠢᠭᠡᠷ᠎ᠤᠨ ᠲᠣᠪᠴᠢᠶ᠎ᠠ᠎ᠠᠴᠠ ᠪᠠᠭᠤᠯᠭ᠋ᠠᠭᠰᠠᠨ ᠰᠡᠷᠭᠡᠶ᠋ᠢᠯᠡᠨ ᠵᠠᠰᠠᠬᠤ ᠡᠭᠦᠷᠭᠡ ᠵᠢ ᠪᠡᠶᠡᠯᠡᠭᠦᠯᠬᠦ᠎ᠪᠠᠷ ᠬᠠᠷᠠᠯᠲᠠ ᠪᠣᠯᠭ᠋ᠠᠵᠤ᠂ ᠤᠢ ᠰᠢᠭᠤᠢ ᠵᠢᠨ ᠬᠥᠨᠥᠭᠡᠯᠲᠡᠢ ᠠᠮᠢᠳᠤ ᠪᠣᠳᠠᠰ᠎ᠢ ᠰᠡᠷᠭᠡᠶ᠋ᠢᠯᠡᠨ ᠡᠵᠡᠮᠳᠡᠬᠦ ᠦᠷ᠎ᠡ ᠪᠦᠲᠦᠮᠵᠢ ᠵᠢ ᠦᠷᠭᠦᠯᠵᠢᠯᠡᠨ ᠪᠠᠬᠢᠵᠢᠭᠦᠯᠵᠦ᠂ ᠰᠡᠷᠭᠡᠶ᠋ᠢᠯᠡᠨ ᠡᠵᠡᠮᠳᠡᠬᠦ ᠭᠤᠣᠯ ᠴᠣᠭᠴᠠ ᠵᠢᠨ ᠬᠠᠷᠢᠭᠤᠴᠠᠯᠭ᠎ᠠ ᠵᠢ ᠪᠠᠲᠤᠳᠬᠠᠵᠤ᠂ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠨᠠᠷᠢᠯᠢᠭᠵᠢᠭᠤᠯᠵᠤ᠂ ᠪᠠᠶ᠋ᠢᠴᠠᠭ᠋ᠠᠵᠤ ᠵᠢᠯᠤᠭᠤᠳᠬᠤ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠢ᠃
ᠲᠠᠷᠠᠭ᠋ᠠᠴᠢ ᠵᠢᠨ ᠠᠯᠬᠤᠮ᠎ᠳᠤ᠂ ᠲᠦᠮᠡᠳ ᠵᠡᠭᠦᠨ ᠬᠤᠰᠢᠭᠤᠨ ᠣᠶ ᠰᠢᠭᠤᠢ ᠡᠪᠡᠰᠦ ᠪᠡᠯᠴᠢᠭᠡᠷ᠎ᠤᠨ ᠲᠣᠪᠴᠢᠶ᠎ᠠ ᠣᠶ ᠰᠢᠭᠤᠢ ᠡᠪᠡᠰᠦ ᠪᠡᠯᠴᠢᠭᠡᠷ᠎ᠤᠨ ᠬᠥᠨᠥᠭᠡᠯᠲᠡᠢ ᠠᠮᠢᠳᠤ ᠪᠣᠳᠠᠰ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠮᠡᠷᠭᠡᠵᠢᠯ᠎ᠤᠨ ᠪᠠᠷᠢᠮᠵᠢᠶ᠎ᠠ ᠵᠢ ᠴᠢᠩᠭ᠎ᠠ ᠵᠢᠷᠤᠮᠯᠠᠨ᠂ 2024 ᠣᠨ᠎ᠤ ᠣᠶ ᠰᠢᠭᠤᠢ ᠵᠢᠨ ᠬᠥᠨᠥᠭᠡᠯᠲᠡᠢ ᠠᠮᠢᠳᠤ ᠪᠣᠳᠠᠰ᠎ᠢ ᠰᠡᠷᠭᠡᠶ᠋ᠢᠯᠡᠨ ᠵᠠᠰᠠᠬᠤ ᠪᠠ ᠬᠦᠨᠳᠦ ᠶᠡᠭᠡ ᠣᠶ ᠰᠢᠭᠤᠢ ᠵᠢᠨ ᠬᠥᠨᠥᠭᠡᠯᠲᠡᠢ ᠠᠮᠢᠳᠤ ᠪᠣᠳᠠᠰ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠤᠷᠢᠳᠴᠢᠯᠠᠨ ᠲᠥᠯᠥᠪᠯᠡᠵᠦ᠂ ᠣᠶ ᠰᠢᠭᠤᠢ ᠡᠪᠡᠰᠦ ᠪᠡᠯᠴᠢᠭᠡᠷ᠎ᠤᠨ ᠬᠥᠨᠥᠭᠡᠯᠲᠡᠢ ᠠᠮᠢᠳᠤ ᠪᠣᠳᠠᠰ᠎ᠤᠨ ᠲᠦᠮᠡᠳ ᠵᠡᠭᠦᠨ ᠬᠤᠰᠢᠭᠤᠨ᠎ᠳᠤ ᠣᠷᠣᠵᠤ ᠢᠷᠡᠬᠦ ᠵᠢ ᠴᠢᠩᠭ᠎ᠠ ᠰᠡᠷᠭᠡᠶ᠋ᠢᠯᠡᠨ᠂ ᠬᠤᠰᠢᠭᠤᠨ᠎ᠤ ᠣᠶ ᠰᠢᠭᠤᠢ ᠵᠢᠨ ᠡᠬᠢ ᠪᠠᠶᠠᠯᠢᠭ ᠪᠠ ᠠᠮᠢ ᠠᠬᠤᠢ ᠵᠢᠨ ᠣᠷᠴᠢᠨ ᠲᠣᠭᠤᠷᠢᠨ᠎ᠤ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠬᠠᠯᠬᠠᠪᠴᠢ ᠵᠢ ᠦᠨᠡᠨᠬᠦ ᠪᠠᠬᠢᠵᠢᠭᠦᠯᠦᠨ᠎ᠡ᠃