ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠰᠢᠯᠢ ᠵᠢᠨ ᠭᠣᠤᠯ ᠠᠶ᠋ᠢᠮᠠᠭ ᠬᠢᠯᠢ ᠵᠢᠨ ᠭᠠᠯ ᠰᠡᠷᠭᠡᠶ᠋ᠢᠯᠡᠬᠦ ᠲᠤᠰᠠᠭ᠋ᠠᠷᠯᠠᠬᠤ ᠪᠦᠰᠡ ᠵᠢᠨ ᠪᠥᠲᠥᠭᠡᠨ ᠪᠠᠶ᠋ᠢᠭᠤᠯᠤᠯᠲᠠ ᠵᠢ ᠤᠷᠤᠭᠰᠢᠲᠠᠶ ᠠᠬᠢᠭᠤᠯᠪᠠ
ᠨᠡᠶ᠋ᠢᠲᠡᠯᠡᠭᠰᠡᠨ ᠴᠠᠭ᠄ 2023-09-08

 
      ᠣᠳᠣᠬᠠᠨ᠎ᠳᠤ ᠰᠢᠯᠢ ᠵᠢᠨ ᠭᠣᠤᠯ ᠠᠶ᠋ᠢᠮᠠᠭ᠎ᠤᠨ ᠬᠣᠶ᠋ᠢᠲᠤ ᠬᠡᠰᠡᠭ᠎ᠤᠨ ᠬᠢᠯᠢ ᠬᠢᠵᠠᠭ᠋ᠠᠷ ᠣᠷᠣᠨ ᠨᠢᠭᠡᠨᠲᠡ ᠰᠢᠷᠭ᠋ᠠᠯᠳᠤᠵᠤ᠂ ᠨᠠᠮᠤᠷ᠎ᠤᠨ ᠦᠩᠭᠡ ᠭᠦᠨ ᠪᠤᠯᠤᠯ᠎ᠠ᠃ ᠡᠭᠦᠨ᠎ᠤ ᠵᠡᠷᠭᠡ᠎ᠪᠠᠷ ᠭᠠᠯ᠎ᠤᠨ ᠠᠶᠤᠯ  ᠣᠯᠠᠨ ᠬᠤᠭᠤᠴᠠᠭ᠋ᠠᠨ᠎ᠳᠤ ᠤᠷᠤᠭᠰᠠᠨ ᠪᠠᠢ᠌ᠨ᠎ᠠ᠃ ᠬᠢᠯᠢ ᠵᠢᠨ ᠱᠤᠭᠤᠮ᠎ᠤᠨ ᠰᠢᠲᠠᠮᠠᠬᠠᠶ ᠪᠣᠳᠠᠰ ᠨᠡᠮᠡᠭᠳᠡᠵᠦ᠂ ᠭᠠᠯ᠎ᠤᠨ ᠠᠶᠤᠯ᠎ᠤᠨ ᠲᠦᠭᠰᠢᠭᠦᠷᠢ ᠵᠢᠨ ᠵᠢᠭ᠋ᠠᠯᠲᠠ ᠲᠣᠭ᠎ᠠ ᠳᠡᠭᠡᠭᠰᠢᠯᠡᠵᠦ ᠪᠠᠶ᠋ᠢᠨ᠎ᠠ᠃ ᠬᠢᠯᠢ ᠵᠢᠨ ᠭᠠᠳᠠᠨᠠᠬᠢ ᠲᠦᠢ᠍ᠮᠡᠷ᠎ᠠᠴᠠ ᠪᠣᠯᠵᠤ ᠡᠭᠦᠰᠦᠭᠰᠡᠨ ᠣᠨᠴᠠ ᠶᠡᠬᠡ ᠣᠶ ᠰᠢᠭᠤᠶ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠢ᠌ᠯᠡᠵᠦ᠂ ᠬᠢᠯᠢ ᠬᠢᠵᠠᠭ᠋ᠠᠷ᠎ᠤᠨ ᠠᠷᠠᠳ ᠲᠦᠮᠡᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠠ ᠨᠤᠲᠤᠭ ᠪᠡᠯᠴᠢᠭᠡᠷ᠎ᠤᠨ ᠠᠮᠢ ᠠᠬᠤᠶ ᠵᠢᠨ ᠠᠮᠤᠷ ᠲᠦᠪᠰᠢᠨ᠎ᠢ ᠬᠣᠬᠢᠷᠠᠯ᠎ᠳᠤ ᠤᠴᠠᠷᠠᠭᠤᠯᠬᠤ ᠦᠭᠡᠶ ᠵᠢᠨ ᠲᠥᠯᠥᠭᠡ ᠰᠢᠯᠢ ᠵᠢᠨ ᠭᠣᠣᠯ ᠠᠶ᠋ᠢᠮᠠᠭ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠤᠯᠤᠰ᠎ᠤᠨ ᠲᠥᠪ᠎ᠤᠨ ᠲᠥᠰᠦᠪ᠎ᠤᠨ ᠪᠡᠯᠡ ᠣᠷᠣᠭᠤᠯᠤᠯᠲᠠ ᠵᠢ ᠭᠦᠢ᠍ᠴᠡᠳ ᠠᠰᠢᠭᠯᠠᠵᠤ᠂ ᠠᠪᠠᠭ᠎ᠠ ᠬᠣᠰᠢᠭᠤ ᠪᠣᠯᠤᠨ ᠵᠡᠭᠦᠨ ᠦᠵᠦᠮᠦᠴᠢᠨ ᠬᠣᠰᠢᠭᠤᠨ᠎ᠤ ᠭᠠᠯ ᠰᠡᠷᠭᠡᠶ᠋ᠢᠯᠡᠬᠦ ᠬᠦᠴᠦᠨ᠎ᠢ ᠢᠳᠡᠪᠬᠢᠲᠡᠶ᠎ᠪᠠᠷ ᠵᠣᠬᠢᠶᠠᠨ ᠪᠠᠶ᠋ᠢᠭᠤᠯᠵᠤ᠂ 8  ᠰᠠᠷ᠎ᠠ᠎ᠠᠴᠠ ᠡᠬᠢᠯᠡᠨ ᠥᠨᠳᠥᠷ ᠪᠠᠷᠢᠮᠵᠢᠶᠠᠲᠤ ᠬᠢᠯᠢ ᠵᠢᠨ ᠭᠠᠯ ᠰᠡᠷᠭᠡᠶ᠋ᠢᠯᠡᠬᠦ ᠲᠤᠰᠠᠭ᠋ᠠᠷᠯᠠᠬᠤ ᠪᠦᠰᠡ ᠵᠢ  ᠪᠠᠢ᠌ᠭᠤᠯᠵᠤ᠂ ᠡᠭᠦᠨ᠎ᠳᠤ ᠠᠪᠠᠭ᠎ᠠ ᠬᠣᠰᠢᠭᠤ 215 ᠺᠢᠯᠣᠮᠧᠲᠷ᠂ ᠵᠡᠭᠦᠨ ᠦᠵᠦᠮᠦᠴᠢᠨ ᠬᠣᠰᠢᠭᠤ 625 ᠺᠢᠯᠣᠮᠧᠲᠷ ᠪᠠᠢ᠌ᠭᠤᠯᠤᠨ᠎ᠠ᠃ ᠣᠲᠣ ᠪᠣᠯᠲᠠᠯ᠎ᠠ ᠠᠪᠠᠭ᠎ᠠ ᠬᠣᠰᠢᠭᠤ ᠨᠢᠭᠡᠨᠲᠡ 85 ᠺᠢᠯᠣᠮᠧᠲᠷ ᠪᠠᠶ᠋ᠢᠭᠤᠯᠵᠤ᠂ ᠵᠡᠭᠦᠨ ᠦᠵᠦᠮᠦᠴᠢᠨ ᠬᠣᠰᠢᠭᠤ ᠨᠢᠭᠡᠨᠲᠡ 190 ᠺᠢᠯᠣᠮᠧᠲᠷ ᠪᠠᠢ᠌ᠭᠤᠯᠤᠭᠰᠠᠨ ᠪᠠᠢ᠌ᠨ᠎ᠠ᠃ ᠪᠠᠷᠢᠯᠭ᠎ᠠ ᠵᠢᠨ ᠠᠬᠢᠴᠠ ᠤᠷᠤᠭᠰᠢᠲᠠᠶ ᠪᠠᠶ᠋ᠢᠵᠤ᠂ ᠵᠢᠱ᠌ᠢᠯᠲᠡ᠎ᠪᠠᠷ 9 ᠰᠠᠷ᠎ᠠ ᠵᠢᠨ ᠰᠡᠭᠦᠯᠴᠢ᠎ᠪᠠᠷ ᠪᠠᠢ᠌ᠭᠤᠯᠵᠤ ᠳᠠᠭᠤᠰᠬᠠᠨ᠎ᠠ᠃
