ᠪᠥᠬᠦ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠠᠮᠢ ᠠᠬᠤᠶ ᠵᠢᠨ ᠶᠡᠷᠦᠩᠬᠡᠶ᠋ᠢᠯᠡᠭᠰᠡᠨ ᠬᠢᠨᠠᠨ ᠬᠡᠮᠵᠢᠬᠦ ᠨᠤᠲᠤᠭ ᠪᠡᠯᠴᠢᠭᠡᠷ᠎ᠤᠨ ᠥᠯᠢᠭᠡᠷ ᠭᠠᠵᠠᠷ᠎ᠢ ᠬᠢᠨᠠᠨ ᠬᠡᠮᠵᠢᠬᠦ ᠠᠵᠢᠯ᠎ᠢ ᠦᠨᠡᠨᠬᠦ ᠰᠠᠶ᠋ᠢᠲᠤᠷ ᠬᠢᠵᠦ᠂ ᠠᠵᠢᠯ᠎ᠤᠨ ᠡᠭᠦᠷᠭᠡ᠎ᠪᠠᠨ ᠴᠠᠭ ᠲᠤᠬᠠᠶ᠎ᠳᠤᠨᠢ ᠴᠢᠨᠠᠷ ᠰᠠᠶ᠋ᠢᠲᠠᠶ ᠪᠡᠶᠡᠯᠡᠭᠦᠯᠬᠦ ᠵᠢ ᠦᠨᠡᠨᠬᠦ ᠪᠠᠲᠤᠯᠠᠬᠤ ᠵᠢᠨ ᠲᠥᠯᠥᠭᠡ᠂ ᠬᠠᠭᠤᠴᠢᠨ ᠪᠠᠷᠭᠤ ᠬᠤᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠠᠵᠢᠯ᠎ᠤᠨ ᠥᠷᠲᠡᠭᠡ 7 ᠰᠠᠷ᠎ᠠ ᠵᠢᠨ 17᠎ᠤ ᠡᠳᠦᠷ᠎ᠠᠴᠠ ᠡᠬᠢᠯᠡᠨ᠂ 55 ᠥᠯᠢᠭᠡᠷ ᠭᠠᠵᠠᠷ ᠵᠢᠴᠢ10 ᠢᠨᠵᠧᠨᠧᠷᠢᠩ᠎ᠤᠨ ᠥᠯᠢᠭᠡᠷ ᠭᠠᠵᠠᠷ᠎ᠲᠤ ᠴᠢᠭᠯᠡᠭᠦᠯᠦᠨ ᠬᠢᠨᠠᠨ ᠬᠡᠮᠵᠢᠬᠦ ᠠᠵᠢᠯ ᠥᠷᠨᠢᠭᠦᠯᠵᠦ᠂ ᠨᠡᠶ᠋ᠢᠲᠡ 40 ᠡᠳᠦᠷ᠎ᠤᠨ ᠳᠣᠲᠣᠷ᠎ᠠ ᠬᠢᠨᠠᠨ ᠬᠡᠮᠵᠢᠪᠠ᠃
ᠬᠢᠨᠠᠨ ᠬᠡᠮᠵᠢᠬᠦ ᠠᠵᠢᠯ᠎ᠤᠨ ᠳᠤᠮᠳᠠ᠂ ᠣᠶ ᠰᠢᠭᠤᠶ ᠪᠠ ᠨᠤᠲᠤᠭ ᠪᠡᠯᠴᠢᠭᠡᠷ᠎ᠤᠨ ᠠᠵᠢᠯ᠎ᠤᠨ ᠥᠷᠲᠡᠭᠡ ᠵᠢᠨ ᠪᠥᠬᠦ ᠠᠵᠢᠯᠲᠠᠨ ᠬᠦᠴᠢᠷ᠎ᠠᠴᠠ ᠠᠶᠤᠬᠤ ᠥᠬᠡᠶ᠂ ᠶᠠᠳᠠᠷᠠᠯ ᠵᠦᠳᠡᠷᠡᠯ᠎ᠠᠴᠠ ᠠᠶᠤᠬᠤ ᠥᠬᠡᠶ ᠵᠣᠷᠢᠭ ᠰᠠᠨᠠᠭ᠎ᠠ ᠵᠢ ᠭᠦᠢ᠍ᠴᠡᠳ ᠪᠠᠳᠠᠷᠠᠭᠤᠯᠵᠤ᠂ 8 ᠰᠠᠷ᠎ᠠ ᠵᠢᠨ 26᠎ᠤ ᠡᠳᠦᠷ ᠪᠣᠯᠲᠠᠯ᠎ᠠ᠂ ᠲᠣᠰ ᠤᠳᠠᠭ᠋ᠠᠨ᠎ᠤ ᠪᠥᠬᠦ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠠᠮᠢ ᠠᠬᠤᠶ ᠵᠢᠨ ᠶᠡᠷᠦᠩᠬᠡᠶ᠋ᠢᠯᠡᠭᠰᠡᠨ ᠬᠢᠨᠠᠨ ᠬᠡᠮᠵᠢᠬᠦ ᠨᠤᠲᠤᠭ ᠪᠡᠯᠴᠢᠭᠡᠷ᠎ᠤᠨ ᠥᠯᠢᠭᠡᠷ ᠭᠠᠵᠠᠷ᠎ᠤᠨ ᠠᠵᠢᠯ᠎ᠢ ᠨᠢᠭᠡᠨᠲᠡ ᠪᠥᠬᠦ ᠲᠠᠯ᠎ᠠ᠎ᠪᠠᠷ ᠪᠡᠶᠡᠯᠡᠭᠦᠯᠦᠭᠰᠡᠨ ᠪᠥᠭᠡᠳ ᠬᠢᠨᠠᠨ ᠬᠡᠮᠵᠢᠭᠰᠡᠨ ᠦᠷ᠎ᠡ ᠳ᠋ᠦᠩ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭᠲᠠᠭᠰᠠᠨ ᠲᠠᠪᠴᠠᠩ᠎ᠳᠤ ᠳᠠᠮᠵᠢᠭᠤᠯᠪᠠ᠃
