ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠬᠥᠯᠥᠨ ᠪᠤᠶ᠋ᠢᠷ ᠬᠤᠲᠠ ᠵᠢᠨ ᠣᠶ ᠰᠢᠭᠤᠢ ᠨᠤᠲᠤᠭ ᠪᠡᠯᠴᠢᠭᠡᠷ᠎ᠢ ᠬᠠᠮᠢᠶᠠᠷᠬᠤ ᠳᠠᠷᠤᠭ᠎ᠠ ᠵᠢᠨ ᠳᠦᠷᠢᠮ᠎ᠤᠨ ᠠᠯᠪᠠᠨ ᠭᠡᠷ᠎ᠤᠨ ᠰᠢᠮᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ ᠰᠢᠨ᠎ᠡ ᠪᠠᠷᠭᠤ ᠪᠠᠷᠠᠭᠤᠨ ᠬᠤᠰᠢᠭᠤᠨ᠎ᠳᠤ ᠬᠦᠷᠴᠦ ᠰᠢᠮᠳᠠᠭᠤᠯᠤᠨ ᠪᠠᠶ᠋ᠢᠴᠠᠭ᠋ᠠᠯᠲᠠ ᠬᠢᠪᠡ
ᠨᠡᠶ᠋ᠢᠲᠡᠯᠡᠭᠰᠡᠨ ᠴᠠᠭ᠄ 2023-04-23

      4 ᠰᠠᠷ᠎ᠠ ᠵᠢᠨ 19᠎ᠤ ᠡᠳᠦᠷ᠂ ᠬᠥᠯᠥᠨ ᠪᠤᠶ᠋ᠢᠷ ᠬᠤᠲᠠ ᠵᠢᠨ ᠣᠶ ᠰᠢᠭᠤᠢ ᠵᠢ ᠬᠠᠮᠢᠶᠠᠷᠬᠤ ᠳᠠᠷᠤᠭ᠎ᠠ ᠵᠢᠨ ᠳᠦᠷᠢᠮ᠎ᠤᠨ ᠠᠯᠪᠠᠨ ᠭᠡᠷ᠎ᠤᠨ ᠳᠡᠳ᠋ ᠡᠷᠬᠢᠯᠡᠭᠴᠢ᠂ ᠳᠥᠷᠪᠡᠳᠦᠭᠡᠷ ᠳᠡᠰ᠎ᠤᠨ ᠪᠠᠶ᠋ᠢᠴᠠᠭ᠋ᠠᠨ ᠰᠤᠳᠤᠯᠤᠭᠴᠢ ᠰᠦᠨ ᠴᠧᠩ ᠶᠢᠦ ᠨᠠᠷ ᠮᠠᠨ᠎ᠤ ᠬᠤᠰᠢᠭᠤᠨ᠎ᠳᠤ ᠢᠷᠡᠵᠦ᠂ ᠣᠶ ᠰᠢᠭᠤᠢ ᠡᠪᠡᠰᠦ ᠪᠡᠯᠴᠢᠭᠡᠷ᠎ᠤᠨ ᠳᠠᠷᠤᠭ᠎ᠠ ᠵᠢᠨ ᠳᠦᠷᠢᠮ᠎ᠤᠨ ᠠᠵᠢᠯ᠎ᠢ ᠬᠡᠷᠡᠭᠵᠢᠭᠦᠯᠦᠭᠰᠡᠨ ᠪᠠᠶ᠋ᠢᠳᠠᠯ᠎ᠢ ᠰᠢᠮᠳᠠᠭᠤᠯᠤᠨ ᠪᠠᠶ᠋ᠢᠴᠠᠭ᠋ᠠᠬᠤ ᠵᠢᠨ ᠬᠠᠮᠲᠤ ᠰᠢᠮᠳᠠᠭᠤᠯᠤᠨ ᠪᠠᠶ᠋ᠢᠴᠠᠭ᠋ᠠᠯᠲᠠ ᠵᠢᠨ ᠬᠠᠷᠢᠭᠤ ᠮᠡᠳᠡᠭᠦᠯᠦᠯᠲᠡ ᠵᠢᠨ ᠬᠤᠷᠠᠯ ᠬᠢᠪᠡ᠃ ᠬᠤᠰᠢᠭᠤᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠵᠠᠰᠠᠭ᠎ᠤᠨ ᠣᠷᠳᠣᠨ᠎ᠤ ᠳᠡᠳ᠋ ᠬᠤᠰᠢᠭᠤᠨ ᠳᠠᠷᠤᠭ᠎ᠠ ᠪᠠᠢ ᠴᠦᠨ ᠮᠧᠢ ᠬᠤᠷᠠᠯ᠎ᠳᠤ ᠣᠷᠣᠯᠴᠠᠪᠠ᠃ 
      ᠬᠤᠷᠠᠯ ᠳᠡᠭᠡᠷ᠎ᠡ᠂ ᠪᠠᠢ ᠴᠦᠨ ᠮᠧᠢ ᠮᠠᠨ᠎ᠤ ᠬᠤᠰᠢᠭᠤᠨ᠎ᠤ ᠣᠶ ᠰᠢᠭᠤᠢ ᠨᠤᠲᠤᠭ ᠪᠡᠯᠴᠢᠭᠡᠷ᠎ᠤᠨ ᠳᠦᠷᠢᠮ᠎ᠤᠨ ᠠᠵᠢᠯ᠎ᠢ ᠲᠤᠤᠱᠯᠠᠭᠤᠯᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠵᠶ᠋ᠠᠨ ᠬᠠᠷᠢᠭᠤ ᠮᠡᠳᠡᠭᠦᠯᠪᠡ᠃ ᠬᠥᠯᠥᠨ ᠪᠤᠶ᠋ᠢᠷ ᠬᠤᠳᠠ ᠵᠢᠨ ᠰᠢᠮᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠠᠴᠠ᠂ ᠦᠵᠡᠯ ᠰᠠᠨᠠᠭ᠋ᠠᠨ᠎ᠤ ᠵᠣᠭᠰᠣᠴᠠ᠎ᠪᠠᠨ ᠳᠡᠭᠡᠭᠰᠢᠯᠡᠭᠦᠯᠦᠨ᠂ ᠠᠵᠢᠯ᠎ᠤᠨ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠵᠤ᠂ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠤᠢ ᠰᠢᠭᠤᠢ ᠨᠤᠲᠤᠭ ᠪᠡᠯᠴᠢᠭᠡᠷ ᠨᠤᠭᠤ ᠭᠠᠵᠠᠷ᠎ᠤᠨ ᠡᠬᠢ ᠪᠠᠶᠠᠯᠢᠭ᠎ᠢ ᠬᠠᠮᠠᠭ᠋ᠠᠯᠠᠨ ᠬᠥᠭᠵᠢᠭᠦᠯᠬᠦ ᠭᠤᠣᠯ ᠴᠣᠭᠴᠠ ᠵᠢᠨ ᠬᠠᠷᠢᠭᠤᠴᠠᠯᠭ᠎ᠠ ᠵᠢ ᠤᠯᠠᠮ ᠴᠢᠨᠠᠭᠰᠢᠳᠠ ᠨᠠᠶ᠋ᠢᠳᠠᠪᠤᠷᠢᠵᠢᠭᠤᠯᠤᠨ᠂ ᠤᠢ ᠰᠢᠭᠤᠢ ᠨᠤᠲᠤᠭ ᠪᠡᠯᠴᠢᠭᠡᠷ᠎ᠢ ᠬᠠᠮᠢᠶᠠᠷᠬᠤ ᠳᠠᠷᠤᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠡᠯ᠎ᠡ ᠣᠶ ᠰᠢᠭᠤᠢ ᠨᠤᠲᠤᠭ ᠪᠡᠯᠴᠢᠭᠡᠷ᠎ᠢ ᠬᠠᠮᠢᠶᠠᠷᠬᠤ ᠳᠠᠷᠤᠭ᠎ᠠ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠰᠠᠨᠠᠭ᠋ᠠᠴᠢᠯᠠᠭ᠎ᠠ᠎ᠠᠴᠠ᠎ᠪᠠᠨ ᠲᠦᠷᠦᠭᠦᠯᠡᠨ ᠣᠶ ᠰᠢᠭᠤᠢ ᠨᠤᠲᠤᠭ ᠪᠡᠯᠴᠢᠭᠡᠷ᠎ᠢ ᠲᠣᠭᠤᠷᠢᠨ ᠪᠠᠶ᠋ᠢᠴᠠᠭ᠋ᠠᠵᠤ᠂ ᠲᠣᠰ ᠭᠠᠵᠠᠷ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠢ ᠬᠠᠮᠢᠶᠠᠷᠬᠤ ᠳᠠᠷᠤᠭ᠎ᠠ ᠵᠢᠨ ᠳᠦᠷᠢᠮ᠎ᠤᠨ ᠠᠵᠢᠯ᠎ᠢ ᠠᠬᠢᠭᠤᠯᠬᠤ᠎ᠳᠤ ᠲᠣᠬᠢᠷᠠᠬᠤ ᠰᠢᠨ᠎ᠡ ᠠᠷᠭ᠎ᠠ᠂ ᠰᠢᠨ᠎ᠡ ᠰᠡᠳᠬᠢᠮᠵᠢ ᠵᠢ ᠰᠦᠪᠡᠭᠴᠢᠯᠡᠨ ᠰᠢᠨ᠎ᠡ ᠵᠢ ᠡᠭᠦᠳᠴᠦ᠂ ᠡᠯ᠎ᠡ ᠣᠶ ᠰᠢᠭᠤᠢ ᠨᠤᠲᠤᠭ ᠪᠡᠯᠴᠢᠭᠡᠷ᠎ᠢ ᠬᠠᠮᠢᠶᠠᠷᠬᠤ ᠳᠠᠷᠤᠭ᠎ᠠ ᠵᠢᠨ ᠳᠦᠷᠢᠮ᠎ᠤᠨ ᠬᠡᠷᠡᠭ ᠡᠷᠭᠢᠯᠡᠬᠦ ᠪᠠᠶ᠋ᠢᠭᠤᠯᠤᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ ᠠᠵᠢᠯ᠎ᠤᠨ ᠡᠬᠡ ᠲᠠᠩᠰᠠ ᠵᠢ ᠴᠤᠭᠯᠠᠭᠤᠯᠬᠤ᠂ ᠡᠮᠬᠢᠯᠡᠬᠦ᠂ ᠲᠠᠩᠰᠠ ᠡᠪᠬᠡᠮᠡᠯ᠎ᠳᠤ ᠣᠷᠣᠭᠤᠯᠬᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠣᠶ ᠰᠢᠭᠤᠢ ᠨᠤᠲᠤᠭ ᠪᠡᠯᠴᠢᠭᠡᠷ᠎ᠢ ᠬᠠᠮᠢᠶᠠᠷᠬᠤ ᠳᠠᠷᠤᠭ᠎ᠠ ᠵᠢᠨ ᠳᠦᠷᠢᠮ᠎ᠤᠨ ᠡᠯ᠎ᠡ ᠵᠦᠢ᠍ᠯ᠎ᠤᠨ ᠠᠵᠢᠯ᠎ᠤᠨ ᠡᠭᠦᠷᠭᠡ ᠵᠢ ᠬᠢᠨᠠᠮᠠᠭ᠋ᠠᠢ ᠰᠠᠶ᠋ᠢᠲᠤᠷ ᠨᠠᠶ᠋ᠢᠳᠠᠪᠤᠷᠢᠵᠢᠭᠤᠯᠵᠤ᠂ 《ᠣᠶ ᠰᠢᠭᠤᠢ ᠨᠤᠲᠤᠭ ᠪᠡᠯᠴᠢᠭᠡᠷ᠎ᠢ ᠬᠠᠮᠢᠶᠠᠷᠬᠤ ᠳᠠᠷᠤᠭ᠎ᠠ ᠵᠢᠨ ᠳᠦᠷᠢᠮ》᠎ᠢ ᠪᠡᠶᠡᠯᠡᠭᠦᠯᠵᠦ᠂ 《ᠣᠶ ᠰᠢᠭᠤᠢ ᠨᠤᠲᠤᠭ ᠪᠡᠯᠴᠢᠭᠡᠷ᠎ᠢ ᠬᠠᠮᠢᠶᠠᠷᠬᠤ ᠳᠠᠷᠤᠭ᠎ᠠ ᠵᠢᠨ ᠵᠠᠰᠠᠯᠲᠠ》 ᠵᠢ ᠠᠬᠢᠭᠤᠯᠬᠤ ᠬᠡᠷᠡᠭᠲᠡᠢ ᠭᠡᠪᠡ᠃

6381767364936295229160779.jpg

ᠢᠷᠡᠯᠲᠡ᠄ ᠭᠦᠯᠦᠨ ᠪᠤᠢ᠌ᠷ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
ᠤᠷᠳᠤᠰ ᠬᠤᠲᠠ ᠵᠢᠨ ᠬᠠᠩᠬᠢᠨ ᠬᠤᠰᠢᠭᠤᠨ᠎ᠤ ᠢ ᠯᠢ ᠵᠢᠨ ᠬᠦᠪᠴᠢ ᠵᠢᠨ ᠡᠯᠡᠰᠤᠨ᠎ᠤ ᠭᠡᠷᠡᠯ ᠴᠡᠨᠡᠭ ᠵᠶ᠋ᠠᠷ ᠡᠯᠡᠰᠤ ᠵᠢ ᠵᠠᠰᠠᠬᠤ ᠰᠠᠭᠤᠷᠢᠨ ᠭᠠᠵᠠᠷ᠎ᠤᠨ ᠪᠦᠳᠦᠭᠡᠨ ᠪᠠᠶ᠋ᠢᠭᠤᠯᠤᠯᠳᠠ ᠵᠢᠨ ᠠᠵᠢᠯ ᠶᠠᠭ ᠡᠷᠴᠢᠮᠳᠡᠢ ᠶᠠᠪᠤᠭᠳᠠᠵᠤ ᠪᠠᠶ᠋ᠢᠨ᠎ᠠ
ᠬᠤᠷᠢᠨᠭᠡᠷ ᠰᠢᠶᠠᠨ᠎ᠤ ᠣᠶ ᠰᠢᠭᠤᠶ ᠪᠠ ᠡᠪᠡᠰᠦ ᠪᠡᠯᠴᠢᠭᠡᠷ᠎ᠤᠨ ᠲᠣᠪᠴᠢᠶ᠎ᠠ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠶ ᠰᠢᠭᠤᠶ ᠵᠢᠨ ᠡᠬᠢ ᠪᠠᠶᠠᠯᠢᠭ᠎ᠤᠨ ᠶᠡᠷᠦᠩᠬᠡᠶ᠋ᠢᠯᠡᠭᠰᠡᠨ ᠪᠠᠶ᠋ᠢᠴᠠᠭ᠋ᠠᠯᠲᠠ ᠵᠢᠨ ᠠᠵᠢᠯ ᠥᠷᠨᠢᠭᠦᠯᠪᠡ
ᠨᠣᠲᠤᠭ ᠪᠡᠯᠴᠢᠭᠡᠷ᠎ᠤᠨ ᠬᠡᠭᠡᠷ᠎ᠡ ᠵᠢᠨ ᠡᠮᠲᠦ ᠣᠷᠭᠤᠮᠠᠯ᠎ᠢ ᠬᠠᠤᠯᠢ ᠪᠤᠰᠤ᠎ᠪᠠᠷ ᠮᠠᠯᠲᠠᠭᠰᠠᠨ ᠶᠠᠯᠠᠲᠣ ᠠᠵᠢᠯᠯᠠᠭ᠎ᠠ᠎ᠳᠤ ᠴᠢᠩᠭ᠎ᠠ ᠴᠣᠬᠢᠯᠲᠠ ᠦᠭᠴᠦ ᠨᠣᠲᠤᠭ ᠪᠡᠯᠴᠢᠭᠡᠷ᠎ᠤᠨ ᠠᠮᠢ ᠠᠬᠤᠢ ᠵᠢᠨ ᠣᠷᠴᠢᠨ ᠨᠥᠭᠦᠴᠡᠯ ᠎ᠢ ᠪᠥᠬᠦ ᠬᠦᠴᠦᠨ ᠵᠶ᠋ᠠᠷ ᠬᠠᠮᠠᠭ᠋ᠠᠯᠠᠨ᠎ᠠ
ᠬᠦᠬᠡᠬᠤᠳᠡ ᠵᠢᠨ ᠲᠣᠭᠲᠠᠬᠤ ᠰᠢᠶᠠᠨ᠄ ᠠᠮᠢ ᠠᠬᠤᠢ ᠭᠤᠶ᠋ᠢᠳᠠ ᠰᠠᠶ᠋ᠢᠬᠠᠨ ᠬᠠᠲᠤᠨ ᠭᠤᠣᠯ᠎ᠤᠨ ᠨᠤᠭᠤ ᠭᠠᠵᠠᠷ
 
             蒙ICP备05000248号