ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠬᠤᠷᠢᠨᠭᠡᠷ ᠰᠢᠶᠠᠨ᠎ᠤ ᠣᠶ ᠰᠢᠭᠤᠶ ᠪᠠ ᠡᠪᠡᠰᠦ ᠪᠡᠯᠴᠢᠭᠡᠷ᠎ᠤᠨ ᠲᠣᠪᠴᠢᠶ᠎ᠠ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2023-05-22

      ᠶᠡᠷᠦᠩᠬᠡᠶ ᠱᠦᠵᠢ ᠰᠢ ᠵᠢᠨ ᠫᠢᠩ᠎ᠤᠨ ᠤᠢ ᠰᠢᠭᠤᠶ ᠨᠤᠲᠤᠭ ᠪᠡᠯᠴᠢᠭᠡᠷ᠎ᠤᠨ ᠭᠠᠯ ᠤᠨᠲᠠᠷᠠᠭ᠋ᠠᠬᠤ ᠠᠵᠢᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠤᠷᠢᠳᠴᠢᠯᠠᠨ ᠰᠡᠷᠭᠡᠶ᠋ᠢᠯᠡᠬᠦ᠎ᠪᠠᠷ ᠭᠤᠣᠯ ᠪᠣᠯᠭ᠋ᠠᠨ᠂ ᠰᠢᠨᠵᠢᠯᠡᠬᠦ ᠤᠬᠠᠭ᠋ᠠᠨᠴᠢ᠎ᠪᠠᠷ ᠭᠠᠯ ᠤᠨᠲᠠᠷᠠᠭ᠋ᠠᠵᠤ᠂ ᠢᠳᠡᠪᠬᠢᠲᠡᠶ᠎ᠪᠠᠷ ᠤᠰᠠᠳᠬᠠᠬᠤ》 ᠤᠢ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠴᠢᠭᠯᠡᠯᠲᠡ ᠵᠢ ᠴᠢᠩᠭ᠎ᠠ ᠬᠡᠷᠡᠭᠵᠢᠭᠦᠯᠵᠦ᠂ 《ᠤᠢ ᠰᠢᠭᠤᠶ ᠵᠢᠨ ᠭᠠᠯ ᠰᠡᠷᠭᠡᠶ᠋ᠢᠯᠡᠬᠦ᠎ᠳᠤ ᠬᠥᠮᠦᠨ ᠪᠦᠬᠦᠨ ᠬᠠᠷᠢᠭᠤᠴᠠᠯᠭ᠎ᠠ᠎ᠲᠠᠢ》 ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠶ᠃ 5 ᠰᠠᠷ᠎ᠠ ᠵᠢᠨ 12᠎ᠤᠨ ᠡᠳᠦᠷ᠂ ᠬᠤᠷᠢᠨᠭᠡᠷ ᠰᠢᠶᠠᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠤᠨ ᠵᠢᠯᠣᠭᠤᠳᠬᠤ ᠭᠠᠵᠠᠷ 《ᠪᠥᠬᠦ ᠤᠯᠤᠰ᠎ᠤᠨ ᠭᠠᠵᠠᠷ ᠬᠥᠳᠡᠯᠦᠯᠲᠡ᠎ᠠᠴᠠ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠡᠳᠦᠷ》 ᠵᠶ᠋ᠠᠷ ᠲᠣᠬᠢᠶᠠᠯ ᠪᠣᠯᠭ᠋ᠠᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ᠎ᠤᠨ ᠲᠣᠪᠴᠢᠶ᠎ᠠ ᠵᠢ ᠵᠣᠬᠢᠶᠠᠨ ᠪᠠᠶ᠋ᠢᠭᠤᠯᠵᠤ ᠬᠤᠷᠢᠨᠭᠡᠷ ᠰᠢᠶᠠᠨ᠎ᠤ ᠠᠭᠤᠳᠠᠮ ᠲᠠᠯᠠᠪᠠᠶ᠎ᠳᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠤᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ᠃

