《ᠤᠮᠠᠷᠠᠲᠤ ᠵᠢᠨ ᠭᠤᠷᠪᠠᠨ ᠣᠷᠣᠨ》᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ᠂ 2024 ᠣᠨ᠎ᠤ ᠬᠠᠪᠤᠷ᠎ᠤᠨ ᠤᠯᠠᠷᠢᠯ᠎ᠤᠨ ᠣᠶ᠋ᠢᠵᠢᠭᠤᠯᠤᠯᠲᠠ ᠵᠢ ᠰᠠᠶ᠋ᠢᠲᠤᠷ ᠬᠢᠬᠦ ᠵᠢᠨ ᠲᠥᠯᠥᠭᠡ᠂ ᠣᠶ᠋ᠢᠷ᠎ᠠ ᠵᠢᠨ ᠡᠳᠦᠷ ᠠᠯᠠᠱ᠌ᠠ ᠵᠡᠭᠦᠨ ᠬᠤᠰᠢᠭᠤᠨ᠎ᠤ ᠰᠢᠨᠵᠢᠯᠡᠭᠡ ᠮᠡᠷᠭᠡᠵᠢᠯ ᠪᠠ ᠣᠶ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠠᠯᠠᠱ᠌ᠠ ᠠᠶ᠋ᠢᠮᠠᠭ᠎ᠤᠨ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠥᠪ᠎ᠤᠨ ᠲᠠᠪᠴᠠᠩ ᠳᠡᠭᠡᠷ᠎ᠡ 2024 ᠣᠨ᠎ᠤ ᠬᠥᠮᠥᠨ᠎ᠤ ᠬᠦᠴᠦ᠎ᠪᠠᠷ ᠣᠶ᠋ᠢᠵᠢᠭᠤᠯᠬᠤ ᠳᠠᠭ᠋ᠠᠭ᠋ᠠᠴᠢᠯᠠᠯᠲᠠ ᠵᠠᠷᠯᠠᠬᠤ ᠰᠠᠨᠠᠮᠵᠢ ᠵᠢ ᠠᠩᠬ᠎ᠠ ᠠᠯᠬᠤᠮ ᠨᠡᠶ᠋ᠢᠲᠡᠯᠡᠵᠦ᠂ ᠨᠡᠶ᠋ᠢᠭᠡᠮ ᠨᠡᠶ᠋ᠢᠲᠡ᠎ᠳᠤ ᠬᠠᠨᠳᠤᠭᠤᠯᠤᠨ ᠠᠯᠠᠱ᠌ᠠ ᠠᠶ᠋ᠢᠮᠠᠭᠲᠠᠬᠢ ᠥᠪᠥᠷ ᠮᠣᠩᠭᠤᠯ᠎ᠤᠨ ᠪᠠᠷᠠᠭᠤᠨ ᠬᠡᠰᠡᠭ᠎ᠤᠨ ᠡᠯᠡᠰᠦᠨ ᠴᠥᠯ᠎ᠢ ᠶᠡᠷᠦᠩᠬᠡᠶ᠋ᠢᠯᠡᠨ ᠵᠠᠰᠠᠬᠤ ᠲᠥᠷᠥᠯ ᠵᠦᠢ᠍ᠯ (ᠬᠤᠶᠠᠳᠤᠭ᠋ᠠᠷ ᠬᠤᠭᠤᠴᠠᠭ᠎ᠠ)᠎ᠤᠨ ᠬᠡᠰᠡᠭ ᠪᠦᠲᠦᠭᠡᠨ ᠪᠠᠶ᠋ᠢᠭᠤᠯᠤᠯᠲᠠ ᠵᠢ ᠪᠡᠶᠡᠯᠡᠭᠦᠯᠬᠦ ᠬᠢᠷᠢ ᠭᠡᠮ᠎ᠲᠠᠢ ᠠᠵᠤ ᠠᠬᠤᠶ᠋ᠢᠯᠠᠯ᠎ᠢ ᠥᠷᠭᠡᠨ ᠵᠶ᠋ᠠᠷ ᠡᠯᠰᠡᠵᠦ ᠪᠠᠶ᠋ᠢᠨ᠎ᠠ᠃
