ᠣᠶ᠋ᠢᠷ᠎ᠠ᠎ᠳᠤ᠂ ᠲᠦᠮᠡᠳ ᠵᠡᠭᠦᠨ ᠬᠤᠰᠢᠭᠤᠨ᠎ᠤ ᠠᠭ᠋ᠠᠷ᠎ᠤᠨ ᠳᠤᠯᠠᠭ᠋ᠠᠨ ᠥᠨᠳᠥᠷ᠂ ᠦᠷᠭᠦᠯᠵᠢᠯᠡᠨ ᠭᠠᠩ ᠬᠠᠭᠰᠠᠷᠠᠭ᠋ᠠᠨ᠂ ᠨᠤᠲᠤᠭ ᠪᠡᠯᠴᠢᠭᠡᠷ᠎ᠤᠨ ᠡᠪᠡᠳᠴᠢᠨ ᠬᠤᠷᠣᠬᠠᠶ ᠵᠢᠨ ᠭᠠᠮᠰᠢᠭ ᠡᠭᠦᠰᠬᠦ ᠳᠠᠯᠳᠠ ᠬᠡᠮ ᠲᠠᠰᠤᠷᠠᠯᠲᠠ ᠥᠬᠡᠶ ᠨᠡᠮᠡᠭᠳᠡᠵᠦ᠂ ᠴᠠᠭ ᠲᠣᠬᠢᠶᠠᠯ᠎ᠢ ᠠᠮᠵᠢᠨ᠂ ᠨᠤᠲᠤᠭ ᠪᠡᠯᠴᠢᠭᠡᠷ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠰᠢᠨᠵᠢᠯᠡᠬᠦ ᠤᠬᠠᠭ᠋ᠠᠨᠴᠢ᠎ᠪᠠᠷ ᠠᠷᠭ᠋ᠠᠴᠠᠬᠤ ᠵᠢᠨ ᠲᠥᠯᠥᠭᠡ᠂ ᠨᠤᠲᠤᠭ ᠪᠡᠯᠴᠢᠭᠡᠷ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠪᠦᠲᠦᠮᠵᠢᠲᠡᠶ ᠰᠡᠷᠭᠡᠶ᠋ᠢᠯᠡᠨ ᠵᠠᠰᠠᠬᠤ ᠵᠢᠨ ᠲᠥᠯᠥᠭᠡ᠂ ᠬᠤᠰᠢᠭᠤᠨ᠎ᠤ ᠣᠶ ᠰᠢᠭᠤᠶ ᠡᠪᠡᠰᠦ ᠪᠡᠯᠴᠢᠭᠡᠷ᠎ᠤᠨ ᠲᠣᠪᠴᠢᠶ᠎ᠠ ᠣᠳᠣᠬᠠᠨ᠎ᠤ ᠨᠤᠲᠤᠭ ᠪᠡᠯᠴᠢᠭᠡᠷ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠵᠢ ᠠᠵᠢᠯ᠎ᠤᠨ ᠭᠤᠤᠯᠳᠠᠯᠭ᠎ᠠ ᠪᠣᠯᠭ᠋ᠠᠨ ᠠᠳᠬᠤᠵᠤ᠂ 《ᠦᠷᠭᠦᠯᠵᠢ ᠬᠢᠨᠠᠨ ᠬᠡᠮᠵᠢᠵᠦ᠂ ᠡᠷᠲᠡ ᠢᠯᠡᠷᠡᠭᠦᠯᠵᠦ᠂ ᠡᠷᠲᠡ ᠰᠡᠷᠭᠡᠶ᠋ᠢᠯᠡᠨ ᠵᠠᠰᠠᠬᠤ》 ᠵᠠᠷᠴᠢᠮ᠎ᠢ ᠪᠠᠷᠢᠮᠲᠠᠯᠠᠨ᠂ ᠰᠢᠨᠵᠢᠯᠡᠬᠦ ᠤᠬᠠᠭ᠋ᠠᠨᠴᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ᠎ᠤᠨ ᠡᠬᠢ ᠪᠠᠶᠠᠯᠢᠭ ᠪᠠ ᠠᠮᠢ ᠠᠬᠤᠶ ᠵᠢᠨ ᠠᠮᠤᠷ ᠲᠦᠪᠰᠢᠨ᠎ᠢ ᠪᠥᠬᠦ ᠬᠦᠴᠦᠨ ᠵᠶ᠋ᠠᠷ ᠵᠶ᠋ᠠᠨ ᠪᠠᠲᠤᠯᠠᠪᠠ᠃
