ᠠᠯᠠᠱ᠌ᠠ ᠠᠶ᠋ᠢᠮᠠᠭ ᠭᠤᠣᠯᠳᠠᠯᠭ᠋ᠠᠲᠦ ᠣᠷᠣᠨ ᠪᠦᠰᠡ ᠵᠢᠨ ᠤᠢ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠶ᠋ᠢᠯᠡᠬᠦ ᠵᠠᠮ᠎ᠤᠨ ᠪᠦᠳᠦᠬᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠤᠨ ᠶᠡᠷᠦᠩᠬᠡᠢ ᠬᠡᠮᠵᠢᠶ᠎ᠡ ᠵᠢᠨ 90% ᠵᠢ ᠪᠡᠶᠡᠯᠡᠭᠦᠯᠵᠦ᠂ 80% ᠵᠢᠨ ᠪᠡᠯᠡ ᠤᠷᠤᠭᠤᠯᠤᠯᠳᠠ ᠵᠢ ᠪᠡᠶᠡᠯᠡᠭᠦᠯᠤᠨ᠂ ᠪᠡᠯᠡ ᠮᠥᠩᠭᠦ ᠪᠠᠭᠤᠯᠭ᠋ᠠᠬᠤ ᠨᠤᠷᠮ᠎ᠠ 73% ᠵᠢ ᠳᠠᠪᠠᠵᠠᠢ᠃ ᠡᠭᠦᠨ᠎ᠳᠤ ᠨᠢᠭᠡᠳᠦᠭᠡᠷ ᠪᠠᠷᠢᠮᠵᠢᠶᠠᠲᠤ ᠬᠡᠰᠡᠭ᠂ ᠭᠤᠷᠪᠠᠳᠤᠭ᠋ᠠᠷ ᠪᠠᠷᠢᠮᠵᠢᠶᠠᠲᠤ ᠬᠡᠰᠡᠭ ᠪᠠ ᠲᠠᠪᠤᠳᠤᠭ᠋ᠠᠷ ᠪᠠᠷᠢᠮᠵᠢᠶᠠᠲᠤ ᠬᠡᠰᠡᠭ᠎ᠤᠨ ᠭᠤᠤᠯ ᠱᠤᠭᠤᠮ᠎ᠳᠤ ᠪᠠᠷᠤᠭᠰᠢᠨ ᠳᠡᠪᠢᠰᠭᠦ ᠠᠵᠢᠯ ᠨᠢᠭᠡᠨᠲᠡ ᠳᠠᠭᠤᠰᠤᠨ᠂ ᠪᠥᠬᠦ ᠣᠷᠳᠣᠨ᠎ᠢ 59 ᠺᠢᠯᠤᠮᠸᠲᠷ᠎ᠲᠤ ᠬᠦᠷᠴᠦ᠂ ᠲᠡᠷᠭᠡ ᠨᠡᠪᠲᠡᠷᠡᠬᠦ ᠨᠥᠬᠦᠴᠡᠯ᠎ᠢ ᠨᠢᠭᠡᠨᠲᠡ ᠪᠦᠷᠢᠯᠳᠦᠭᠦᠯᠦᠭᠰᠡᠨ ᠪᠠᠶ᠋ᠢᠨ᠎ᠠ᠃ ᠪᠦᠬᠦ ᠠᠶ᠋ᠢᠮᠠᠭ᠎ᠤᠨ ᠭᠤᠣᠯᠳᠠᠯᠭ᠋ᠠᠲᠦ ᠣᠷᠣᠨ ᠪᠦᠰᠡ ᠵᠢᠨ ᠣᠶ ᠰᠢᠭᠤᠶ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠶ᠋ᠢᠯᠡᠬᠦ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠪᠣᠯ ᠤᠯᠤᠰ᠎ᠤᠨ ᠵᠢᠭᠡᠯᠡᠯᠭᠡ ᠵᠢᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ ᠪᠣᠯᠤᠨ᠎ᠠ᠃ ᠮᠠᠨ᠎ᠤ ᠠᠶ᠋ᠢᠮᠠᠭ᠎ᠤᠨ ᠬᠠᠷᠢᠶᠠᠨ᠎ᠳᠠᠬᠢ ᠥᠪᠥᠷ ᠮᠣᠩᠭᠤᠯ᠎ᠤᠨ ᠠᠯᠠᠱ᠌ᠠ ᠠᠭᠤᠯᠠ ᠵᠢᠨ ᠤᠯᠤᠰ᠎ᠤᠨ ᠳᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠣᠪᠴᠢᠶ᠎ᠠ ᠪᠣᠯᠤᠨ ᠡᠵᠡᠨ᠎ᠡ ᠬᠤᠰᠢᠭᠤᠨ᠎ᠤ ᠰᠠᠶ᠋ᠢᠬᠠᠨᠲᠤᠤᠷᠡᠢ ᠰᠤᠮᠤᠨ᠎ᠤ ᠰᠠᠶ᠋ᠢᠬᠠᠨᠲᠤᠤᠷᠡᠢ ᠭᠠᠴᠠᠭ᠋ᠠᠨ᠎ᠤ ᠭᠤᠣᠯᠳᠠᠯᠭ᠋ᠠᠲᠦ ᠣᠶ ᠰᠢᠭᠤᠶ ᠨᠤᠲᠤᠭ ᠪᠡᠯᠴᠢᠭᠡᠷ᠎ᠤᠨ ᠪᠦᠷᠬᠦᠴᠡ ᠨᠢᠠᠠᠳᠠ᠂ ᠰᠢᠲᠠᠮᠠᠬᠠᠶ ᠪᠣᠳᠠᠰ ᠠᠷᠪᠢᠨ᠂ ᠭᠠᠯ᠎ᠤᠨ ᠭᠠᠮᠰᠢᠭ᠎ᠤᠨ ᠳᠠᠯᠳᠠ ᠬᠡᠮ ᠶᠡᠭᠡ ᠵᠡᠷᠬᠡ ᠣᠷᠣᠨ ᠪᠦᠰᠡ ᠵᠢᠨ ᠬᠡᠪᠴᠢᠶᠡᠨ ᠳᠣᠲᠣᠷ᠎ᠠ᠂ ᠭᠠᠯ ᠰᠡᠷᠭᠡᠶ᠋ᠢᠯᠡᠬᠦ ᠵᠠᠮ᠎ᠢ ᠰᠢᠨ᠎ᠡ᠎ᠪᠠᠷ ᠪᠠᠶ᠋ᠢᠭᠤᠯᠬᠤ ᠪᠠ ᠥᠭᠡᠷᠡᠴᠢᠯᠡᠨ ᠪᠠᠶ᠋ᠢᠭᠤᠯᠬᠤ᠎ᠳᠤ ᠨᠡᠶ᠋ᠢᠲᠡ 11579 ᠲᠦᠮᠡᠨ ᠲᠥᠭᠦᠷᠢᠭ᠎ᠤᠨ ᠪᠠᠯᠠ ᠣᠷᠣᠭᠤᠯᠵᠤ᠂ ᠪᠥᠬᠦ ᠣᠷᠳᠣᠨ᠎ᠢ 166.103 ᠺᠢᠯᠤᠮᠸᠲᠷ ᠪᠣᠯᠤᠨ᠎ᠠ᠂ ᠡᠭᠦᠨ᠎ᠳᠤ 132.503 ᠺᠢᠯᠤᠮᠸᠲᠷ᠎ᠤᠨ ᠭᠠᠯ ᠰᠡᠷᠬᠡᠶ᠋ᠢᠯᠡᠬᠦ ᠵᠠᠮ᠎ᠢ ᠰᠢᠨ᠎ᠠ᠎ᠪᠠᠷ ᠪᠠᠶ᠋ᠢᠭᠤᠯᠵᠦ᠂ 33.6 ᠺᠢᠯᠤᠮᠸᠲᠷ ᠵᠠᠮ᠎ᠢ ᠦᠬᠡᠷᠡᠴᠢᠯᠠᠨ ᠲᠡᠰ ᠲᠡᠪᠰᠢᠬᠦᠯᠵᠠᠢ᠃ ᠭᠠᠯ ᠰᠡᠷᠭᠡᠶ᠋ᠢᠯᠡᠬᠦ ᠵᠠᠮ᠎ᠢ ᠠᠰᠢᠭᠯᠠᠯᠲᠠ᠎ᠳᠤ ᠣᠷᠣᠭᠤᠯᠤᠭᠰᠠᠨ᠎ᠤ ᠲᠠᠷᠠᠭ᠎ᠠ᠂ ᠭᠠᠯ ᠤᠨᠲᠠᠷᠠᠭ᠋ᠠᠬᠤ ᠲᠡᠷᠭᠡ ᠮᠠᠰᠢᠨ᠂ ᠬᠥᠮᠦᠨ ᠪᠣᠯᠤᠨ ᠡᠳ᠋ ᠪᠣᠳᠠᠰ ᠭᠠᠯ ᠭᠠᠷᠤᠭᠰᠠᠨ ᠲᠤᠬᠠᠶ ᠵᠢᠨ ᠭᠠᠵᠠᠷ᠎ᠲᠤ ᠦᠳᠲᠡᠷ ᠲᠦᠷᠭᠡᠨ ᠬᠦᠷᠴᠦ᠂ ᠰᠢᠭᠤᠶ᠋ᠢᠲᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠤᠷᠳᠤᠴᠠ ᠪᠣᠯᠤᠨ ᠭᠠᠯ ᠤᠨᠲᠠᠷᠠᠭ᠋ᠠᠬᠤ ᠦᠷ᠎ᠡ ᠪᠦᠲᠦᠮᠵᠢ ᠵᠢ ᠶᠡᠭᠡ᠎ᠪᠠᠷ ᠳᠡᠭᠡᠭᠰᠢᠯᠡᠭᠦᠯᠵᠦ᠂ ᠤᠢ ᠰᠢᠭᠤᠶ ᠵᠢᠨ ᠡᠬᠢ ᠪᠠᠶᠠᠯᠢᠭ ᠪᠣᠯᠤᠨ ᠠᠮᠢ ᠠᠬᠤᠶ ᠣᠷᠴᠢᠨ ᠲᠣᠭᠤᠷᠢᠨ᠎ᠢ ᠨᠡᠩ ᠰᠠᠶ᠋ᠢᠲᠤᠷ ᠬᠠᠮᠠᠭ᠋ᠠᠯᠠᠬᠤ ᠪᠣᠯᠤᠨ᠎ᠠ᠃