ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠨᠢᠩᠴᠧᠩ ᠰᠢᠶᠠᠨ ᠡᠪᠦᠯ᠎ᠤᠨ ᠤᠯᠠᠷᠢᠯ᠎ᠤᠨ ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠤᠶᠤᠨᠴᠢ ᠬᠠᠮᠢᠶᠠᠷᠤᠯᠲᠠ ᠵᠢ ᠲᠦᠯᠬᠢᠨ ᠠᠬᠢᠭᠤᠯᠤᠨ᠎ᠠ
ᠨᠡᠶ᠋ᠢᠲᠡᠯᠡᠭᠰᠡᠨ ᠴᠠᠭ᠄ 2024-01-23

      ᠨᠢᠩᠴᠧᠩ ᠰᠢᠶᠠᠨ 《ᠬᠢᠨᠠᠨ ᠬᠡᠮᠵᠢᠬᠦ ᠲᠠᠪᠴᠠᠩ + ᠣᠶ ᠰᠢᠭᠤᠢ ᠵᠢᠨ ᠭᠠᠯ ᠲᠦᠢ᠍ᠮᠡᠷ᠎ᠤᠨ ᠰᠢᠰᠲ᠋ᠧᠮ᠎ᠤᠨ ᠤᠷᠢᠳᠴᠢᠯᠠᠨ ᠰᠡᠷᠡᠮᠵᠢᠯᠡᠭᠦᠯᠬᠦ + ᠣᠶ ᠰᠢᠭᠤᠢ ᠵᠢᠨ ᠳᠠᠷᠤᠭ᠎ᠠ + ᠣᠶ ᠬᠠᠮᠠᠭ᠋ᠠᠯᠠᠭᠴᠢ》 ᠵᠢᠨ ᠣᠶ ᠰᠢᠭᠤᠢ ᠵᠢ ᠬᠠᠮᠠᠭ᠋ᠠᠯᠠᠨ ᠭᠠᠯ ᠰᠡᠷᠭᠡᠶ᠋ᠢᠯᠡᠬᠦ ᠰᠢᠨ᠎ᠡ ᠵᠠᠭᠪᠤᠷ᠎ᠢ ᠰᠦᠪᠡᠭᠴᠢᠯᠡᠨ ᠪᠠᠶ᠋ᠢᠭᠤᠯᠵᠤ᠂ ᠳᠠᠭ᠋ᠠᠭᠤᠯᠢ ᠣᠳᠣᠨ᠎ᠤ ᠠᠯᠤᠰ ᠰᠡᠷᠡᠯ᠂ ᠬᠠᠷᠠᠭ᠋ᠠᠨ ᠳᠠᠪᠲᠠᠮᠵᠢ᠎ᠪᠠᠷ ᠬᠢᠨᠠᠨ ᠡᠵᠡᠮᠳᠡᠬᠦ ᠵᠡᠷᠭᠡ ᠮᠡᠷᠭᠡᠵᠢᠯ᠎ᠤᠨ ᠠᠷᠭ᠎ᠠ ᠪᠠᠷᠢᠯ᠎ᠢ ᠠᠰᠢᠭᠯᠠᠨ᠂ ᠣᠶ ᠰᠢᠭᠤᠢ ᠵᠢᠨ ᠭᠠᠯ ᠲᠦᠢ᠍ᠮᠡᠷ᠎ᠤᠨ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠬᠢᠭᠡᠳ ᠣᠶᠤᠨᠴᠢ ᠬᠢᠨᠠᠨ ᠬᠡᠮᠵᠢᠬᠦ ᠲᠠᠪᠴᠠᠩ᠎ᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠠᠬᠢᠭᠤᠯᠵᠤ᠂ ᠲᠣᠥᠷᠵᠢᠭᠤᠯᠤᠯᠲᠠ᠎ᠪᠠᠷ ᠭᠠᠷᠳᠠᠬᠤ ᠴᠡᠭ ᠪᠣᠯᠭ᠋ᠠᠨ᠂ ᠥᠨᠳᠥᠷ ᠣᠭᠲᠠᠷᠭᠤᠢ ᠵᠢᠨ ᠥᠷᠲᠡᠭᠡᠨ᠎ᠤ ᠬᠠᠶᠢᠭ᠎ᠤᠨ ᠡᠬᠢ ᠪᠠᠶᠠᠯᠢᠭ ᠪᠠ ᠥᠨᠳᠥᠷ ᠣᠭᠲᠠᠷᠭᠤᠢ ᠵᠢᠨ ᠪᠠᠷᠠᠯᠠᠬᠤ ᠲᠥᠬᠦᠭᠡᠷᠦᠮᠵᠢ ᠵᠢ ᠠᠰᠢᠭᠯᠠᠨ᠂ GIS᠎ᠤᠨ ᠭᠠᠵᠠᠷ᠎ᠤᠨ ᠵᠢᠷᠤᠭ᠂ ᠭᠠᠯ ᠲᠦᠢ᠍ᠮᠡᠷ᠎ᠤᠨ ᠪᠠᠶ᠋ᠢᠳᠠᠯ᠎ᠤᠨ ᠲᠤᠭ᠎ᠠ ᠪᠠᠷᠢᠮᠲᠠ ᠵᠢᠨ ᠬᠠᠮᠢᠶᠠᠷᠤᠯᠲᠠ ᠵᠢᠴᠢ ᠰᠢᠢ᠍ᠳᠪᠦᠷᠢᠲᠦ ᠪᠣᠳᠣᠯᠭ᠎ᠠ ᠵᠢᠨ ᠵᠢᠯᠣᠭᠤᠳᠤᠯᠭ᠎ᠠ ᠵᠡᠷᠭᠡ ᠬᠡᠰᠡᠭ᠎ᠲᠠᠢ ᠬᠠᠮᠵᠢᠯᠴᠠᠨ᠂ ᠣᠶᠤᠨᠴᠢᠯᠠᠭᠰᠠᠨ ᠬᠢᠨᠠᠨ ᠡᠵᠡᠮᠳᠡᠬᠦ ᠰᠢᠰᠲ᠋ᠧᠮᠵᠢ ᠵᠢ ᠪᠠᠶ᠋ᠢᠭᠤᠯᠵᠤ᠂ 24 ᠴᠠᠭ᠎ᠲᠤ 360 ᠭ᠋ᠷᠡᠳᠦ᠋ᠰ ᠲᠤᠬᠠᠢ ᠵᠢᠨ ᠴᠠᠭ᠎ᠤᠨ ᠪᠣᠳᠠᠲᠤ ᠦᠵᠡᠮᠵᠢ᠎ᠪᠠᠷ ᠬᠢᠨᠠᠨ ᠡᠵᠡᠮᠳᠡᠬᠦ ᠵᠢ ᠪᠡᠶᠡᠯᠡᠭᠦᠯᠦᠨ᠎ᠡ᠃ ᠡᠭᠦᠨ᠎ᠤ ᠬᠠᠮᠲᠤ᠂ ᠢᠯᠴᠢ ᠵᠢᠨ ᠳᠦᠷᠰᠦ ᠪᠦᠲᠦᠭᠡᠯᠲᠡ ᠵᠢ ᠬᠠᠶ᠋ᠢᠨ ᠬᠡᠮᠵᠢᠬᠦ ᠮᠡᠷᠭᠡᠵᠢᠯ ᠬᠢᠭᠡᠳ Al ᠣᠶᠤᠨᠲᠤ ᠬᠤᠸᠠᠷ ᠫᠤᠤᠵᠢᠩ᠎ᠢ ᠵᠠᠳᠠᠯᠤᠨ ᠢᠯᠭ᠋ᠠᠨ ᠲᠠᠨᠢᠬᠤ ᠠᠷᠭ᠎ᠠ ᠪᠠᠷᠢᠯ᠎ᠢ ᠠᠰᠢᠭᠯᠠᠨ᠂ ᠰᠢᠰᠲ᠋ᠧᠮ᠎ᠢ ᠲᠣᠬᠢᠷᠠᠭᠤᠯᠤᠨ ᠭᠠᠯ᠎ᠤᠨ ᠪᠠᠶ᠋ᠢᠳᠠᠯ᠎ᠢ ᠠᠦ᠋ᠲ᠋ᠣ᠋ ᠢᠯᠭ᠋ᠠᠨ ᠲᠠᠨᠢᠵᠤ᠂ ᠠᠦ᠋ᠲ᠋ᠣ᠋ ᠴᠠᠭ ᠲᠤᠬᠠᠢ᠎ᠳᠤᠨᠢ ᠤᠷᠢᠳᠴᠢᠯᠠᠨ ᠰᠡᠷᠡᠮᠵᠢᠯᠡᠭᠦᠯᠵᠦ᠂ ᠭᠠᠯ᠎ᠤᠨ ᠪᠠᠶ᠋ᠢᠳᠠᠯ ᠡᠭᠦᠰᠪᠡᠯ᠂ ᠣᠶ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠯᠲᠡ ᠵᠢᠨ ᠵᠢᠯᠤᠭᠤᠳᠬᠤ ᠲᠥᠪ᠎ᠠᠴᠠ ᠭᠠᠯ᠎ᠤᠨ ᠢᠷᠡᠯᠲᠡ ᠵᠢ ᠦᠳᠲᠡᠷ ᠲᠦᠷᠭᠡᠨ ᠲᠣᠭᠲᠠᠭ᠋ᠠᠬᠤ ᠵᠢ ᠦᠨᠡᠨᠬᠦ ᠪᠠᠲᠤᠯᠠᠨ᠎ᠠ᠃ 2023 ᠣᠨ᠎ᠳᠤ᠂ 491 ᠲᠦᠮᠡᠨ ᠲᠥᠭᠦᠷᠢᠭ᠎ᠤᠨ ᠲᠤᠰᠬᠠᠢ ᠪᠡᠯᠡ ᠮᠥᠩᠭᠦ ᠣᠷᠣᠭᠤᠯᠵᠤ᠂ ᠣᠶ ᠰᠢᠭᠤᠢ ᠵᠢᠨ ᠲᠦᠢ᠍ᠮᠡᠷ᠎ᠤᠨ ᠬᠠᠷᠠᠭ᠋ᠠᠨ ᠳᠠᠪᠲᠠᠮᠵᠢ᠎ᠪᠠᠷ ᠬᠢᠨᠠᠨ ᠡᠵᠡᠮᠳᠡᠬᠦ ᠰᠢᠰᠲ᠋ᠧᠮ᠎ᠢ 6 ᠢᠵᠢ᠂ ᠲᠣᠮᠣ ᠬᠡᠯᠪᠡᠷᠢ ᠵᠢᠨ ᠴᠢᠭ᠋ ᠲᠣᠭᠲᠠᠭ᠋ᠠᠭᠰᠠᠨ ᠰᠡᠭᠦᠳᠡᠷᠯᠡᠬᠦ ᠮᠠᠰᠢᠨ᠎ᠢ 6 ᠪᠠᠶ᠋ᠢᠭᠤᠯᠵᠤ᠂ ᠪᠥᠬᠦ ᠣᠷᠣᠨ ᠪᠦᠰᠡ ᠵᠢᠨ ᠳᠣᠲᠣᠷᠠᠬᠢ ᠭᠤᠣᠯᠳᠠᠯᠭ᠎ᠠ᠎ᠲᠠᠢ ᠣᠶ ᠰᠢᠭᠤᠢ ᠵᠢᠨ ᠭᠠᠯ ᠰᠡᠷᠭᠡᠶ᠋ᠢᠯᠡᠯᠲᠡ ᠵᠢᠨ ᠬᠢᠨᠠᠨ ᠡᠵᠡᠮᠳᠡᠬᠦ ᠭᠠᠵᠠᠷ ᠳᠡᠭᠡᠷᠡᠬᠢ ᠲᠣᠭᠤᠷᠢᠨ ᠬᠠᠮᠠᠭ᠋ᠠᠯᠠᠯᠲᠠ ᠵᠢ 100%᠎ᠪᠠᠷ ᠪᠡᠶᠡᠯᠡᠭᠦᠯᠵᠦ᠂ ᠣᠶ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠯᠲᠡ ᠵᠢᠨ 《ᠬᠥᠮᠥᠨ ᠵᠶ᠋ᠠᠷ ᠰᠡᠷᠭᠡᠶ᠋ᠢᠯᠡᠬᠦ》᠎ᠠᠴᠠ 《ᠮᠡᠷᠭᠡᠵᠢᠯ ᠵᠶ᠋ᠠᠷ ᠰᠡᠷᠭᠡᠶ᠋ᠢᠯᠡᠬᠦ᠂ ᠣᠶᠤᠨ ᠵᠶ᠋ᠠᠷ ᠰᠡᠷᠭᠡᠶ᠋ᠢᠯᠡᠬᠦ》 ᠬᠦᠷᠲᠡᠯ᠎ᠡ ᠲᠦᠯᠬᠢᠨ ᠠᠬᠢᠭᠤᠯᠤᠨ᠎ᠠ᠃

ᠢᠷᠡᠯᠲᠡ᠄ ᠨᠢᠩᠴᠧᠩ ᠰᠢᠶᠠᠨ᠎ᠤ ᠠᠷᠠᠳ᠎ᠤᠨ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
