ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠶ ᠰᠢᠭᠤᠶ ᠵᠢᠨ ᠡᠬᠢ ᠪᠠᠶᠠᠯᠢᠭ᠎ᠤᠨ ᠶᠡᠷᠦᠩᠬᠡᠶ᠋ᠢᠯᠡᠭᠰᠡᠨ ᠪᠠᠶ᠋ᠢᠴᠠᠭ᠋ᠠᠯᠲᠠ ᠵᠢᠨ ᠠᠵᠢᠯ ᠥᠷᠨᠢᠭᠦᠯᠪᠡ
ᠨᠡᠶ᠋ᠢᠲᠡᠯᠡᠭᠰᠡᠨ ᠴᠠᠭ᠄ 2023-05-30

      ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠡᠯ᠎ᠡ ᠲᠥᠷᠥᠯ᠎ᠤᠨ ᠣᠶ᠋ᠢᠲᠤ ᠭᠠᠵᠠᠷ᠎ᠤᠨ ᠲᠠᠯᠠᠪᠠᠶ ᠵᠢ ᠤᠯᠠᠮ ᠨᠢᠭᠡ ᠠᠯᠬᠤᠮ ᠬᠢᠨᠠᠨ ᠬᠠᠷᠭᠤᠭᠤᠯᠤᠨ᠂ ᠪᠥᠬᠦ ᠬᠤᠰᠢᠭᠤᠨ᠎ᠤ ᠣᠶ ᠰᠢᠭᠤᠶ ᠵᠢᠨ ᠡᠬᠢ ᠪᠠᠶᠠᠯᠢᠭ᠎ᠢ ᠪᠦᠲᠦᠮᠵᠢᠲᠡᠶ ᠬᠠᠮᠠᠭ᠋ᠠᠯᠠᠵᠤ᠂ ᠰᠢᠨᠵᠢᠯᠡᠬᠦ ᠤᠬᠠᠭ᠋ᠠᠨᠴᠢ᠎ᠪᠠᠷ ᠬᠠᠮᠢᠶᠠᠷᠴᠤ᠂ ᠵᠢᠷᠤᠮᠵᠢᠭᠤᠯᠤᠨ ᠡᠵᠡᠩᠨᠡᠵᠦ᠂ ᠣᠶ ᠰᠢᠭᠤᠶ ᠵᠢᠨ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠣᠨᠣᠪᠴᠢᠲᠠᠶ ᠪᠥᠭᠡᠳ ᠪᠦᠲᠦᠮᠵᠢᠲᠡᠶ ᠬᠡᠷᠡᠭᠵᠢᠭᠦᠯᠬᠦ ᠵᠢᠨ ᠲᠥᠯᠥᠭᠡ 5 ᠰᠠᠷ᠎ᠠ ᠵᠢᠨ 21᠎ᠤ ᠡᠳᠦᠷ᠎ᠠᠴᠠ 22᠎ᠤ ᠡᠳᠦᠷ ᠪᠣᠯᠲᠠᠯ᠎ᠠ᠂ ᠥᠪᠥᠷ ᠮᠣᠩᠭᠤᠯ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠬᠢᠨᠠᠨ ᠬᠡᠮᠵᠢᠯᠲᠡ ᠵᠢᠨ ᠲᠥᠯᠥᠪᠵᠢᠭᠦᠯᠭᠡ ᠵᠢᠨ ᠬᠦᠷᠢᠶᠡᠯᠡᠩ᠎ᠤᠨ ᠸᠠᠩ ᠯᠢ ᠮᠢᠨ ᠡᠷᠭᠢᠯᠡᠭᠴᠢ ᠨᠡᠷ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠨᠠᠷᠢᠨ ᠨᠢᠮᠪᠠᠶ ᠵᠣᠬᠢᠶᠠᠨ ᠪᠠᠶ᠋ᠢᠭᠤᠯᠵᠤ᠂ ᠮᠠᠨ᠎ᠤ ᠬᠤᠰᠢᠭᠤᠨ᠎ᠤ ᠨᠠᠷᠠᠰᠤᠲᠠᠶ ᠣᠶ ᠰᠢᠭᠤᠶ ᠵᠢᠨ ᠬᠠᠮᠢᠶᠠᠷᠤᠨ ᠬᠠᠮᠠᠭ᠋ᠠᠯᠠᠬᠤ ᠲᠥᠪ᠂ ᠬᠥᠬᠡᠪᠦᠷ ᠪᠠᠯᠭ᠋ᠠᠰᠤ᠂ ᠲᠡᠰᠭᠢ ᠪᠠᠯᠭ᠋ᠠᠰᠤᠨ᠎ᠳᠤ ᠭᠦᠨᠵᠡᠭᠡᠶ᠋ᠢᠷᠡᠨ ᠣᠶ ᠰᠢᠭᠤᠶ ᠵᠢᠨ ᠡᠬᠢ ᠪᠠᠶᠠᠯᠢᠭ᠎ᠤᠨ ᠶᠡᠷᠦᠩᠬᠡᠶ᠋ᠢᠯᠡᠭᠰᠡᠨ ᠪᠠᠶ᠋ᠢᠴᠠᠭ᠋ᠠᠯᠲᠠ᠂ ᠬᠢᠨᠠᠨ ᠬᠡᠮᠵᠢᠯᠲᠡ ᠪᠠ ᠦᠨᠡᠯᠡᠯᠲᠡ ᠵᠢᠨ ᠠᠵᠢᠯ ᠥᠷᠨᠢᠭᠦᠯᠵᠦ᠂ ᠬᠤᠰᠢᠭᠤᠨ᠎ᠤ ᠣᠶ ᠰᠢᠭᠤᠶ ᠡᠪᠡᠰᠦ ᠪᠡᠯᠴᠢᠭᠡᠷ᠎ᠤᠨ ᠲᠣᠪᠴᠢᠶ᠎ᠠ ᠵᠢᠨ ᠳᠡᠳ᠋ ᠳᠠᠷᠤᠭ᠎ᠠ ᠲᠠᠯ᠎ᠠ ᠵᠢᠴᠢ ᠬᠠᠮᠢᠶ᠎ᠠ ᠪᠥᠬᠦᠶ ᠮᠡᠷᠭᠡᠵᠢᠯ᠎ᠤᠨ ᠠᠵᠢᠯᠲᠠᠨ ᠪᠠᠶ᠋ᠢᠴᠠᠭ᠋ᠠᠯᠲᠠ ᠵᠢᠨ ᠠᠵᠢᠯ᠎ᠳᠤ ᠣᠷᠣᠯᠴᠠᠪᠠ᠃

微信图片_20230530113331.jpg   

     

      ᠪᠠᠶ᠋ᠢᠴᠠᠭ᠋ᠠᠯᠲᠠ ᠵᠢᠨ ᠲᠤᠭ᠎ᠠ ᠪᠠᠷᠢᠮᠲᠠ ᠵᠢᠨ ᠶᠠᠰᠤ ᠴᠢᠨᠠᠷ ᠪᠠ ᠣᠨᠣᠪᠴᠢᠲᠤ ᠴᠢᠨᠠᠷ᠎ᠢ ᠦᠨᠡᠨ ᠬᠦ᠌ ᠪᠠᠲᠤᠯᠠᠬᠤ ᠵᠢᠨ ᠲᠥᠯᠥᠭᠡ᠂ ᠪᠠᠶ᠋ᠢᠴᠠᠭ᠋ᠠᠯᠲᠠ ᠵᠢᠨ ᠠᠩᠭᠢ ᠵᠢᠨ ᠠᠵᠢᠯᠲᠠᠳ ᠠᠭᠤᠯᠠᠨ ᠣᠶ᠎ᠳᠤ ᠭᠦᠨᠵᠡᠭᠡᠶ᠋ᠢᠷᠡᠨ᠂ ᠦᠯᠢᠭᠡᠷ ᠭᠠᠵᠠᠷ᠂ ᠦᠯᠢᠭᠡᠷ ᠮᠣᠳᠣᠨ ᠭᠧᠨ ᠵᠡᠷᠭᠡ᠎ᠳᠤ ᠪᠠᠶ᠋ᠢᠴᠠᠭ᠋ᠠᠯᠲᠠ ᠵᠢᠨ ᠲᠡᠮᠳᠡᠭᠯᠡᠯ ᠬᠢᠵᠦ᠂ ᠣᠶ ᠰᠢᠭᠤᠶ ᠵᠢᠨ ᠡᠬᠢ ᠪᠠᠶᠠᠯᠢᠭ᠎ᠤᠨ ᠬᠠᠳᠠᠭ᠋ᠠᠯᠠᠭᠳᠠᠴᠠ᠂ ᠶᠠᠰᠤ ᠴᠢᠨᠠᠷ᠂ ᠪᠦᠲᠦᠴᠡ ᠵᠢᠴᠢ ᠬᠤᠪᠢᠷᠠᠯᠲᠠ ᠵᠢᠨ ᠲᠤᠬᠠᠶ ᠲᠤᠭ᠎ᠠ ᠪᠠᠷᠢᠮᠲᠠ ᠵᠢ ᠣᠯᠵᠤ ᠠᠪᠴᠠᠢ᠃ ᠲᠡᠳᠡ ᠰᠠᠯᠬᠢ ᠰᠢᠭᠤᠷᠭ᠋ᠠᠨ᠎ᠢ ᠬᠠᠶ᠋ᠢᠬᠤᠷᠤᠯ ᠦᠭᠡᠢ᠂ ᠡᠩᠬᠦᠯ ᠳᠤᠩᠬᠤᠯ ᠠᠭᠤᠯᠠᠨ ᠵᠠᠮ ᠵᠶ᠋ᠠᠷ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠯᠲᠠ ᠬᠢᠵᠦ ᠬᠢᠨᠠᠨ ᠬᠡᠮᠵᠢᠪᠡ᠃ ᠬᠡᠳᠦ᠋ᠢ᠍ᠪᠡᠷ ᠠᠵᠢᠯᠯᠠᠬᠤ ᠨᠥᠬᠦᠴᠡᠯ᠎ᠨᠢ ᠬᠠᠲᠠᠭᠤᠵᠢᠯᠲᠠᠶ ᠪᠣᠯᠪᠠᠴᠤ ᠲᠡᠳᠡ ᠮᠥᠨ ᠬᠦ᠌ ᠮᠡᠷᠭᠡᠵᠢᠯ᠎ᠤᠨ ᠳᠦᠷᠢᠮ᠎ᠢ ᠴᠢᠩᠭ᠎ᠠ ᠵᠢᠷᠤᠮᠯᠠᠨ᠂ ᠡᠳᠡᠭᠡᠷ ᠥᠷᠢᠰᠥᠯᠳᠦᠭᠡᠨ᠎ᠢ ᠴᠥᠬᠦᠷᠡᠯ ᠦᠭᠡᠶ ᠢᠯᠠᠨ ᠳᠠᠪᠠᠵᠤ᠂ ᠪᠠᠶ᠋ᠢᠴᠠᠭ᠋ᠠᠯᠲᠠ ᠵᠢᠨ ᠠᠵᠢᠯ᠎ᠤᠨ ᠶᠠᠰᠤ ᠴᠢᠨᠠᠷ ᠪᠣᠯᠤᠨ ᠨᠠᠷᠢᠯᠢᠭᠴᠠ ᠵᠢ ᠦᠨᠡᠨᠬᠦ ᠪᠠᠲᠤᠯᠠᠵᠠᠢ᠃ ᠲᠡᠳᠡ ᠡᠭᠦᠷᠭᠡ ᠵᠢ ᠴᠠᠭ ᠲᠤᠬᠠᠢ᠎ᠳᠤᠨᠢ ᠴᠢᠨᠠᠷ᠎ᠢ ᠪᠠᠲᠤᠯᠠᠨ ᠪᠡᠶᠡᠯᠡᠭᠦᠯᠵᠦ᠂ᠤᠢ ᠰᠢᠭᠤᠢ ᠡᠪᠡᠰᠦ ᠪᠡᠯᠴᠢᠭᠡᠷ᠎ᠤᠨ ᠬᠥᠮᠦᠨ᠎ᠤ ᠬᠦᠴᠢᠷ ᠪᠡᠷᠬᠡᠰᠢᠶᠡᠯ᠎ᠠᠴᠠ ᠠᠶᠤᠬᠤ ᠦᠭᠡᠢ᠂ ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠬᠦ ᠠᠵᠢᠯ᠎ᠤᠨ ᠰᠤᠷᠲᠠᠯ᠎ᠢ ᠢᠯᠡᠷᠡᠭᠦᠯᠪᠡ᠃

