ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠬᠥᠯᠥᠨ ᠪᠣᠶ᠋ᠢᠷ ᠬᠣᠲᠠ ᠵᠢᠨ 《ᠭᠤᠷᠪᠠᠨ ᠤᠮᠠᠷᠠᠲᠤ》 ᠵᠢᠨ ᠵᠢᠷᠭᠤᠳᠤᠭ᠋ᠠᠷ ᠬᠤᠭᠤᠴᠠᠭ᠋ᠠᠨ᠎ᠤ ᠬᠤᠪᠢᠶᠠᠷᠢ ᠲᠥᠷᠥᠯ ᠵᠦᠢ᠍ᠯ᠎ᠤᠨ ᠲᠥᠯᠥᠪᠵᠢᠭᠦᠯᠭᠡ ᠵᠢᠴᠢ ᠪᠥᠲᠥᠭᠡᠨ ᠪᠠᠶ᠋ᠢᠭᠤᠯᠤᠯᠲᠠ ᠵᠢᠨ ᠲᠥᠰᠦᠯ᠎ᠢ ᠨᠠᠶ᠋ᠢᠷᠠᠭᠤᠯᠤᠨ ᠵᠣᠬᠢᠶᠠᠭᠰᠠᠨ ᠪᠠᠶ᠋ᠢᠳᠠᠯ᠎ᠤᠨ ᠲᠤᠬᠠᠶ ᠲᠤᠰᠬᠠᠶ ᠰᠡᠳᠦᠪᠲᠦ ᠪᠠᠶ᠋ᠢᠴᠠᠭ᠋ᠠᠨ ᠰᠤᠳᠤᠯᠤᠯᠲᠠ ᠵᠢᠨ ᠬᠤᠷᠠᠯ ᠤᠷᠤᠭᠰᠢᠲᠠᠶ ᠬᠤᠷᠠᠯᠳᠤᠪᠠ
ᠨᠡᠶ᠋ᠢᠲᠡᠯᠡᠭᠰᠡᠨ ᠴᠠᠭ᠄ 2023-09-12

 
      9 ᠰᠠᠷ᠎ᠠ ᠵᠢᠨ 5᠎ᠤ ᠡᠳᠦᠷ᠂ ᠰᠢ ᠵᠢᠨ ᠫᠢᠩ ᠶᠡᠷᠦᠩᠬᠡᠶ ᠱᠦᠵᠢ ᠵᠢᠨ 《ᠭᠤᠷᠪᠠᠨ ᠤᠮᠠᠷᠠᠲᠤ》 ᠵᠡᠷᠭᠡ ᠭᠣᠤᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠳᠥᠯᠭᠢᠨ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠬᠥᠯᠥᠨ ᠪᠣᠶ᠋ᠢᠷ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠭᠤᠷᠪᠠᠨ ᠤᠮᠠᠷᠠᠲᠤ》 ᠵᠢᠨ ᠵᠢᠷᠭᠤᠳᠤᠭ᠋ᠠᠷ ᠬᠤᠭᠤᠴᠠᠭ᠋ᠠᠨ᠎ᠤ ᠬᠤᠪᠢᠶᠠᠷᠢ ᠲᠥᠷᠥᠯ ᠵᠦᠢ᠍ᠯ᠎ᠤᠨ ᠲᠥᠯᠥᠪᠵᠢᠭᠦᠯᠭᠡ ᠵᠢᠴᠢ ᠪᠥᠲᠥᠭᠡᠨ ᠪᠠᠶ᠋ᠢᠭᠤᠯᠤᠯᠲᠠ ᠵᠢᠨ ᠲᠥᠰᠦᠯ᠎ᠢ ᠨᠠᠶ᠋ᠢᠷᠠᠭᠤᠯᠤᠨ ᠵᠣᠬᠢᠶᠠᠭᠰᠠᠨ ᠪᠠᠶ᠋ᠢᠳᠠᠯ᠎ᠤᠨ ᠲᠤᠬᠠᠶ ᠲᠤᠰᠬᠠᠶ ᠰᠡᠳᠦᠪᠲᠦ ᠪᠠᠶ᠋ᠢᠴᠠᠭ᠋ᠠᠨ ᠰᠤᠳᠤᠯᠬᠤ ᠬᠤᠷᠠᠯ ᠬᠤᠷᠠᠯᠳᠤᠭᠤᠯᠪᠠ᠃ ᠬᠥᠯᠥᠨ ᠪᠣᠶ᠋ᠢᠷ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠳᠠᠷᠤᠭ᠎ᠠ ᠶᠠᠩ ᠵᠢᠤᠢ ᠵᠥᠩ ᠨᠥᠬᠥᠷ ᠬᠤᠷᠠᠯ᠎ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠤᠳᠤᠷᠢᠳᠤᠯᠭ᠎ᠠ᠂ ᠣᠶ ᠰᠢᠭᠤᠶ ᠵᠢᠨ ᠵᠢᠷᠭᠤᠳᠤᠭ᠋ᠠᠷ ᠲᠣᠪᠴᠢᠶ᠎ᠠ᠂ ᠬᠣᠰᠢᠭᠤ ᠬᠣᠲᠠ ᠲᠣᠭᠣᠷᠢᠭ᠎ᠤᠨ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠲᠥᠯᠥᠭᠡᠯᠡᠭᠴᠢ ᠵᠢᠴᠢ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠠᠮᠢᠶ᠎ᠠ ᠪᠥᠬᠥᠶ ᠲᠤᠬᠠᠶ᠋ᠢᠯᠠᠭᠰᠠᠨ ᠠᠵᠢᠯ᠎ᠤᠨ ᠰᠠᠯᠠᠭ᠎ᠠ ᠲᠠᠰᠤᠭ᠎ᠤᠨ ᠠᠵᠢᠯᠲᠠᠨ ᠬᠤᠷᠠᠯ᠎ᠳᠤ ᠣᠷᠣᠯᠴᠠᠵᠠᠶ᠃
       ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠸᠠᠩ ᠵᠢᠶᠠᠨ ᠮᠠᠨ᠎ᠤ ᠲᠣᠪᠴᠢᠶ᠎ᠠ ᠵᠢᠨ 《ᠭᠤᠷᠪᠠᠨ ᠤᠮᠠᠷᠠᠲᠤ》 ᠵᠢᠨ ᠵᠢᠷᠭᠤᠳᠤᠭ᠋ᠠᠷ ᠬᠤᠭᠤᠴᠠᠭ᠋ᠠᠨ᠎ᠤ ᠬᠤᠪᠢᠶᠠᠷᠢ ᠲᠥᠷᠥᠯ ᠵᠦᠢ᠍ᠯ᠎ᠤᠨ ᠭᠣᠤᠯ ᠰᠡᠳᠬᠢᠮᠵᠢ᠂ ᠲᠥᠷᠥᠯ ᠵᠦᠢ᠍ᠯ᠎ᠤᠨ ᠪᠠᠶ᠋ᠢᠷᠢᠯᠠᠭᠤᠯᠤᠯᠲᠠ᠂ ᠲᠥᠷᠥᠯ  ᠵᠦᠢ᠍ᠯ᠎ᠤᠨ ᠰᠤᠳᠤᠯᠭ᠋ᠠᠨ᠎ᠤ ᠪᠢᠴᠢᠭ ᠨᠠᠶ᠋ᠢᠷᠠᠭᠤᠯᠤᠨ ᠵᠣᠬᠢᠶᠠᠭᠰᠠᠨ ᠵᠡᠷᠭᠡ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠬᠥᠯᠥᠨ ᠪᠣᠶ᠋ᠢᠷ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ  ᠭᠤᠷᠪᠠᠨ ᠤᠮᠠᠷᠠᠲᠤ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ᠎ᠳᠤ ᠬᠠᠮᠢᠶ᠎ᠠ ᠪᠥᠬᠥᠶ ᠰᠠᠨᠠᠯ ᠰᠠᠨᠠᠭᠤᠯᠭ᠎ᠠ ᠳᠤᠷᠠᠳᠪᠠ᠃ ᠲᠡᠷᠡ ᠴᠢᠬᠤᠯᠠᠴᠢᠯᠠᠬᠤ᠎ᠳᠠᠭᠠᠨ᠂ ᠵᠣᠭᠰᠣᠴᠠ᠎ᠪᠠᠨ ᠵᠠᠪᠠᠯ ᠳᠡᠭᠡᠭᠰᠢᠯᠡᠭᠦᠯᠵᠦ᠂ ᠰᠠᠨᠠᠭ᠋ᠠᠴᠢᠯᠠᠭ᠎ᠠ᠎ᠲᠠᠢ᠎ᠪᠠᠷ ᠳᠠᠭ᠋ᠠᠷᠢᠯᠲᠠ ᠬᠢᠬᠦ ᠬᠡᠷᠡᠭᠲᠡᠶ ᠭᠡᠵᠡᠶ᠃ ᠶᠡᠷᠦᠩᠬᠡᠢ ᠱᠦᠵᠢ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠣᠨᠣᠪᠴᠢᠲᠠᠢ ᠨᠡᠪᠲᠡᠷᠬᠡᠢ ᠣᠶ᠋ᠢᠯᠠᠭ᠋ᠠᠵᠤ᠂ ᠶᠡᠷᠦᠩᠬᠡᠢ ᠱᠦᠵᠢ ᠵᠢᠨ ᠱᠠᠭ᠋ᠠᠷᠳᠠᠯᠭ᠎ᠠ ᠵᠢ ᠪᠣᠳᠠᠲᠠᠢ ᠨᠠᠶ᠋ᠢᠳᠠᠪᠤᠷᠢᠵᠢᠭᠤᠯᠵᠤ᠂ ᠠᠵᠠ ᠲᠣᠬᠢᠶᠠᠯ᠎ᠢ  ᠰᠠᠶ᠋ᠢᠲᠤᠷ ᠠᠳᠬᠤᠵᠤ᠂ 《ᠭᠤᠷᠪᠠᠨ ᠤᠮᠠᠷᠠᠲᠤ》 ᠵᠢᠨ ᠵᠢᠷᠭᠤᠳᠤᠭ᠋ᠠᠷ ᠬᠤᠭᠤᠴᠠᠭ᠋ᠠᠨ᠎ᠤ ᠬᠤᠪᠢᠶᠠᠷᠢ ᠲᠦᠷᠦᠯ ᠵᠦᠢ᠍ᠯ᠎ᠤᠨ ᠲᠥᠯᠥᠪᠵᠢᠭᠦᠯᠭᠡ ᠵᠢᠴᠢ ᠪᠦᠳᠦᠭᠡᠨ ᠪᠠᠶ᠋ᠢᠭᠤᠯᠤᠯᠲᠠ ᠵᠢᠨ ᠲᠥᠰᠦᠯ᠎ᠢ ᠨᠠᠶ᠋ᠢᠷᠠᠭᠤᠯᠤᠨ ᠵᠣᠬᠢᠶᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠤᠷᠢᠳᠴᠢᠯᠠᠨ ᠲᠥᠯᠥᠪᠵᠢᠭᠦᠯᠵᠦ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠬᠥᠬᠡᠮᠳᠦᠭ ᠨᠣᠭᠣᠭ᠋ᠠᠨ ᠠᠭᠤᠯᠠ ᠤᠰᠤ ᠵᠢ ᠠᠯᠳᠠ ᠮᠥᠩᠭᠥᠨ ᠠᠭᠤᠯᠠ ᠪᠣᠯᠭ᠋ᠠᠨ ᠬᠤᠪᠢᠷᠠᠭᠤᠯᠬᠤ ᠬᠡᠷᠡᠭᠲᠡᠢ ᠭᠡᠵᠡᠢ᠃
      ᠲᠣᠰ ᠤᠳᠠᠭ᠋ᠠᠨ᠎ᠤ ᠰᠤᠳᠤᠯᠤᠨ ᠶᠠᠷᠢᠯᠴᠠᠬᠤ ᠬᠤᠷᠠᠯ ᠵᠶ᠋ᠠᠷ ᠳᠠᠮᠵᠢᠭᠤᠯᠤᠨ᠂ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠶᠡᠷᠦᠩᠬᠡᠶ ᠱᠦᠵᠢ ᠰᠢ ᠵᠢᠨ ᠫᠢᠩ ᠮᠤᠵᠢ ᠵᠢᠨ ᠴᠦᠯᠯᠡᠷᠭᠡᠭᠵᠢᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠬᠤ ᠪᠠ 《ᠭᠤᠷᠪᠠᠨ ᠤᠮᠠᠷᠠᠲᠤ》 ᠵᠡᠷᠭᠡ ᠭᠣᠤᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠳᠥᠯᠭᠢᠨ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠵᠤ᠂ ᠮᠠᠨ᠎ᠤ ᠲᠣᠪᠴᠢᠶ᠎ᠠ ᠵᠢᠨ ᠲᠥᠯᠥᠪᠵᠢᠭᠦᠯᠭᠡ ᠵᠢᠴᠢ ᠲᠥᠰᠦᠯ᠎ᠤᠨ ᠶᠡᠬᠡ ᠴᠢᠭᠯᠡᠯ᠎ᠢ ᠤᠯᠤᠰ᠎ᠤᠨ᠎ᠬᠢ᠎ᠲᠠᠢ ᠨᠢᠭᠡᠳᠦᠯᠲᠡᠶ ᠪᠠᠶ᠋ᠢᠯᠭ᠋ᠠᠬᠤ ᠵᠢ ᠦᠨᠡᠨ ᠬᠦ᠌ ᠪᠠᠲᠤᠯᠠᠵᠤ᠂ 《ᠭᠤᠷᠪᠠᠨ ᠤᠮᠠᠷᠠᠲᠤ》 ᠵᠢᠨ ᠵᠢᠷᠭᠤᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠯᠠᠪᠳᠠᠭᠤᠨ ᠵᠶ᠋ᠠᠷ ᠳᠥᠯᠭᠢᠨ ᠠᠬᠢᠭᠤᠯᠬᠤ᠎ᠳᠤ ᠰᠠᠭᠤᠷᠢ ᠲᠠᠯᠪᠢᠵᠤ ᠥᠭᠭᠦᠭᠰᠡᠨ ᠪᠠᠶ᠋ᠢᠨ᠎ᠠ᠃
   

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠪᠠᠶᠠᠨᠨᠠᠭᠤᠷ ᠬᠤᠲᠠ ᠵᠢᠨ ᠤᠷᠠᠳ᠎ᠤᠨ ᠬᠤᠶ᠋ᠢᠲᠤ ᠬᠤᠰᠢᠭᠤ ᠵᠢᠨ ᠣᠯᠠᠨ ᠵᠦᠢ᠍ᠯ᠎ᠤᠨ ᠲᠤᠷᠰᠢᠯᠲᠠ ᠵᠢᠨ ᠵᠠᠭᠪᠤᠷ᠎ᠨᠢ ᠡᠯᠡᠰᠦ ᠵᠢ ᠰᠢᠨᠵᠢᠯᠡᠬᠦ ᠤᠬᠠᠭ᠋ᠠᠨᠴᠢ᠎ᠪᠠᠷ ᠵᠠᠰᠠᠬᠤ᠎ᠳᠤ ᠵᠦᠶ ᠵᠣᠬᠢᠰᠲᠠᠶ ᠲᠥᠰᠦᠯ ᠬᠠᠩᠭ᠋ᠠᠪᠠ
ᠡᠵᠡᠨ᠎ᠡ ᠵᠢᠨ ᠡᠯᠡᠰᠦᠨ᠎ᠳᠤ ᠨᠣᠮᠢᠨ ᠳᠠᠪᠠᠯᠭ᠋ᠠᠨ ᠬᠠᠶᠠᠯᠠᠨ᠎ᠠ
ᠡᠷᠭᠦᠨ᠎ᠡ ᠬᠤᠳᠠ ᠵᠢᠨ ᠤᠷᠭᠤᠮᠠᠯ᠎ᠤᠨ ᠪᠦᠷᠬᠦᠴᠡ ᠵᠢᠨ ᠨᠤᠷᠮ᠎ᠠ 93%᠎ᠲᠤ ᠬᠦᠷᠪᠠ
ᠤᠯᠠᠭ᠋ᠠᠨᠬᠠᠳᠠ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠤᠯᠤᠰ᠎ᠤᠨ ᠲᠠᠰ᠎ᠤᠨ 《ᠠᠷᠪᠢᠴᠢ ᠭᠠᠮᠳᠠᠢ ᠪᠠᠶ᠋ᠢᠭᠤᠯᠭ᠎ᠠ》 ᠵᠢᠨ ᠴᠣᠯᠠ ᠭᠥᠷᠳᠡᠪᠡ
ᠳᠠᠯᠠᠳ ᠬᠤᠰᠢᠭᠤᠨ᠎ᠤ ᠡᠯᠡᠰᠦᠨ ᠴᠥᠯ᠎ᠤᠨ ᠨᠠᠩᠭᠤᠸᠠ ᠡᠯᠪᠡᠭ ᠬᠤᠷᠢᠶᠠᠯᠲᠠ ᠤᠯᠤᠯ᠎ᠠ
 
             蒙ICP备05000248号