      ᠠᠵᠢᠯᠯᠠᠭ᠎ᠠ ᠵᠢᠨ ᠲᠤᠬᠠᠶ ᠵᠢᠨ ᠲᠠᠯᠠᠪᠤᠷ᠎ᠲᠤ᠂ ᠠᠰᠠᠭᠤᠨ ᠯᠠᠪᠯᠠᠬᠤ ᠲᠠᠪᠴᠠᠩ ᠪᠠᠶ᠋ᠢᠭᠤᠯᠬᠤ᠂ ᠡᠯᠭᠦᠭᠡ ᠪᠢᠴᠢᠭᠡᠰᠦ ᠡᠯᠭᠦᠬᠦ᠂ ᠤᠬᠠᠭᠤᠯᠬᠤ ᠮᠠᠲ᠋ᠧᠷᠢᠶᠠᠯ ᠲᠠᠷᠬᠠᠭ᠋ᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠨᠠᠰᠢ ᠴᠠᠰᠢ ᠥᠩᠭᠡᠷᠡᠬᠦ ᠣᠯᠠᠨ ᠲᠦᠮᠡᠨ᠎ᠳᠤ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠣᠶ ᠰᠢᠭᠤᠶ ᠵᠢᠨ ᠬᠠᠤᠯᠢ》 《ᠣᠶ ᠰᠢᠭᠤᠶ ᠵᠢᠨ ᠭᠠᠯ ᠰᠡᠷᠭᠡᠶ᠋ᠢᠯᠡᠬᠦ ᠲᠦᠷᠢᠮ》 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠭᠠᠯ ᠰᠡᠷᠭᠡᠶ᠋ᠢᠯᠡᠬᠦ ᠲᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠵᠤ᠂ ᠣᠯᠠᠨ ᠲᠦᠮᠡᠨ᠎ᠢ ᠬᠥᠮᠦᠵᠢᠭᠦᠯᠦᠨ ᠬᠥᠲᠥᠯᠦᠨ ᠵᠢᠯᠣᠭᠤᠳᠴᠤ ᠪᠠᠶ᠋ᠢᠭ᠋ᠠᠳ ᠬᠠᠤᠯᠢ ᠶᠣᠰᠣᠭ᠋ᠠᠷ᠂ ᠲᠣᠭᠲᠠᠭ᠋ᠠᠯ ᠶᠣᠰᠣᠭ᠋ᠠᠷ᠂ ᠰᠢᠨᠵᠢᠯᠡᠬᠦ ᠤᠬᠠᠭ᠋ᠠᠨᠴᠢ᠎ᠪᠠᠷ ᠭᠠᠯ ᠬᠡᠷᠡᠭᠯᠡᠭᠦᠯᠬᠦ ᠬᠡᠷᠡᠭᠲᠡᠶ᠃

      ᠲᠤᠰ ᠤᠳᠠᠭ᠋ᠠᠨ᠎ᠤ ᠤᠬᠠᠭᠤᠯᠭ᠎ᠠ ᠵᠢᠨ ᠠᠵᠢᠯᠯᠠᠭ᠎ᠠ᠎ᠪᠠᠷ ᠥᠷᠭᠡᠨ ᠣᠯᠠᠨ ᠲᠦᠮᠡᠨ᠎ᠢ ᠤᠷᠢᠶᠠᠯᠠᠨ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠬᠠᠤᠯᠢ ᠲᠣᠭᠲᠠᠭ᠋ᠠᠯ᠎ᠢ ᠵᠢᠷᠤᠮᠯᠠᠭᠤᠯᠵᠤ᠂ ᠣᠶ ᠰᠢᠭᠤᠶ ᠵᠢᠨ ᠭᠠᠯ᠎ᠤᠨ ᠠᠶᠤᠯ᠎ᠤᠨ ᠳᠠᠯᠳᠠ ᠬᠡᠮ᠎ᠢ ᠤᠷᠢᠳᠴᠢᠯᠠᠨ ᠰᠡᠷᠭᠡᠶ᠋ᠢᠯᠡᠵᠦ᠂ ᠣᠯᠠᠨ ᠲᠦᠮᠡᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠦᠵᠡᠯ ᠤᠬᠠᠮᠰᠠᠷ ᠪᠠ ᠬᠠᠤᠯᠢ᠎ᠪᠠᠷ ᠵᠠᠰᠠᠬᠤ ᠦᠵᠡᠯᠲᠡ ᠵᠢ ᠤᠯᠠᠮ ᠨᠢᠭᠡ ᠠᠯᠬᠤᠮ ᠴᠢᠩᠭ᠋ᠠᠷᠠᠭᠤᠯᠤᠨ᠂ ᠣᠯᠠᠨ ᠲᠦᠮᠡᠨ᠎ᠢ ᠬᠥᠲᠥᠯᠦᠨ ᠵᠢᠯᠣᠭᠤᠳᠴᠤ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠳᠤ ᠢᠳᠡᠪᠬᠢᠲᠡᠶ ᠣᠷᠣᠯᠴᠠᠭᠤᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠤᠨ ᠭᠠᠮᠰᠢᠭ᠎ᠢ ᠡᠬᠢ ᠡᠭᠦᠰᠦᠯ᠎ᠠᠴᠠ᠎ᠨᠢ ᠤᠷᠢᠳᠴᠢᠯᠠᠨ ᠰᠡᠷᠭᠡᠶ᠋ᠢᠯᠡᠵᠦ᠂ ᠠᠷᠠᠳ ᠲᠦᠮᠡᠨ᠎ᠤ ᠠᠮᠢ ᠨᠠᠰᠤ ᠡᠳ᠋ ᠬᠥᠷᠥᠩᠭᠡ ᠪᠠ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠠᠮᠤᠷ ᠲᠦᠪᠰᠢᠨ᠎ᠢ ᠦᠨᠡᠨᠬᠦ ᠪᠠᠲᠤᠯᠠᠬᠤ ᠬᠡᠷᠡᠭᠲᠡᠶ᠃

ᠢᠷᠡᠯᠲᠡ᠄ ᠬᠤᠷᠢᠨᠭᠡᠷ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠶ ᠰᠢᠭᠤᠶ ᠵᠢᠨ ᠡᠬᠢ ᠪᠠᠶᠠᠯᠢᠭ᠎ᠤᠨ ᠶᠡᠷᠦᠩᠬᠡᠶ᠋ᠢᠯᠡᠭᠰᠡᠨ ᠪᠠᠶ᠋ᠢᠴᠠᠭ᠋ᠠᠯᠲᠠ ᠵᠢᠨ ᠠᠵᠢᠯ ᠥᠷᠨᠢᠭᠦᠯᠪᠡ
ᠨᠣᠲᠤᠭ ᠪᠡᠯᠴᠢᠭᠡᠷ᠎ᠤᠨ ᠬᠡᠭᠡᠷ᠎ᠡ ᠵᠢᠨ ᠡᠮᠲᠦ ᠣᠷᠭᠤᠮᠠᠯ᠎ᠢ ᠬᠠᠤᠯᠢ ᠪᠤᠰᠤ᠎ᠪᠠᠷ ᠮᠠᠯᠲᠠᠭᠰᠠᠨ ᠶᠠᠯᠠᠲᠣ ᠠᠵᠢᠯᠯᠠᠭ᠎ᠠ᠎ᠳᠤ ᠴᠢᠩᠭ᠎ᠠ ᠴᠣᠬᠢᠯᠲᠠ ᠦᠭᠴᠦ ᠨᠣᠲᠤᠭ ᠪᠡᠯᠴᠢᠭᠡᠷ᠎ᠤᠨ ᠠᠮᠢ ᠠᠬᠤᠢ ᠵᠢᠨ ᠣᠷᠴᠢᠨ ᠨᠥᠭᠦᠴᠡᠯ ᠎ᠢ ᠪᠥᠬᠦ ᠬᠦᠴᠦᠨ ᠵᠶ᠋ᠠᠷ ᠬᠠᠮᠠᠭ᠋ᠠᠯᠠᠨ᠎ᠠ
ᠬᠦᠬᠡᠬᠤᠳᠡ ᠵᠢᠨ ᠲᠣᠭᠲᠠᠬᠤ ᠰᠢᠶᠠᠨ᠄ ᠠᠮᠢ ᠠᠬᠤᠢ ᠭᠤᠶ᠋ᠢᠳᠠ ᠰᠠᠶ᠋ᠢᠬᠠᠨ ᠬᠠᠲᠤᠨ ᠭᠤᠣᠯ᠎ᠤᠨ ᠨᠤᠭᠤ ᠭᠠᠵᠠᠷ
ᠰᠢᠯᠢ ᠵᠢᠨ ᠭᠣᠤᠯ ᠠᠶ᠋ᠢᠮᠠᠭ 2023 ᠣᠨ᠎ᠤ ᠨᠤᠲᠤᠭ ᠪᠡᠯᠴᠢᠭᠡᠷ᠎ᠢ ᠵᠠᠰᠠᠨ ᠰᠡᠷᠭᠦᠭᠡᠬᠦ ᠢᠨᠵᠧᠨᠧᠷᠢᠩ᠎ᠢ ᠤᠷᠤᠭᠰᠢᠲᠠᠶ ᠠᠬᠢᠭᠤᠯᠪᠠ
ᠠᠯᠠᠱ᠌ᠠ ᠠᠢ᠌ᠮᠠᠭ᠎ᠤᠨ ᠡᠵᠡᠨ᠎ᠡ ᠬᠤᠰᠢᠭᠤ 13.13 ᠲᠦᠮᠡᠨ ᠲᠥᠭᠦᠷᠢᠭ᠎ᠤᠨ ᠣᠶ ᠰᠢᠭᠤᠢ ᠵᠢ ᠠᠷᠠᠴᠢᠯᠠᠨ ᠪᠣᠶ᠋ᠢᠵᠢᠭᠤᠯᠬᠤ ᠨᠥᠬᠦᠪᠦᠷᠢ ᠮᠥᠩᠭᠦ ᠵᠢ ᠲᠠᠷᠬᠠᠭ᠋ᠠᠪᠠ
 
             蒙ICP备05000248号