ᠣᠶ᠋ᠢᠷ᠎ᠠ ᠵᠢᠨ ᠵᠢᠯ᠎ᠳᠤ᠂ ᠠᠯᠠᠱ᠌ᠠ ᠵᠡᠭᠦᠨ ᠬᠤᠰᠢᠭᠤ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠤᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠳᠤ ᠲᠦᠰᠢᠭᠯᠡᠨ᠂ ᠬᠥᠮᠥᠨ᠎ᠤ ᠬᠦᠴᠦ᠎ᠪᠠᠷ ᠣᠶ᠋ᠢᠵᠢᠭᠤᠯᠬᠤ᠂ ᠨᠢᠰᠬᠡᠯ ᠵᠶ᠋ᠠᠷ ᠳᠠᠷᠢᠵᠤ ᠣᠶ᠋ᠢᠵᠢᠭᠤᠯᠬᠤ ᠵᠡᠷᠭᠡ ᠠᠷᠭ᠎ᠠ ᠭᠡᠯᠪᠡᠷᠢ᠎ᠪᠠᠷ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠪᠠ ᠬᠠᠮᠠᠭ᠋ᠠᠯᠠᠯᠲᠠ ᠵᠢ ᠢᠯᠡᠳᠲᠡ ᠰᠠᠶ᠋ᠢᠵᠢᠷᠠᠭᠤᠯᠤᠭᠰᠠᠨ ᠪᠠᠶ᠋ᠢᠨ᠎ᠠ᠃ ᠬᠥᠮᠥᠨ᠎ᠤ ᠬᠦᠴᠦ᠎ᠪᠠᠷ ᠳᠠᠷᠢᠭᠰᠠᠨ ᠵᠠᠭ᠂ ᠳᠠᠯᠠᠨ ᠬᠠᠯᠢᠰᠤ ᠵᠢᠨ ᠤᠢ᠎ᠨᠢ ᠰᠠᠯᠬᠢᠨ᠎ᠢ ᠬᠠᠯᠬᠠᠯᠠᠨ ᠡᠯᠡᠰᠦ ᠵᠢ ᠲᠣᠭᠲᠠᠪᠤᠷᠢᠵᠢᠭᠤᠯᠬᠤ᠂ ᠤᠰᠤᠨ᠎ᠤ ᠡᠬᠢ ᠰᠤᠷᠪᠤᠯᠵᠢ ᠵᠢ ᠬᠠᠳᠠᠭ᠋ᠠᠯᠠᠬᠤ᠂ ᠬᠥᠷᠥᠰᠥ ᠰᠢᠷᠣᠢ ᠵᠢ ᠲᠣᠭᠲᠠᠪᠤᠷᠢᠵᠢᠭᠤᠯᠤᠨ ᠬᠥᠷᠥᠰᠥᠨ᠎ᠤ ᠰᠢᠮ᠎ᠡ ᠵᠢ ᠬᠠᠳᠠᠭ᠋ᠠᠯᠠᠬᠤ᠂ ᠨᠡᠭᠦᠷᠡᠰᠦᠲᠥ᠋ᠷᠥᠭᠴᠢ ᠵᠢ ᠲᠣᠭᠲᠠᠪᠤᠷᠢᠵᠢᠭᠤᠯᠤᠨ ᠬᠦᠴᠢᠯᠲᠥ᠋ᠷᠥᠭᠴᠢ ᠢᠯᠭ᠋ᠠᠷᠠᠭᠤᠯᠬᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ᠂ ᠣᠷᠴᠢᠨ ᠠᠬᠤᠢ ᠵᠢ ᠴᠡᠪᠡᠷᠰᠢᠭᠦᠯᠦᠨ ᠭᠤᠶᠣᠵᠢᠭᠤᠯᠬᠤ ᠵᠡᠷᠭᠡ ᠠᠮᠢ ᠠᠬᠤᠢ ᠵᠢᠨ ᠦᠷ᠎ᠡ ᠠᠰᠢᠭ᠎ᠢ ᠭᠦᠢ᠍ᠴᠡᠳ ᠪᠡᠶᠡᠯᠡᠭᠦᠯᠵᠦ᠂ ᠭᠤᠣᠯᠳᠠᠯᠭ᠎ᠠ᠎ᠲᠠᠢ ᠭᠠᠵᠠᠷ ᠣᠷᠣᠨ᠎ᠤ ᠠᠮᠢ ᠠᠬᠤᠢ ᠵᠢᠨ ᠪᠠᠶ᠋ᠢᠳᠠᠯ᠎ᠢ ᠢᠯᠡᠳᠲᠡ ᠰᠠᠶ᠋ᠢᠵᠢᠷᠠᠭᠤᠯᠵᠠᠢ᠃ ᠤᠤᠯ᠎ᠤᠨ ᠡᠯᠡᠰᠦᠷᠬᠡᠭᠵᠢᠭᠰᠡᠨ ᠭᠠᠵᠠᠷ ᠰᠢᠷᠣᠢ ᠠᠭ᠋ᠠᠵᠢᠮ ᠵᠶ᠋ᠠᠷ ᠢᠭᠴᠤ ᠰᠠᠬᠤᠯᠢᠭ ᠤᠢ ᠮᠣᠳᠣ ᠪᠣᠯᠵᠤ᠂ ᠥᠩᠭᠡᠷᠡᠭᠰᠡᠨ᠎ᠤ ᠰᠠᠯᠬᠢ ᠰᠠᠯᠬᠢᠯᠠᠨ ᠳᠤᠭᠤᠷᠤᠮ ᠲᠣᠭᠤᠰᠣ ᠳᠡᠭᠳᠡᠵᠦ ᠪᠠᠶ᠋ᠢᠭᠰᠠᠨ ᠦᠵᠡᠭᠳᠡᠯ ᠠᠩᠬ᠎ᠠ ᠠᠯᠬᠤᠮ ᠰᠠᠶ᠋ᠢᠵᠢᠷᠠᠨ᠂ ᠡᠬᠡ ᠤᠯᠤᠰ᠎ᠤᠨ ᠤᠮᠠᠷᠠᠲᠤ ᠬᠢᠯᠢ ᠵᠢᠨ 《ᠲᠦᠮᠡᠨ ᠭᠠᠵᠠᠷ᠎ᠤᠨ ᠨᠣᠮᠢᠨ ᠨᠣᠭᠤᠭ᠋ᠠᠨ ᠤᠷᠳᠤ ᠴᠠᠭ᠋ᠠᠨ ᠬᠡᠷᠡᠮ》 ᠨᠢᠭᠡᠨᠲᠡ ᠠᠩᠬᠠᠨ᠎ᠤ ᠳᠦᠷᠰᠦ ᠪᠠᠶ᠋ᠢᠳᠠᠯ᠎ᠲᠠᠢ ᠪᠣᠯᠵᠠᠢ᠃
ᠳᠠᠷᠠᠭ᠋ᠠᠴᠢ ᠵᠢᠨ ᠠᠯᠬᠤᠮ᠎ᠳᠤ᠂ ᠠᠯᠠᠱ᠌ᠠ ᠵᠡᠭᠦᠨ ᠬᠤᠰᠢᠭᠤᠨ᠎ᠤ ᠰᠢᠨᠵᠢᠯᠡᠭᠡ ᠮᠡᠷᠭᠡᠵᠢᠯ ᠪᠣᠯᠣᠨ ᠣᠶ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ ᠣᠶ ᠰᠢᠭᠤᠢ ᠡᠪᠡᠰᠦ ᠪᠡᠯᠴᠢᠭᠡᠷ᠎ᠤᠨ ᠭᠤᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠦᠷᠭᠦᠯᠵᠢᠯᠡᠨ ᠭᠦᠨᠵᠡᠭᠡᠶ᠋ᠢᠷᠡᠭᠦᠯᠦᠨ ᠠᠬᠢᠭᠤᠯᠵᠤ᠂ ᠲᠥᠪ᠎ᠤᠨ ᠲᠥᠰᠥᠪ᠎ᠤᠨ ᠳᠣᠲᠣᠷᠠᠬᠢ ᠪᠡᠯᠡ ᠣᠷᠣᠭᠤᠯᠤᠯᠲᠠ᠎ᠳᠤ ᠲᠦᠰᠢᠭᠯᠡᠨ᠂ ᠠᠯᠠᠱ᠌ᠠ ᠠᠶ᠋ᠢᠮᠠᠭᠲᠠᠬᠢ ᠥᠪᠥᠷ ᠮᠣᠩᠭᠤᠯ᠎ᠤᠨ ᠪᠠᠷᠠᠭᠤᠨ ᠬᠡᠰᠡᠭ᠎ᠤᠨ ᠡᠯᠡᠰᠦᠨ ᠴᠥᠯ᠎ᠢ ᠶᠡᠷᠦᠩᠬᠡᠶ᠋ᠢᠯᠡᠨ ᠵᠠᠰᠠᠬᠤ ᠲᠥᠷᠥᠯ ᠵᠦᠢ᠍ᠯ (ᠬᠤᠶᠠᠳᠤᠭ᠋ᠠᠷ ᠬᠤᠭᠤᠴᠠᠭ᠎ᠠ) ᠤᠨ ᠪᠦᠲᠦᠭᠡᠨ ᠪᠠᠶ᠋ᠢᠭᠤᠯᠤᠯᠲᠠ ᠵᠢ ᠦᠷᠭᠦᠯᠵᠢᠯᠡᠨ ᠯᠠᠪᠳᠠᠭᠤᠨ ᠪᠠᠲᠤᠲᠠᠢ ᠠᠬᠢᠭᠤᠯᠵᠤ᠂ ᠠᠯᠠᠱ᠌ᠠ᠎ᠳᠠᠬᠢ ᠬᠠᠲᠤᠨ ᠭᠤᠣᠯ᠎ᠤᠨ 《ᠲᠣᠬᠤᠶ᠋ᠢᠯᠠᠭᠰᠠᠨ ᠮᠤᠷᠤᠶ᠋ᠢᠯᠲᠠ》 ᠵᠢᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠴᠢᠷᠮᠠᠶ᠋ᠢᠵᠤ ᠪᠡᠶᠡᠯᠡᠭᠦᠯᠦᠨ᠂ ᠲᠠᠷᠠᠭ᠋ᠠᠴᠢ ᠵᠢᠨ ᠱᠠᠲᠤᠨ᠎ᠳᠤ ᠤᠮᠠᠷᠠᠲᠤ ᠵᠢᠨ ᠭᠤᠷᠪᠠᠨ ᠣᠷᠣᠨ᠎ᠤ ᠵᠢᠷᠭᠤᠳᠤᠭ᠋ᠠᠷ ᠬᠤᠭᠤᠴᠠᠭ᠋ᠠᠨ᠎ᠤ ᠭᠤᠣᠯᠳᠠᠯᠭ᠎ᠠ᠎ᠲᠠᠢ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠥᠷᠨᠢᠭᠦᠯᠬᠦ᠎ᠳᠤ ᠪᠠᠲᠤ ᠪᠠᠬᠢ ᠰᠠᠭᠤᠷᠢ ᠵᠢ ᠲᠠᠯᠪᠢᠵᠤ᠂ ᠡᠬᠡ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠭᠦ ᠬᠦᠴᠦᠨ ᠵᠶ᠋ᠠᠷ ᠵᠶ᠋ᠠᠨ ᠪᠠᠬᠢᠵᠢᠭᠦᠯᠬᠦ᠎ᠪᠠᠷ ᠪᠠᠶ᠋ᠢᠨ᠎ᠠ᠃