微信图片_20230530113350.jpg


 

微信图片_20230530113357.jpg

      ᠲᠣᠰ ᠤᠳᠠᠭ᠋ᠠᠨ᠎ᠤ ᠣᠶ ᠰᠢᠭᠤᠶ ᠵᠢᠨ ᠡᠬᠢ ᠪᠠᠶᠠᠯᠢᠭ᠎ᠤᠨ ᠶᠡᠷᠦᠩᠬᠡᠶ᠋ᠢᠯᠡᠭᠰᠡᠨ ᠪᠠᠶ᠋ᠢᠴᠠᠭ᠋ᠠᠯᠲᠠ ᠵᠢᠨ ᠠᠵᠢᠯ᠎ᠨᠢ ᠠᠮᠢ ᠠᠬᠤᠶ ᠵᠢᠨ ᠰᠢᠰᠲ᠋ᠧᠮ᠎ᠢ ᠬᠠᠮᠠᠭ᠋ᠠᠯᠠᠨ ᠰᠡᠷᠭᠦᠭᠡᠬᠦ᠂ ᠣᠶ ᠰᠢᠭᠤᠶ ᠵᠢᠨ ᠡᠬᠢ ᠪᠠᠶᠠᠯᠢᠭ᠎ᠤᠨ ᠬᠢᠨᠠᠠ ᠬᠠᠮᠢᠶᠠᠷᠤᠯᠲᠠ᠂ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠤᠨ ᠰᠢᠮᠳᠠᠭᠤᠯᠤᠨ ᠪᠠᠶ᠋ᠢᠴᠠᠭ᠋ᠠᠵᠤ ᠰᠢᠯᠭ᠋ᠠᠨ ᠬᠢᠨᠠᠬᠤ᠂ ᠨᠡᠭᠦᠷᠡᠰᠦᠲᠥ᠋ᠷᠥᠭᠴᠢ ᠵᠢ ᠣᠷᠭᠢᠯ ᠬᠡᠮᠵᠢᠭᠳᠡᠯ᠎ᠳᠤ ᠬᠥᠷᠬᠡᠬᠦ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ ᠵᠡᠷᠭᠡ᠎ᠳᠤ ᠰᠢᠢ᠍ᠳᠪᠦᠷᠢᠲᠦ ᠪᠣᠳᠣᠯᠭ᠎ᠠ ᠵᠢᠨ ᠲᠤᠭ᠎ᠠ ᠪᠠᠷᠢᠮᠲᠠ ᠵᠢᠨ ᠳᠡᠮᠵᠢᠯᠭᠡ ᠬᠠᠩᠭ᠋ᠠᠪᠠ᠃

ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
ᠨᠣᠲᠤᠭ ᠪᠡᠯᠴᠢᠭᠡᠷ᠎ᠤᠨ ᠬᠡᠭᠡᠷ᠎ᠡ ᠵᠢᠨ ᠡᠮᠲᠦ ᠣᠷᠭᠤᠮᠠᠯ᠎ᠢ ᠬᠠᠤᠯᠢ ᠪᠤᠰᠤ᠎ᠪᠠᠷ ᠮᠠᠯᠲᠠᠭᠰᠠᠨ ᠶᠠᠯᠠᠲᠣ ᠠᠵᠢᠯᠯᠠᠭ᠎ᠠ᠎ᠳᠤ ᠴᠢᠩᠭ᠎ᠠ ᠴᠣᠬᠢᠯᠲᠠ ᠦᠭᠴᠦ ᠨᠣᠲᠤᠭ ᠪᠡᠯᠴᠢᠭᠡᠷ᠎ᠤᠨ ᠠᠮᠢ ᠠᠬᠤᠢ ᠵᠢᠨ ᠣᠷᠴᠢᠨ ᠨᠥᠭᠦᠴᠡᠯ ᠎ᠢ ᠪᠥᠬᠦ ᠬᠦᠴᠦᠨ ᠵᠶ᠋ᠠᠷ ᠬᠠᠮᠠᠭ᠋ᠠᠯᠠᠨ᠎ᠠ
ᠬᠦᠬᠡᠬᠤᠳᠡ ᠵᠢᠨ ᠲᠣᠭᠲᠠᠬᠤ ᠰᠢᠶᠠᠨ᠄ ᠠᠮᠢ ᠠᠬᠤᠢ ᠭᠤᠶ᠋ᠢᠳᠠ ᠰᠠᠶ᠋ᠢᠬᠠᠨ ᠬᠠᠲᠤᠨ ᠭᠤᠣᠯ᠎ᠤᠨ ᠨᠤᠭᠤ ᠭᠠᠵᠠᠷ
ᠰᠢᠯᠢ ᠵᠢᠨ ᠭᠣᠤᠯ ᠠᠶ᠋ᠢᠮᠠᠭ 2023 ᠣᠨ᠎ᠤ ᠨᠤᠲᠤᠭ ᠪᠡᠯᠴᠢᠭᠡᠷ᠎ᠢ ᠵᠠᠰᠠᠨ ᠰᠡᠷᠭᠦᠭᠡᠬᠦ ᠢᠨᠵᠧᠨᠧᠷᠢᠩ᠎ᠢ ᠤᠷᠤᠭᠰᠢᠲᠠᠶ ᠠᠬᠢᠭᠤᠯᠪᠠ
ᠠᠯᠠᠱ᠌ᠠ ᠠᠢ᠌ᠮᠠᠭ᠎ᠤᠨ ᠡᠵᠡᠨ᠎ᠡ ᠬᠤᠰᠢᠭᠤ 13.13 ᠲᠦᠮᠡᠨ ᠲᠥᠭᠦᠷᠢᠭ᠎ᠤᠨ ᠣᠶ ᠰᠢᠭᠤᠢ ᠵᠢ ᠠᠷᠠᠴᠢᠯᠠᠨ ᠪᠣᠶ᠋ᠢᠵᠢᠭᠤᠯᠬᠤ ᠨᠥᠬᠦᠪᠦᠷᠢ ᠮᠥᠩᠭᠦ ᠵᠢ ᠲᠠᠷᠬᠠᠭ᠋ᠠᠪᠠ
ᠬᠠᠭᠤᠴᠢᠨ ᠪᠠᠷᠭᠤ ᠬᠤᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠠᠵᠢᠯ᠎ᠤᠨ ᠥᠷᠲᠡᠭᠡ 2023 ᠣᠨ᠎ᠤ 7 ᠰᠠᠷ᠎ᠠ ᠵᠢᠨ ᠤᠷᠭᠤᠴᠠ ᠵᠢᠨ ᠪᠠᠶ᠋ᠢᠳᠠᠯ᠎ᠢ ᠬᠢᠨᠠᠨ ᠬᠡᠮᠵᠢᠬᠦ ᠪᠠ ᠲᠣᠭᠲᠠᠮᠠᠯ ᠬᠢᠨᠠᠨ ᠬᠡᠮᠵᠢᠬᠦ ᠠᠵᠢᠯ᠎ᠢ ᠪᠡᠶᠡᠯᠡᠭᠦᠯᠪᠡ
 
             蒙ICP备05000248号