ᠠᠤᠬᠠᠨ ᠬᠤᠰᠢᠭᠤᠨ᠎ᠤ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠶᠡᠭᠡ ᠠᠩᠭᠢ ᠬᠠᠷᠢᠶᠠᠲᠤ ᠣᠷᠣᠨ᠎ᠤ ᠵᠣᠴᠢᠳ᠎ᠤᠨ ᠪᠠᠭᠤᠳᠠᠯ᠎ᠳᠤ ᠭᠦᠨᠵᠡᠭᠡᠶ᠋ᠢᠷᠡᠨ ᠭᠠᠯ ᠤᠨᠲᠠᠷᠠᠭ᠋ᠠᠬᠤ ᠠᠮᠤᠷ ᠲᠦᠪᠰᠢᠨ᠎ᠤ ᠪᠠᠶ᠋ᠢᠴᠠᠭ᠋ᠠᠯᠲᠠ ᠥᠷᠨᠢᠭᠦᠯᠪᠡ
ᠠᠯᠠᠱ᠌ᠠ ᠠᠶ᠋ᠢᠮᠠᠭ᠎ᠤᠨ ᠪᠠᠷᠠᠭᠤᠨ ᠬᠡᠰᠡᠭ᠎ᠤᠨ ᠡᠯᠡᠰᠦᠨ ᠴᠥᠯ᠎ᠢ ᠶᠡᠷᠦᠩᠬᠡᠶ᠋ᠢᠯᠡᠨ ᠵᠠᠰᠠᠬᠤ ᠲᠦᠷᠦᠯ ᠵᠦᠢ᠍ᠯ (ᠬᠣᠶᠠᠳᠤᠭ᠋ᠠᠷ ᠬᠤᠭᠤᠴᠠᠭ᠎ᠠ)᠎ᠤᠨ ᠪᠥᠲᠥᠭᠡᠨ ᠪᠠᠶ᠋ᠢᠭᠤᠯᠤᠯᠲᠠ ᠵᠢ ᠨᠠᠶ᠋ᠢᠳᠠᠪᠤᠷᠢᠵᠢᠭᠤᠯᠤᠨ ᠬᠡᠷᠡᠭᠵᠢᠭᠦᠯᠬᠦ ᠵᠢ ᠢᠳᠡᠪᠬᠢᠲᠡᠶ ᠠᠬᠢᠭᠤᠯᠵᠤ ᠪᠤᠢ
ᠤᠷᠳᠤᠰ ᠬᠤᠳᠠ ᠵᠢᠨ ᠤᠳᠤᠭ᠎ᠤᠨ ᠡᠮᠦᠨᠡᠲᠦ ᠬᠤᠰᠢᠭᠤᠨ᠎ᠤ ᠤᠯᠵᠠᠴᠢ ᠪᠠᠯᠭ᠋ᠠᠰᠤ᠎ᠠᠴᠠ ᠬᠤᠢ᠌ᠰᠢ 2.5 ᠺᠢᠯᠦᠮᠧᠲᠷ᠎ᠤᠨ ᠵᠠᠢ᠎ᠳᠤ ᠪᠠᠢ᠌ᠷᠢᠯᠠᠬᠤ ᠨᠠᠭᠤᠷ᠎ᠲᠤ 1000 ᠭᠠᠷᠤᠢ ᠨᠡᠭᠦᠳᠡᠯ᠎ᠤᠨ ᠰᠢᠪᠠᠭᠤᠳ ᠢᠷᠡᠵᠦ ᠡᠪᠦᠯᠵᠢᠵᠡᠢ
ᠡᠷᠢᠶᠡᠨ ᠬᠣᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ 《ᠴᠠᠭ᠋ᠠᠨ ᠰᠠᠷ᠎ᠠ ᠵᠢ ᠪᠢ ᠠᠵᠢᠯ᠎ᠤᠨ ᠪᠠᠶ᠋ᠢᠷᠢ᠎ᠳᠠᠭᠠᠨ ᠦᠩᠭᠡᠷᠡᠭᠦᠯᠬᠦ》 ᠠᠵᠢᠯᠯᠠᠭ᠎ᠠ ᠥᠷᠨᠢᠭᠦᠯᠪᠡ
ᠥᠪᠥᠷ ᠮᠣᠩᠭᠣᠯ᠎ᠤᠨ ᠰᠢᠪᠡᠭᠡ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ
 
             蒙ICP备05000248号