       ᠠᠪᠠᠭ᠎ᠠ ᠬᠣᠰᠢᠭᠤ ᠪᠣᠯᠤᠨ ᠵᠡᠭᠦᠨ ᠦᠵᠦᠮᠦᠴᠢᠨ ᠬᠣᠰᠢᠭᠤᠨ᠎ᠤ ᠬᠢᠯᠢ ᠵᠢᠨ ᠬᠣᠰᠢᠭᠤ ᠰᠢᠶᠠᠨ 5 ᠰᠠᠷ᠎ᠠ ᠵᠢᠨ ᠡᠬᠢ᠎ᠪᠠᠷ ᠡᠯ᠎ᠡ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠪᠡᠯᠡᠳᠬᠡᠯ ᠠᠵᠢᠯ᠎ᠢ ᠡᠮᠬᠢ ᠵᠢᠷᠤᠮ᠎ᠲᠠᠢ ᠥᠷᠨᠢᠭᠦᠯᠵᠦ᠂ ᠬᠣᠶᠠᠷ ᠰᠠᠷ᠎ᠠ ᠵᠢᠨ ᠴᠠᠭ᠎ᠢ ᠬᠡᠷᠡᠭᠯᠡᠵᠦ ᠪᠠᠶ᠋ᠢᠭ᠋ᠠᠳ ᠠᠰᠠᠭᠤᠳᠠᠯ᠎ᠢ ᠪᠠᠶ᠋ᠢᠴᠠᠭ᠋ᠠᠨ ᠵᠠᠰᠠᠵᠤ᠂ ᠰᠡᠯᠪᠢᠨ ᠬᠠᠮᠠᠭ᠋ᠠᠯᠠᠭᠰᠠᠨ ᠪᠠᠶ᠋ᠢᠨ᠎ᠠ᠃ ᠡᠭᠦᠨ᠎ᠤ ᠬᠠᠮᠲᠤ ᠪᠣᠶ ᠪᠥᠬᠥᠶ ᠮᠠᠰᠢᠨᠴᠢᠯᠠᠭᠰᠠᠨ ᠠᠵᠢᠯᠲᠠᠨ᠎ᠳᠤ ᠪᠡᠶ᠎ᠡ ᠮᠠᠬᠠᠪᠤᠳ᠎ᠤᠨ ᠭᠡᠨᠡᠳᠲᠡ ᠵᠢᠨ ᠠᠶᠤᠯ᠎ᠤᠨ ᠳᠠᠭ᠋ᠠᠳᠬᠠᠯ ᠬᠤᠳᠠᠯᠳᠤᠨ ᠠᠪᠴᠤ ᠥᠭᠴᠡᠶ᠃ 8 ᠰᠠᠷ᠎ᠠ ᠵᠢᠨ ᠳᠤᠮᠳᠠᠴᠢ᠎ᠪᠠᠷ᠂ ᠬᠣᠶᠠᠷ ᠬᠣᠰᠢᠭᠤ ᠤᠷᠢᠳ ᠬᠣᠵᠢᠳ ᠳᠤᠮᠳᠠᠳᠤ ᠮᠣᠩᠭᠣᠯ᠎ᠤᠨ ᠬᠢᠯᠢ ᠬᠢᠵᠠᠭ᠋ᠠᠷ᠎ᠤᠨ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠲᠤᠰᠠᠭ᠋ᠠᠷᠯᠠᠬᠤ ᠪᠦᠰᠡ ᠵᠢᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠤᠨ ᠡᠬᠢᠯᠡᠯᠲᠡ ᠵᠢᠨ ᠶᠣᠰᠣᠯᠠᠯ ᠶᠠᠪᠤᠭᠤᠯᠵᠤ᠂  ᠣᠲᠣ ᠪᠣᠯᠲᠠᠯ᠎ᠠ ᠨᠡᠶ᠋ᠢᠲᠡ 69 ᠠᠵᠢᠯᠲᠠᠨ᠂ ᠡᠯ᠎ᠡ ᠵᠦᠢ᠍ᠯ᠎ᠤᠨ ᠠᠵᠢᠯᠯᠠᠭ᠋ᠠᠨ᠎ᠤ ᠲᠡᠷᠭᠡ 54 ᠵᠢ  ᠲᠤᠬᠠᠢ ᠵᠢᠨ ᠲᠠᠯᠠᠪᠤᠷ᠎ᠲᠤ ᠠᠵᠢᠯᠯᠠᠭᠰᠠᠨ ᠪᠠᠢ᠌ᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠬᠥᠯᠥᠨ ᠪᠣᠶ᠋ᠢᠷ ᠬᠣᠲᠠ ᠵᠢᠨ 《ᠭᠤᠷᠪᠠᠨ ᠤᠮᠠᠷᠠᠲᠤ》 ᠵᠢᠨ ᠵᠢᠷᠭᠤᠳᠤᠭ᠋ᠠᠷ ᠬᠤᠭᠤᠴᠠᠭ᠋ᠠᠨ᠎ᠤ ᠬᠤᠪᠢᠶᠠᠷᠢ ᠲᠥᠷᠥᠯ ᠵᠦᠢ᠍ᠯ᠎ᠤᠨ ᠲᠥᠯᠥᠪᠵᠢᠭᠦᠯᠭᠡ ᠵᠢᠴᠢ ᠪᠥᠲᠥᠭᠡᠨ ᠪᠠᠶ᠋ᠢᠭᠤᠯᠤᠯᠲᠠ ᠵᠢᠨ ᠲᠥᠰᠦᠯ᠎ᠢ ᠨᠠᠶ᠋ᠢᠷᠠᠭᠤᠯᠤᠨ ᠵᠣᠬᠢᠶᠠᠭᠰᠠᠨ ᠪᠠᠶ᠋ᠢᠳᠠᠯ᠎ᠤᠨ ᠲᠤᠬᠠᠶ ᠲᠤᠰᠬᠠᠶ ᠰᠡᠳᠦᠪᠲᠦ ᠪᠠᠶ᠋ᠢᠴᠠᠭ᠋ᠠᠨ ᠰᠤᠳᠤᠯᠤᠯᠲᠠ ᠵᠢᠨ ᠬᠤᠷᠠᠯ ᠤᠷᠤᠭᠰᠢᠲᠠᠶ ᠬᠤᠷᠠᠯᠳᠤᠪᠠ
ᠪᠠᠶᠠᠨᠨᠠᠭᠤᠷ ᠬᠤᠲᠠ ᠵᠢᠨ ᠤᠷᠠᠳ᠎ᠤᠨ ᠬᠤᠶ᠋ᠢᠲᠤ ᠬᠤᠰᠢᠭᠤ ᠵᠢᠨ ᠣᠯᠠᠨ ᠵᠦᠢ᠍ᠯ᠎ᠤᠨ ᠲᠤᠷᠰᠢᠯᠲᠠ ᠵᠢᠨ ᠵᠠᠭᠪᠤᠷ᠎ᠨᠢ ᠡᠯᠡᠰᠦ ᠵᠢ ᠰᠢᠨᠵᠢᠯᠡᠬᠦ ᠤᠬᠠᠭ᠋ᠠᠨᠴᠢ᠎ᠪᠠᠷ ᠵᠠᠰᠠᠬᠤ᠎ᠳᠤ ᠵᠦᠶ ᠵᠣᠬᠢᠰᠲᠠᠶ ᠲᠥᠰᠦᠯ ᠬᠠᠩᠭ᠋ᠠᠪᠠ
ᠡᠵᠡᠨ᠎ᠡ ᠵᠢᠨ ᠡᠯᠡᠰᠦᠨ᠎ᠳᠤ ᠨᠣᠮᠢᠨ ᠳᠠᠪᠠᠯᠭ᠋ᠠᠨ ᠬᠠᠶᠠᠯᠠᠨ᠎ᠠ
ᠡᠷᠭᠦᠨ᠎ᠡ ᠬᠤᠳᠠ ᠵᠢᠨ ᠤᠷᠭᠤᠮᠠᠯ᠎ᠤᠨ ᠪᠦᠷᠬᠦᠴᠡ ᠵᠢᠨ ᠨᠤᠷᠮ᠎ᠠ 93%᠎ᠲᠤ ᠬᠦᠷᠪᠠ
ᠤᠯᠠᠭ᠋ᠠᠨᠬᠠᠳᠠ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠤᠯᠤᠰ᠎ᠤᠨ ᠲᠠᠰ᠎ᠤᠨ 《ᠠᠷᠪᠢᠴᠢ ᠭᠠᠮᠳᠠᠢ ᠪᠠᠶ᠋ᠢᠭᠤᠯᠭ᠎ᠠ》 ᠵᠢᠨ ᠴᠣᠯᠠ ᠭᠥᠷᠳᠡᠪᠡ
 
             蒙ICP备05000248号