ᠨᠢᠭᠡ᠎ᠳᠤ᠂ ᠵᠣᠬᠢᠶᠠᠨ ᠪᠠᠶ᠋ᠢᠭᠤᠯᠵᠤ ᠳᠠᠶ᠋ᠢᠴᠢᠯᠠᠬᠤ ᠵᠢ ᠰᠠᠶ᠋ᠢᠲᠤᠷ ᠬᠢᠨ᠎ᠠ᠃ ᠬᠤᠰᠢᠭᠤᠨ᠎ᠤ ᠣᠶ ᠰᠢᠭᠤᠶ ᠪᠠ ᠨᠤᠲᠣᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠲᠤᠰᠬᠠᠶ ᠮᠡᠷᠭᠡᠵᠢᠯ᠎ᠤᠨ ᠠᠵᠢᠯᠲᠠᠨ ᠳᠣᠭᠢᠷᠠᠭᠤᠯᠤᠨ᠂ ᠰᠡᠷᠭᠡᠶ᠋ᠢᠯᠡᠬᠦ᠎ᠪᠠᠷ ᠭᠤᠤᠯ ᠪᠣᠯᠭ᠋ᠠᠵᠤ᠂ ᠡᠯ᠎ᠡ ᠵᠦᠢ᠍ᠯ᠎ᠤᠨ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠨᠤᠲᠤᠭ ᠪᠡᠯᠴᠢᠭᠡᠷ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠪᠥᠬᠦ ᠲᠠᠯ᠎ᠠ᠎ᠪᠠᠷ ᠰᠠᠶ᠋ᠢᠲᠤᠷ ᠬᠢᠪᠠ᠃ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠬᠢᠵᠠᠭ᠋ᠠᠷᠯᠠᠬᠤ ᠪᠡᠯᠡᠳᠬᠡᠯ ᠲᠥᠰᠦᠯ ᠪᠠ ᠵᠢᠯᠣᠭᠤᠳᠬᠤ ᠰᠠᠨᠠᠯ᠎ᠢ ᠤᠷᠢᠳᠴᠢᠯᠠᠨ ᠪᠠᠭᠤᠯᠭ᠋ᠠᠪᠠ᠃ ᠡᠭᠦᠨ᠎ᠤ ᠬᠠᠮᠲᠤ᠂ ᠮᠡᠷᠭᠡᠵᠢᠯ᠎ᠤᠨ ᠠᠵᠢᠯᠲᠠᠳ ᠦᠨᠳᠦᠰᠦᠨ ᠱᠠᠲᠤᠨ᠎ᠳᠤ ᠭᠦᠨᠵᠡᠭᠡᠶ᠋ᠢᠷᠡᠵᠦ᠂ ᠣᠯᠠᠨ ᠲᠦᠮᠡᠨ᠎ᠤ ᠰᠢᠨᠵᠢᠯᠡᠬᠦ ᠤᠬᠠᠭ᠋ᠠᠨᠴᠢ᠎ᠪᠠᠷ ᠠᠵᠢᠭᠯᠠᠬᠤ ᠵᠢ ᠵᠢᠯᠣᠭᠤᠳᠴᠤ᠂ ᠴᠠᠭ ᠲᠤᠬᠠᠶ᠎ᠳᠤᠨᠢ ᠳᠡᠭᠡᠭᠰᠢ ᠮᠡᠳᠡᠭᠦᠯᠵᠦ᠂ ᠴᠠᠭ ᠲᠤᠬᠠᠶ᠎ᠳᠤᠨᠢ ᠰᠡᠷᠭᠡᠶ᠋ᠢᠯᠡᠨ ᠡᠵᠡᠮᠳᠡᠬᠦ ᠬᠡᠷᠡᠭᠲᠡᠶ᠃
ᠬᠤᠶᠠᠷ᠎ᠲᠤ᠂ ᠮᠡᠷᠭᠡᠵᠢᠯ᠎ᠤᠨ ᠤᠬᠠᠭᠤᠯᠭ᠎ᠠ ᠵᠢ ᠴᠢᠩᠭ᠋ᠠᠳᠬᠠᠨ᠎ᠠ᠃ ᠰᠦᠯᠵᠢᠶ᠎ᠡ᠂ ᠸᠢᠴᠠᠲ᠎ᠤᠨ ᠴᠤᠭᠯᠠᠷᠠᠯ᠂ ᠬᠥᠨᠳᠡᠯᠡᠨ ᠪᠢᠴᠢᠭᠡᠰᠦ ᠡᠯᠭᠦᠬᠦ ᠵᠡᠷᠭᠡ ᠤᠯᠠᠨ ᠵᠦᠢ᠍ᠯ᠎ᠤᠨ ᠬᠡᠯᠪᠡᠷᠢ ᠵᠢ ᠭᠦᠢ᠍ᠴᠡᠳ ᠠᠰᠢᠭᠯᠠᠵᠤ᠂ ᠤᠬᠠᠭᠤᠯᠭ᠎ᠠ᠎ᠪᠠᠨ ᠴᠢᠩᠭ᠋ᠠᠳᠬᠠᠵᠤ᠂ ᠲᠣᠰᠬᠤᠨ᠎ᠤ ᠠᠷᠠᠳ᠎ᠲᠤ ᠰᠦᠷᠴᠢᠨ ᠰᠡᠷᠭᠡᠶ᠋ᠢᠯᠡᠬᠦ ᠴᠠᠭ ᠪᠠ ᠰᠢᠨᠵᠢᠯᠡᠬᠦ ᠤᠬᠠᠭ᠋ᠠᠨᠴᠢ᠎ᠪᠠᠷ ᠰᠦᠷᠴᠢᠨ ᠣᠷᠣᠭᠤᠯᠬᠤ ᠠᠷᠭ᠎ᠠ ᠵᠢ ᠭᠦᠢ᠍ᠴᠡᠳ ᠣᠶ᠋ᠢᠯᠠᠭ᠋ᠠᠭᠤᠯᠪᠠ᠃ ᠲᠠᠷᠢᠶᠠᠴᠢᠨ ᠡᠷᠦᠬᠡ ᠵᠢᠨ ᠨᠤᠲᠤᠭ ᠪᠡᠯᠴᠢᠭᠡᠷ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠮᠡᠷᠭᠡᠵᠢᠯ᠎ᠤᠨ ᠤᠬᠠᠭᠤᠯᠭ᠎ᠠ ᠪᠣᠯᠪᠠᠰᠤᠷᠠᠭᠤᠯᠤᠯ ᠪᠠ ᠵᠢᠯᠣᠭᠤᠳᠣᠯᠭ᠎ᠠ ᠵᠢ ᠪᠦᠬᠦ ᠲᠠᠯ᠎ᠠ᠎ᠪᠠᠷ ᠬᠢᠵᠦ᠂ ᠲᠣᠰᠬᠤᠨ᠎ᠤ ᠠᠷᠠᠳ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠳᠤᠮᠳᠠ ᠲᠤᠯᠭ᠋ᠠᠷᠠᠭᠰᠠᠨ ᠪᠣᠳᠠᠲᠠᠶ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠶ᠃ ᠲᠡᠳᠡᠨ᠎ᠢ ᠬᠠᠪᠰᠤᠷᠴᠤ ᠪᠠᠶ᠋ᠢᠭ᠋ᠠᠳ ᠨᠤᠲᠤᠭ ᠪᠡᠯᠴᠢᠭᠡᠷ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠴᠢᠳᠠᠪᠤᠷᠢ ᠵᠢ᠎ᠨᠢ ᠳᠡᠭᠡᠭᠰᠢᠯᠡᠭᠦᠯᠬᠦ ᠬᠡᠷᠡᠭᠲᠡᠶ᠃
ᠭᠤᠷᠪᠠ᠎ᠳᠤ᠂ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠲᠤᠰᠬᠠᠶ ᠮᠡᠷᠭᠡᠵᠢᠯ᠎ᠤᠨ ᠬᠦᠴᠦᠨ᠎ᠢ ᠵᠣᠬᠢᠶᠠᠨ ᠪᠠᠶ᠋ᠢᠭᠤᠯᠵᠤ᠂ ᠦᠢ᠍ᠯᠡᠳᠪᠦᠷᠢᠯᠡᠯ᠎ᠤᠨ ᠨᠢᠭᠡᠳᠦᠭᠡᠷ ᠹᠷᠣᠨᠲ᠎ᠲᠤ ᠭᠦᠨᠵᠡᠭᠡᠶ᠋ᠢᠷᠡᠨ᠂ ᠬᠤᠷᠣᠬᠠᠶ ᠵᠢᠨ ᠬᠥᠨᠥᠭᠡᠯ᠎ᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠵᠢᠱ᠌ᠢᠬᠦ ᠳᠠᠪᠲᠠᠮᠵᠢ ᠵᠢ ᠨᠡᠮᠡᠭᠳᠡᠭᠦᠯᠵᠦ᠂ ᠡᠪᠡᠳᠴᠢᠨ ᠬᠤᠷᠣᠬᠠᠶ ᠵᠢᠨ ᠭᠠᠮᠰᠢᠭ ᠡᠭᠦᠰᠦᠭᠰᠡᠨ ᠪᠠᠶ᠋ᠢᠳᠠᠯ᠎ᠢ ᠡᠵᠡᠮᠰᠢᠨ᠂ ᠤᠷᠢᠳᠴᠢᠯᠠᠨ ᠵᠢᠱ᠌ᠢᠵᠦ ᠤᠷᠢᠳᠴᠢᠯᠠᠨ ᠮᠡᠳᠡᠭᠡᠯᠡᠵᠦ ᠴᠠᠭ ᠲᠤᠬᠠᠶ᠎ᠳᠤᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠵᠢᠴᠢ ᠬᠠᠷᠢᠭᠤᠴᠠᠯᠭ᠋ᠠᠲᠤ ᠤᠳᠤᠷᠢᠳᠤᠯᠭ᠎ᠠ᠎ᠳᠤ ᠮᠡᠳᠡᠭᠦᠯᠵᠦ᠂ ᠡᠪᠡᠳᠴᠢᠨ ᠬᠤᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠵᠢ ᠵᠢᠯᠣᠭᠤᠳᠬᠤ᠎ᠳᠤ ᠦᠨᠳᠦᠰᠦᠯᠡᠯ ᠬᠠᠩᠭ᠋ᠠᠨ᠎ᠠ᠃ ᠡᠭᠦᠨ᠎ᠤ ᠬᠠᠮᠲᠤ᠂ ᠬᠡᠮᠵᠢᠨ ᠮᠡᠳᠡᠭᠦᠯᠬᠦ ᠲᠠᠪᠴᠠᠩ ᠵᠢᠴᠢ ᠮᠡᠷᠭᠡᠵᠢᠯ᠎ᠤᠨ ᠠᠵᠢᠯᠲᠠᠨ᠎ᠢ ᠳᠠᠶ᠋ᠢᠴᠢᠯᠠᠨ ᠬᠠᠷᠢᠶ᠎ᠠ ᠣᠷᠣᠨ᠎ᠤ ᠳᠣᠲᠣᠷᠠᠬᠢ ᠨᠤᠲᠤᠭ ᠪᠡᠯᠴᠢᠭᠡᠷ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠵᠢᠭᠰᠠᠭ᠋ᠠᠨ ᠪᠠᠶ᠋ᠢᠴᠠᠭ᠋ᠠᠵᠤ᠂ ᠪᠠᠶ᠋ᠢᠳᠠᠯ᠎ᠢ ᠣᠨᠣᠪᠴᠢᠲᠠᠶ ᠡᠵᠡᠮᠰᠢᠨ᠎ᠡ᠃
ᠳᠥᠷᠪᠡ᠎ᠳᠤ᠂ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠵᠠᠰᠠᠬᠤ ᠠᠵᠢᠯ᠎ᠢ ᠥᠷᠨᠢᠭᠦᠯᠵᠦ᠂ ᠥᠨᠳᠥᠷ ᠪᠦᠲᠦᠮᠵᠢᠲᠡᠶ ᠰᠡᠷᠭᠡᠶ᠋ᠢᠯᠡᠨ ᠵᠠᠰᠠᠬᠤ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠵᠦ᠂ ᠡᠪᠡᠳᠴᠢᠨ ᠬᠤᠷᠣᠬᠠᠶ ᠵᠢᠨ ᠬᠥᠨᠥᠭᠡᠯ᠎ᠤᠨ ᠨᠤᠲᠤᠭ ᠪᠡᠯᠴᠢᠭᠡᠷ᠎ᠤᠨ ᠠᠵᠤ ᠦᠢ᠍ᠯᠡᠰ᠎ᠤᠨ ᠬᠤᠬᠢᠷᠠᠯ᠎ᠢ ᠪᠠᠭ᠋ᠠᠰᠬᠠᠨ᠂ ᠲᠣᠰᠬᠤᠨ᠎ᠤ ᠠᠷᠠᠳ᠎ᠤᠨ ᠳᠠᠷᠤᠭ᠋ᠠᠰᠤ ᠵᠢ ᠪᠠᠭ᠋ᠠᠰᠬᠠᠬᠤ ᠵᠢᠨ ᠲᠥᠯᠥᠭᠡ᠂ ᠣᠶ ᠰᠢᠭᠤᠶ ᠪᠠ ᠡᠪᠡᠰᠦ ᠪᠡᠯᠴᠢᠭᠡᠷ᠎ᠤᠨ ᠲᠣᠪᠴᠢᠶ᠎ᠠ ᠡᠪᠡᠳᠴᠢᠨ ᠬᠤᠷᠣᠬᠠᠶ ᠵᠢᠨ ᠭᠠᠮᠰᠢᠭ ᠭᠠᠷᠤᠭᠰᠠᠨ ᠭᠠᠵᠠᠷ ᠣᠷᠣᠨ᠎ᠳᠤ ᠶᠡᠭᠡ ᠬᠡᠪᠴᠢᠶ᠎ᠡ᠎ᠪᠠᠷ ᠵᠠᠯᠭ᠋ᠠᠯᠳᠤᠭᠤᠯᠤᠨ ᠰᠦᠷᠴᠢᠵᠦ ᠰᠡᠷᠭᠡᠶ᠋ᠢᠯᠡᠬᠦ ᠵᠢᠨ ᠬᠠᠮᠲᠤ᠂ ᠲᠠᠷᠢᠶᠠᠴᠢᠨ ᠡᠷᠦᠬᠡ᠎ᠲᠠᠢ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠵᠠᠰᠠᠬᠤ ᠬᠡᠯᠡᠯᠴᠡᠭᠡᠷ ᠲᠣᠭᠲᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠵᠦ ᠪᠣᠯᠬᠤ ᠵᠢ ᠦᠨᠡᠨ ᠬᠦ᠌ ᠪᠠᠲᠤᠯᠠᠪᠠ᠃
ᠬᠤᠰᠢᠭᠤᠨ᠎ᠤ ᠣᠶ ᠰᠢᠭᠤᠶ ᠪᠠ ᠡᠪᠡᠰᠦ ᠪᠡᠯᠴᠢᠭᠡᠷ᠎ᠤᠨ ᠲᠣᠪᠴᠢᠶ᠎ᠠ ᠡᠯ᠎ᠡ ᠵᠤᠢ᠌ᠯ᠎ᠤᠨ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠰᠡᠷᠭᠡᠶ᠋ᠢᠯᠡᠨ ᠵᠠᠰᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠥᠨᠴᠥᠭ ᠪᠤᠯᠤᠩ ᠦᠯᠡᠳᠡᠭᠡᠬᠦ ᠥᠬᠡᠶ᠂ ᠪᠣᠳᠠᠲᠤ ᠦᠷ᠎ᠡ ᠪᠦᠲᠦᠮᠵᠢ ᠤᠯᠬᠤ ᠵᠢ ᠪᠠᠲᠤᠯᠠᠵᠤ᠂ ᠣᠲᠣ ᠪᠣᠯᠲᠠᠯ᠎ᠠ ᠪᠥᠬᠦ ᠬᠤᠰᠢᠭᠤᠨ᠎ᠤ ᠨᠤᠲᠤᠭ ᠪᠡᠯᠴᠢᠭᠡᠷ᠎ᠤᠨ ᠡᠪᠡᠳᠴᠢᠨ ᠬᠤᠷᠣᠬᠠᠶ ᠵᠢᠨ ᠭᠠᠮᠰᠢᠭ ᠳᠡᠯᠭᠡᠷᠡᠬᠦ ᠵᠢ ᠪᠦᠲᠦᠮᠵᠢᠲᠡᠶ ᠰᠡᠷᠭᠡᠶ᠋ᠢᠯᠡᠪᠡ᠃